ᠡᠵᠡᠨ᠎ᠡ ᠤᠯᠠᠭᠠᠨᠮᠥ᠋ᠴᠢᠷ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠣᠨᠠᠮ
ᠨᠡᠶᠢᠲᠡᠯᠡᠭᠰᠡᠨ ᠴᠠᠭ᠄
2024/12/2
    2017 ᠣᠨ ᠤ 11 ᠰᠠᠷ᠎ᠠ ᠶᠢᠨ 2᠎ ᠤᠨ ᠡᠳᠦᠷ᠂ ᠶᠡᠷᠦᠩᠬᠡᠢ ᠱᠦᠵᠢ ᠰᠢ ᠶᠢᠨ ᠫᠢᠩ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ᠂ ᠳᠡᠳᠡᠨᠡᠷ ᠢ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠤᠨ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠬᠡᠨ ᠮᠣᠷᠢᠲᠤ ᠴᠡᠷᠢᠭ︾ ᠪᠣᠯᠬᠤ ᠶᠢ ᠵᠣᠷᠢᠭᠵᠢᠭᠤᠯᠪᠠ᠃ ᠤᠯᠠᠨ ᠵᠢᠯ ᠤᠨ ᠲᠤᠷᠰᠢ᠂ ᠮᠠᠨ ᠤ ᠬᠤᠰᠢᠭᠤᠨ ᠤ ᠤᠯᠠᠭᠠᠨᠮᠥ᠋ᠴᠢᠷ 11.46 ᠲᠦᠮᠡᠨ ᠲᠡᠭᠰᠢ ᠳᠥᠷᠪᠡᠯᠵᠢᠨ ᠺᠢᠯᠤᠮᠧᠲᠷ ᠨᠤᠲᠤᠭ ᠳᠡᠪᠢᠰᠬᠡᠷ ᠳᠡᠭᠡᠷ᠎ᠡ ᠨᠠᠮ ᠪᠣᠯᠤᠨ ᠠᠷᠠᠳ ᠲᠦᠮᠡᠨ ᠤ ᠪᠠᠨ ᠬᠠᠶᠢᠷ᠎ᠠ ᠰᠡᠳᠬᠢᠯᠭᠡ ᠶᠢ ᠡᠪᠦᠷᠯᠡᠨ᠂ ᠦᠨᠳᠦᠰᠦᠨ ᠱᠠᠲᠤᠨ ᠤ ᠦᠩ ᠰᠢᠮᠡᠯᠢᠭ ᠬᠥᠷᠥᠰᠥᠨ ᠳᠤ ᠰᠠᠭᠤᠷᠢᠯᠠᠨ ᠤᠷᠠᠯᠢᠭ ᠤᠨ ᠰᠢᠳᠢ ᠶᠢ ᠭᠠᠶᠢᠬᠠᠭᠤᠯᠵᠤ᠂ ᠮᠠᠯᠴᠢᠳ ᠲᠤ ᠪᠠᠶᠠᠷ ᠪᠠᠭ᠋ᠠᠳᠤᠯ ᠢ ᠬᠦᠷᠭᠡᠨ᠂ ᠣᠯᠠᠭᠠᠨᠮᠥ᠋ᠴᠢᠷ ᠢ ᠵᠣᠷᠢᠭ ᠰᠠᠨᠠᠭ᠎ᠠ ᠶᠢ ᠥᠨᠡᠨᠬᠦ ᠪᠠᠳᠠᠷᠠᠭᠤᠯᠤᠨ᠂ ᠥᠨᠢ ᠡᠭᠦᠷᠢᠳᠡ ᠲᠠᠯ᠎ᠠ ᠨᠤᠲᠤᠭ ᠤᠨ           ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠣᠨᠠᠮ᠃    ᠬᠤᠰᠢᠭᠤᠨ ᠤ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠳᠤ ᠬᠦᠷᠬᠦ ᠳᠤ᠂ ᠣᠯᠠᠭᠠᠨᠮᠦ᠋ᠴᠷ ᠤᠨ ᠲᠣᠭᠯᠠᠭᠴᠢᠳ ᠶᠠᠭ ᠰᠠᠶᠢᠬᠠᠨ ᠥᠪᠡᠷ ᠤᠨ ᠵᠣᠬᠢᠶᠠᠨ ᠪᠦᠳᠦᠭᠡᠭᠰᠡᠨ ᠥᠨᠳᠣᠰᠣᠳᠠᠨ ᠤ ᠳᠠᠭᠤᠯᠠᠯᠳᠤ ᠵᠥᠴᠦᠭᠡ       ︽ᠲᠤᠤᠷᠠᠢ ᠶᠢᠨ ᠳᠠᠭᠤᠯᠠᠯ︾᠎ ᠢ ᠪᠠᠴᠢᠮ ᠪᠥᠭᠡᠳ ᠡᠮᠬᠢ ᠵᠢᠷᠤᠮ ᠲᠠᠢ ᠪᠣᠯᠪᠠᠰᠤᠷᠠᠵᠦ ᠶᠠᠭᠠᠷᠠᠯᠳᠤᠨ᠎ᠠ᠃           ︽ᠲᠤᠤᠷᠠᠢ ᠶᠢᠨ ᠳᠠᠭᠤᠯᠠᠯ︾᠎ ᠨᠢ ᠪᠦᠬᠦ ᠤᠯᠤᠰ ᠤᠨ ᠭᠤᠷᠪᠠᠨ ᠨᠠᠮ ᠤᠨ ᠲᠦᠯᠦᠭᠡᠯᠡᠭᠴᠢ ᠪᠣᠯᠬᠤ ᠨᠠᠨᠰᠯᠠᠮ᠎ᠠ᠂ ᠶᠦᠩᠴᠢᠨᠵᠠᠪ᠂ ᠤᠶᠤᠨᠰᠤᠶᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠪᠠᠶᠠᠵᠢᠭᠰᠠᠨ ᠥᠯᠢᠭᠡᠷ ᠵᠢᠴᠢ ᠲᠡᠳᠡᠨ ᠤ ᠰᠡᠳᠬᠢᠯ ᠤᠨ ᠥᠩᠭᠡᠷᠡᠯᠲᠡ ᠪᠠ ᠰᠢᠨᠲᠠᠷᠠᠰᠢ ᠦᠭᠡᠢ ᠵᠣᠷᠢᠭ ᠰᠠᠨᠠᠭ᠎ᠠ ᠶᠢ ᠲᠣᠭᠠᠴᠢᠨ ᠶᠠᠷᠢᠵᠦ᠂ ᠦᠯᠢᠭᠡᠷ ᠨᠢ ᠪᠠᠭ᠎ᠠ ᠪᠠᠷ ᠶᠡᠭᠡ ᠶᠢ ᠬᠠᠷᠠᠭᠤᠯᠤᠨ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠠᠲᠤ ᠴᠢᠩᠭ᠎ᠠ ᠢᠲᠡᠭᠡᠯ ᠵᠣᠷᠢᠭ ᠢ ᠭᠦᠢᠴᠡᠳ ᠢᠯᠡᠷᠡᠬᠦᠯᠦᠭᠰᠡᠨ ᠰᠢᠯᠢᠳᠡᠭ ᠵᠥᠴᠦᠭᠡ ᠪᠣᠯᠣᠨ᠎ᠠ᠃ ᠲᠤᠰ ᠥᠨᠳᠣᠰᠣᠳᠠᠨ ᠤ ᠳᠠᠭᠤᠯᠠᠯᠳᠤ ᠵᠥᠴᠦᠭᠡ ︽ᠲᠣᠣᠷᠠᠢ ᠶᠢᠨ ᠳᠠᠭᠤᠯᠠᠯ︾᠎ ᠨᠢ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠦᠴᠦᠭᠡ ᠶᠢᠨ ᠦᠵᠡᠭᠦᠯᠦᠯᠭᠡ ᠶᠢᠨ ᠰᠢᠯᠭᠠᠷᠠᠭᠤᠯᠤᠯᠲᠠ ᠳᠤ ᠰᠢᠯᠢᠳᠡᠭ ᠵᠦᠴᠦᠭᠡ ᠪᠠᠷ ᠰᠣᠩᠭᠤᠭᠳᠠᠵᠤ᠂ 11 ᠰᠠᠷ᠎ᠠ ᠶᠢᠨ 30᠎ ᠤ ᠡᠳᠦᠷ ᠠᠴᠠ 12 ᠰᠠᠷ᠎ᠠ ᠶᠢᠨ 1᠎ ᠤ ᠡᠳᠦᠷ ᠬᠦᠷᠲᠡᠯ᠎ᠡ ᠬᠥᠯᠥᠨ ᠪᠤᠶᠢᠷ ᠬᠤᠳᠠ ᠶᠢᠨ ᠶᠡᠭᠡ ᠵᠦᠴᠦᠭᠡ ᠶᠢᠨ ᠬᠦᠷᠢᠶᠡᠯᠡᠩ ᠳᠤ ᠥᠵᠡᠭᠴᠢ ᠳᠥᠮᠡᠨ ᠲᠠᠢ ᠪᠠᠨ ᠵᠣᠯᠭᠠᠬᠤ ᠪᠣᠯᠣᠨ᠎ᠠ᠃    ᠤᠯᠠᠭᠠᠨᠮᠥ᠋ᠴᠢᠷ ᠪᠣᠯ ᠤᠳᠬ᠎ᠠ ᠤᠷᠠᠯᠢᠭ ᠤᠨ ᠹᠷᠣᠨᠲ ᠳᠡᠭᠡᠷᠡᠬᠢ ᠨᠢᠭᠡᠨ ᠲᠤᠭ ᠮᠥᠨ᠃ ᠡᠯᠪᠡᠭ ᠪᠠᠶᠠᠯᠢᠭ ᠤᠳᠬ᠎ᠠ ᠤᠷᠠᠯᠢᠭ ᠤᠨ ᠬᠡᠯᠪᠡᠷᠢ ᠪᠠᠷ ᠡᠵᠡᠨ᠎ᠡ ᠶᠢᠨ ᠲᠠᠯ᠎ᠠ ᠨᠤᠲᠤᠭ ᠤᠨ ᠬᠥᠪᠡᠭᠦᠳ ᠥᠬᠢᠳ ᠤᠨ ᠣᠮᠤᠭ ᠲᠡᠭᠦᠯᠳᠡᠷ ᠢᠶᠠᠷ ᠤᠷᠤᠭᠰᠢᠯᠠᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ ᠪᠠᠶᠢᠳᠠᠭ᠃ ᠡᠨᠡ ᠵᠢᠯ ᠠᠴᠠ ᠨᠠᠭᠠᠰᠢ᠂ ᠮᠠᠨ ᠤ ᠬᠤᠰᠢᠭᠤᠨ ᠤ ᠤᠯᠠᠭᠠᠨᠮᠥ᠋ᠴᠢᠷ ᠨᠠᠩ ᠣᠯᠠᠨ ᠤᠳᠤᠷᠢᠳᠤᠮᠵᠢ ᠵᠥᠪ ᠣᠨᠣᠪᠴᠢᠲᠠᠶ᠂ ᠠᠭᠤᠯᠭ᠎ᠠ ᠰᠢᠨ᠎ᠡ ᠰᠣᠷᠭᠤᠭ᠂ ᠣᠯᠠᠨ ᠲᠦᠮᠡᠨ ᠤ ᠪᠠᠭ᠋ᠠᠷᠬᠠᠯ ᠪᠠ ᠪᠠᠶᠢᠩᠭᠤ ᠶᠢᠨ ᠴᠢᠨᠠᠷᠲᠠᠶ ᠤᠳᠬ᠎ᠠ ᠤᠷᠠᠯᠢᠭ ᠤᠨ ᠰᠣᠳᠣᠨ ᠪᠦᠲᠦᠭᠡᠯ ᠤᠳ ᠢ ᠵᠣᠬᠢᠶᠠᠨ ᠪᠦᠲᠦᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠢᠶᠠᠨ ᠪᠣᠯᠭᠠᠨ᠂  ᠤᠯᠠᠭᠠᠨᠮᠥ᠋ᠴᠢᠷ ᠤᠨ ᠲᠣᠭᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠥᠵᠢᠭ᠂ ᠳᠠᠭᠤᠤ᠂ ᠴᠠᠷᠭᠢᠯ ᠬᠤᠯᠪᠣᠭ᠎ᠠ ᠵᠡᠷᠭᠡ ᠣᠯᠠᠨ ᠬᠡᠯᠪᠡᠷᠢ ᠶᠢᠨ 17 ᠤᠷᠠᠯᠢᠭ ᠤᠨ ᠪᠦᠲᠦᠭᠡᠯ ᠢ ᠢᠳᠡᠪᠬᠢᠲᠡᠶ ᠵᠣᠬᠢᠶᠠᠨ ᠪᠦᠲᠦᠭᠡᠵᠦ᠂ ᠤᠯᠠᠭᠠᠨᠮᠥ᠋ᠴᠢᠷ ᠲᠣᠰᠬᠤᠨ ᠤ ᠠᠶᠠᠯᠠᠯ ᠤᠨ ᠠᠵᠢᠯᠯᠠᠭ᠎ᠠ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠠᠵᠢᠯᠯᠠᠭ᠎ᠠ᠂ ︽ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠢ ᠬᠠᠮᠠᠭᠠᠯᠠᠵᠤ ᠰᠡᠳᠬᠢᠯ ᠨᠢᠭᠡᠳᠦᠨ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ︾᠂ ᠡᠵᠡᠨ᠎ᠡ ᠬᠤᠰᠢᠭᠤᠨ ᠤ ᠦᠨᠳᠦᠰᠦᠨ ᠱᠠᠲᠤᠨ ᠤ ᠲᠣᠭᠤᠷᠢᠨ ᠲᠣᠭᠯᠠᠯᠲᠠ ᠶᠢᠨ ᠠᠵᠢᠯᠯᠠᠭ᠎ᠠ᠂ ᠡᠵᠡᠨ᠎ᠡ ᠬᠤᠰᠢᠭᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ 2024 