ᠣᠶᠢᠷ᠎ᠠ ᠶᠢᠨ ᠵᠢᠯ ᠳᠤ᠂ ᠡᠵᠡᠨ᠎ᠡ ᠬᠤᠰᠢᠭᠤ ᠬᠠᠪᠤᠷ ᠨᠠᠮᠤᠷ ᠤᠨ ᠰᠤᠷᠤᠯᠭ᠎ᠠ ᠶᠢᠨ ᠬᠤᠭᠤᠴᠠᠭᠠᠨ ᠤ ᠬᠡᠷ | ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠣᠷᠣᠭᠴᠢ ᠶᠢ ᠮᠠᠭᠠᠳᠯᠠᠨ ᠲᠣᠭᠲᠠᠭᠠᠬᠤ ᠠᠵᠢᠯ ᠢ ᠢᠳᠡᠪᠬᠢᠲᠡᠶ | ᠥᠷᠨᠢᠭᠦᠯᠵᠦ᠂ ᠡᠯ᠎ᠡ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠶᠢᠨ ᠲᠤᠰᠠᠯᠠᠮᠵᠢ ᠶᠢᠨ ᠮᠥᠩᠭᠦ ᠶᠢ ᠴᠠᠭ | ᠲᠤᠬᠠᠶ ᠳᠤᠨᠢ ᠣᠯᠭᠤᠬᠤ ᠶᠢ ᠦᠨᠡᠨ ᠬᠦ ᠪᠠᠲᠤᠯᠠᠨ᠂ ᠡᠨᠡ ᠵᠢᠯ 90 ᠬᠡᠦᠬᠡᠳ ᠤᠨ 6.15 ᠲᠦᠮᠡᠨ ᠲᠥᠭᠦᠷᠢᠭ ᠤᠨ | ᠲᠡᠳᠬᠦᠨ ᠬᠥᠮᠦᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ 254 ᠰᠣᠷᠣᠭᠴᠢ ᠳᠤ 8.9 ᠲᠦᠮᠡᠨ ᠲᠥᠭᠦᠷᠢᠭ ᠤᠨ ᠠᠮᠢᠳᠤᠷᠠᠯ ᠤᠨ ᠵᠠᠷᠤᠳᠠᠯ ᠨᠥᠬᠦᠪᠥᠷᠢᠯᠡᠵᠦ᠂ 94 | ᠥᠨᠳᠥᠷ ᠳᠤᠮᠳᠠᠳᠤ ᠶᠢᠨ ᠰᠣᠷᠣᠭᠴᠢ ᠳᠤ 7.9 ᠲᠦᠮᠡᠨ ᠲᠥᠭᠦᠷᠢᠭ ᠤᠨ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠮᠥᠩᠭᠦ ᠶᠢ ᠨᠥᠬᠦᠪᠥᠷᠢᠯᠡᠪᠡ᠃ | ᠣᠶᠢᠯᠠᠭᠠᠭᠰᠠᠨ ᠢᠶᠠᠷ᠂ ᠡᠵᠡᠨ᠎ᠡ ᠬᠤᠰᠢᠭᠤ ᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ᠂ | ᠬᠢᠨᠠᠨ ᠲᠣᠭᠲᠠᠭᠠᠬᠤ ᠲᠠᠰ ᠳᠠᠷᠠᠭᠠᠯᠠᠯ ᠬᠢᠭᠡᠳ ᠵᠠᠷᠯᠠᠨ ᠨᠡᠶᠢᠲᠡᠯᠡᠬᠦ᠂ ᠨᠠᠷᠢᠨ ᠬᠢᠨᠠᠮᠠᠭᠠᠶ ᠪᠠᠶᠢᠴᠠᠭᠠᠬᠤ ᠵᠡᠷᠭᠡ ᠭᠤᠷᠪᠠᠨ | ᠲᠠᠯ᠎ᠠ ᠠᠴᠠ ᠭᠠᠷᠳᠠᠵᠤ᠂ ᠰᠤᠷᠬᠤ ᠨᠠᠰᠤᠨ ᠠᠴᠠ ᠡᠮᠦᠨᠡᠬᠢ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠲᠦᠭᠡᠮᠡᠯ | ᠳᠡᠭᠡᠳᠦ ᠨᠠᠷᠢᠯᠢᠭ ᠣᠨᠣᠪᠴᠢᠲᠠᠶ ᠪᠠᠷ ᠲᠡᠳᠬᠦᠨ ᠲᠤᠰᠠᠯᠠᠬᠤ ᠠᠵᠢᠯ ᠢ ᠴᠢᠩᠭ᠎ᠠ ᠡᠵᠡᠮᠳᠡᠪᠡ᠃ ᠰᠤᠷᠭᠠᠭᠤᠯᠢ | ᠬᠡᠦᠬᠡᠳ ᠤᠨ ᠴᠡᠴᠡᠷᠯᠢᠭ ᠨᠢ ᠡᠷᠦᠬᠡ ᠳᠤ ᠣᠷᠣᠬᠤ᠂ ᠭᠡᠷ ᠤᠨ ᠠᠬᠠᠮᠠᠳ ᠤᠨ ᠬᠤᠷᠠᠯ ᠬᠢᠬᠦ ᠵᠡᠷᠭᠡ ᠬᠡᠯᠪᠡᠷᠢ ᠪᠠᠷ | ᠭᠡᠷ ᠤᠨ ᠠᠬᠠᠮᠠᠳ ᠲᠤ ᠲᠥᠷᠥ ᠶᠢᠨ ᠪᠣᠳᠣᠯᠭ᠎ᠠ ᠶᠢ ᠤᠬᠠᠭᠤᠯᠬᠤ ᠶᠢᠨ ᠬᠠᠮᠲᠤ ᠮᠠᠳᠠᠭ ᠢ ᠬᠠᠷᠢᠭᠤᠯᠤᠨ᠎ᠠ᠃ | ᠰᠤᠷᠤᠭᠴᠢᠳ ᠭᠤᠶᠤᠴᠢᠯᠠᠭᠰᠠᠨ ᠤ ᠳᠠᠷᠠᠭ᠎ᠠ᠂ ᠮᠠᠭᠠᠳᠯᠠᠨ ᠲᠣᠭᠲᠠᠭᠠᠬᠤ ᠳᠤᠭᠤᠶᠢᠯᠠᠩ ᠨᠢ ᠬᠡᠷ ᠪᠦᠯᠢ ᠶᠢᠨ | ᠣᠷᠣᠯᠭ᠎ᠠ ᠵᠠᠷᠤᠯᠭ᠎ᠠ ᠶᠢᠨ ᠪᠠᠶᠢᠳᠠᠯ ᠢ ᠦᠨᠳᠦᠰᠦᠯᠡᠨ ᠡᠯ᠎ᠡ ᠲᠥᠷᠥᠯ ᠤᠨ ᠬᠦᠴᠢᠷᠳᠡᠯᠲᠡᠶ ᠰᠤᠷᠤᠭᠴᠢᠳ ᠢ ᠬᠢᠨᠠᠨ | ᠲᠣᠭᠲᠠᠭᠠᠵᠤ᠂ ᠨᠡᠶᠢᠲᠡ ᠳᠤ ᠵᠠᠷᠯᠠᠭᠠᠳ ᠤᠨᠳᠤᠤ ᠰᠠᠨᠠᠯ ᠥᠬᠡᠶ ᠪᠣᠯ ᠵᠣᠭᠤᠰ ᠢᠶᠠᠷ ᠲᠤᠰᠠᠯᠠᠨ᠎ᠠ᠃ ᠬᠤᠰᠢᠭᠤᠨ ᠤ | ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ 30% ᠶᠢᠨ ᠰᠣᠷᠣᠭᠴᠢ ᠶᠢ ᠰᠣᠩᠭᠤᠨ | ᠪᠠᠶᠢᠴᠠᠭᠠᠵᠤ᠂ ᠠᠰᠠᠭᠤᠳᠠᠯ ᠢ ᠬᠠᠷᠢᠭᠤ ᠲᠤᠰᠬᠠᠬᠤ ᠶᠢᠨ ᠬᠠᠮᠲᠤ ᠱᠠᠯᠠᠪᠳᠠᠨ ᠴᠡᠭᠴᠡᠯᠡᠨ ᠥᠭᠡᠷᠡᠴᠢᠯᠡᠭᠦᠯᠪᠡ᠃ | ᠳᠠᠩᠰᠠ ᠡᠪᠬᠡᠮᠡᠯ ᠢ ᠵᠢᠷᠤᠮᠵᠢᠭᠤᠯᠵᠤ᠂ ᠵᠣᠭᠤᠰ ᠢᠶᠠᠷ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ ᠪᠠᠶᠢᠨ᠎ᠠ᠃ |