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠵᠡᠷᠭᠡ ᠡᠯ᠎ᠡ ᠳᠦᠷᠦᠯ ᠤᠨ ᠭᠤᠤᠯ ᠰᠡᠳᠦᠪᠲᠦ ᠲᠣᠭᠯᠠᠯᠲᠠ ᠶᠢᠨ ᠠᠵᠢᠯᠯᠠᠭ᠎ᠠ ᠶᠢ ᠥᠷᠨᠢᠬᠦᠯᠬᠦ ᠪᠠᠷ ᠳᠠᠮᠵᠢᠨ᠂ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠤᠷᠠᠨ ᠰᠠᠶᠢᠬᠠᠨ ᠤ ᠤᠬᠠᠭᠤᠯᠭ᠎ᠠ ᠶᠢᠨ ᠲᠣᠭᠯᠠᠯᠲᠠ ᠶᠢ 135 ᠲᠠᠯᠠᠪᠠᠶ ᠳᠤᠭᠯᠠᠵᠤ᠂ 5.1 ᠭᠠᠷᠤᠶ ᠳᠥᠮᠡᠨ ᠬᠥᠮᠦᠨ ᠤᠳᠠᠭ᠎ᠠ ᠳᠤ ᠠᠰᠢᠭ ᠬᠦᠷᠲᠡᠭᠡᠨ᠂ ᠲᠣᠭᠯᠠᠯᠲᠠ ᠶᠢᠨ ᠶᠡᠷᠦᠩᠬᠡᠶ ᠠᠶᠠᠯᠠᠯ ᠨᠠᠶᠢᠳᠠ 5 ᠲᠦᠮᠡᠨ ᠺᠢᠯᠣᠮᠧᠲᠷ ᠢ ᠳᠠᠪᠠᠭᠰᠠᠨ ᠪᠠᠶᠢᠨ᠎ᠠ᠃    ᠬᠤᠰᠢᠭᠤᠨ ᠤ ᠤᠯᠠᠭᠠᠨᠮᠥ᠋ᠴᠢᠷ ᠤᠨ ᠨᠠᠮ ᠤᠨ ᠡᠭᠦᠷ ᠤᠨ ᠱᠦᠵᠢ᠂ ᠳᠠᠷᠤᠭ᠎ᠠ ᠳᠠᠯᠠᠨᠲᠠᠢ᠄ ︽ᠡᠵᠡᠨ᠎ᠡ ᠤᠯᠠᠭᠠᠨᠮᠥ᠋ᠴᠢᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠡᠳᠬᠢᠬᠦᠢ ᠪᠠᠷ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠤᠭᠴᠠᠯᠠᠨ᠂ ᠣᠷᠣᠨ ᠨᠤᠲᠤᠭ ᠤᠨ ᠣᠨᠴᠠᠯᠢᠭ ᠢ ᠢᠯᠡᠷᠡᠭᠦᠯᠦᠭᠰᠡᠨ᠂ ᠴᠠᠭ ᠦᠶ᠎ᠡ ᠶᠢᠨ ᠳᠦᠷᠰᠦ ᠪᠠᠶᠢᠳᠠᠯ ᠢ ᠲᠤᠰᠬᠠᠭᠰᠠᠨ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠣᠨᠴᠠᠯᠢᠭ ᠢ ᠢᠯᠡᠷᠡᠭᠦᠯᠦᠭᠰᠡᠨ ᠨᠢᠭᠡ ᠪᠦᠯᠦᠭ ᠰᠢᠯᠢᠳᠡᠭ ᠪᠦᠲᠦᠭᠡᠯ ᠢ ᠵᠣᠬᠢᠶᠠᠨ ᠪᠦᠳᠦᠭᠡᠭᠰᠡᠨ ᠪᠤᠢ᠃ ᠳᠠᠷᠠᠭᠠᠴᠢ ᠶᠢᠨ ᠠᠯᠬᠤᠮ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠦᠷᠭᠦᠯᠵᠢᠯᠡᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠨᠠᠮ ᠤᠨ ᠲᠠᠭᠤᠨ ᠪᠣᠯᠤᠨ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号