ᠡᠪᠤᠯ ᠪᠣᠯᠵᠤ ᠠᠭᠤᠷ ᠠᠮᠢᠰᠬᠤᠯ ᠬᠦᠢᠲᠡᠷᠡᠭᠰᠡᠨ ᠴᠦ ᠴᠡᠭᠡ ᠪᠣᠭᠤᠮᠲᠠ ᠮᠥᠨ ᠯᠡ ᠮᠠᠰᠢ ᠶᠠᠭᠠᠷᠠᠯᠲᠠᠶ ᠪᠠᠶᠢᠯ᠎ᠠ᠃ | ᠨᠡᠭᠦᠷᠡᠰᠦ ᠳᠦᠭᠦᠷᠲᠡᠯ᠎ᠡ ᠲᠡᠭᠡᠭᠡᠭᠰᠡᠨ ᠪᠠᠷᠠᠭᠠᠨ ᠤ ᠲᠡᠷᠭᠡ ᠤᠷᠲᠤ ᠮᠦᠷᠡᠯᠡᠨ ᠳᠠᠷᠠᠭ᠎ᠠ ᠳᠠᠷᠠᠭ᠎ᠠ ᠪᠠᠷ ᠢᠶᠠᠨ | ᠪᠣᠭᠤᠮᠲᠠ ᠪᠠᠷ ᠥᠩᠭᠡᠷᠡᠵᠦ᠂ AGV ᠵᠢᠯᠣᠭᠤᠴᠢ ᠦᠭᠡᠢ ᠲᠡᠷᠭᠡ ᠪᠠᠷᠠᠭᠠᠨ ᠤ ᠭᠦᠢᠯᠭᠡᠭᠡᠨ ᠤ ᠲᠣᠭᠤᠷᠢᠭ ᠲᠤ | ᠥᠨᠳᠥᠷ ᠪᠦᠲᠦᠮᠵᠢᠲᠡᠢ ᠠᠵᠢᠯᠯᠠᠵᠤ ᠪᠠᠶᠢᠯ᠎ᠠ᠃ 11 ᠰᠠᠷ᠎ᠠ ᠶᠢᠨ 21 ᠤ ᠡᠳᠦᠷ ᠪᠣᠯᠲᠠᠯ᠎ᠠ᠂ ᠴᠡᠭᠡ ᠪᠣᠭᠤᠮᠲᠠ ᠪᠠᠷ | ᠥᠩᠭᠡᠷᠡᠬᠦ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2204.18 ᠲᠦᠮᠡᠨ ᠲᠣᠨ ᠳᠤ ᠬᠦᠷᠴᠦ᠂ ᠵᠢᠯ ᠤᠨ | ᠬᠠᠷᠠᠯᠲᠠ ᠪᠠᠨ 100% ᠪᠠᠷ ᠪᠡᠶᠡᠯᠡᠭᠦᠯᠵᠦ᠂ ᠪᠤᠭᠤᠮᠲᠠ ᠨᠡᠭᠡᠭᠡᠭᠰᠡᠨ 32 ᠵᠢᠯ ᠤᠨ ᠲᠤᠷᠰᠢᠬᠢ ᠬᠠᠮᠤᠭ ᠤᠨ | ᠥᠨᠳᠥᠷ ᠲᠡᠮᠳᠡᠭᠯᠡᠯ ᠢ ᠡᠭᠦᠳᠴᠡᠢ᠃ | ᠴᠡᠭᠡ ᠪᠣᠭᠤᠮᠲᠠ ᠨᠢ ᠤᠯᠤᠰ ᠤᠨ ᠨᠢᠭᠡᠳᠦᠭᠡᠷ ᠲᠦᠷᠦᠯ ᠤᠨ ᠪᠠᠶᠢᠩᠭᠤ ᠶᠢᠨ ᠬᠢᠯᠢ ᠶᠢᠨ ᠪᠣᠭᠤᠮᠲᠠ ᠪᠣᠯᠤᠭᠰᠠᠨ ᠤ | ᠬᠤᠪᠢ ᠳᠤ᠂ ᠤᠢᠢᠷ᠎ᠠ ᠶᠢᠨ ᠵᠢᠯ ᠠᠴᠠ ᠪᠣᠭᠤᠮᠲᠠ ᠪᠠᠷ ᠥᠩᠭᠡᠷᠡᠬᠦ ᠶᠠᠪᠤᠴᠠ ᠶᠢ ᠪᠦᠬᠦ ᠲᠠᠯ᠎ᠠ ᠪᠠᠷ | ᠰᠢᠯᠢᠳᠡᠭᠵᠢᠭᠦᠯᠬᠦ ᠪᠠᠷ ᠲᠠᠮᠵᠢᠨ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ | ᠪᠣᠭᠤᠮᠲᠠ ᠶᠢᠨ ᠰᠠᠯᠠᠭ᠎ᠠ ᠮᠥᠴᠢᠷ ᠨᠢ ︽ᠤᠶᠤᠨᠲᠤ ᠪᠣᠭᠤᠮᠲᠠ︾ ᠶᠢᠨ ᠪᠥᠲᠥᠭᠡᠨ ᠪᠠᠶᠢᠭᠤᠯᠤᠯᠲᠠ ᠲᠠᠢ | ᠤᠶᠠᠯᠳᠤᠭᠤᠯᠤᠨ᠂ ᠣᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠤᠩᠬᠤᠪᠴᠢ ᠪᠠᠷ ᠭᠦᠢᠴᠡᠳᠭᠡᠬᠦ︾ | ᠰᠢᠰᠲ᠋ᠧᠮ ᠤᠨ ᠤᠶᠤᠨᠲᠤ ᠵᠠᠯᠭᠠᠯᠲᠠ ᠶᠢ ᠪᠡᠶᠡᠯᠡᠭᠦᠯᠵᠦ᠂ ︽ᠠᠷᠪᠠ ᠶᠢ ᠣᠷᠣᠭᠤᠯᠵᠤ ᠵᠢᠷᠭᠤᠭ᠎ᠠ ᠶᠢ ᠭᠠᠷᠭᠠᠬᠤ︾ | ᠨᠡᠭᠦᠷᠡᠰᠦ ᠲᠡᠭᠡᠭᠡᠪᠦᠷᠢᠯᠡᠬᠦ ᠵᠠᠮ ᠢ ᠪᠥᠬᠦ ᠲᠠᠯ᠎ᠠ ᠪᠠᠷ ᠬᠡᠷᠡᠭᠯᠡᠬᠦ ᠶᠢ ᠪᠡᠶᠡᠯᠡᠭᠦᠯᠵᠦ᠂ ᠲᠡᠷᠭᠡ ᠬᠥᠰᠬᠡ ᠶᠢᠨ ᠪᠣᠭᠤᠮᠲᠠ ᠪᠠᠷ | ᠥᠩᠭᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠡᠵᠡᠨ᠎ᠡ ᠪᠣᠭᠤᠮᠲᠠ ᠶᠢᠨ ᠬᠢᠨᠠᠨ ᠬᠠᠮᠢᠶᠠᠷᠠᠬᠤ ᠨᠢᠭᠡᠳᠦᠭᠡᠷ ᠰᠠᠯᠠᠭᠠᠨ ᠤ ᠨᠢᠭᠡᠳᠦᠭᠡᠷ ᠳᠡᠰ ᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠭᠴᠢ ᠸᠠᠩ ᠢ ᠵᠧ᠄ ︽AGV ᠵᠢᠯᠣᠭᠤᠴᠢ ᠥᠬᠡᠶ ᠲᠡᠭᠡᠭᠡᠪᠦᠷᠢ᠂ ᠣᠶᠤᠨᠴᠢ ᠬᠦᠨᠳᠦ | ᠠᠴᠢᠶᠠᠨ ᠤ ᠮᠠᠰᠢᠨ᠂ ᠴᠢᠩᠭᠡᠯᠢᠭ ᠢᠶᠠᠷ ᠲᠡᠭᠡᠭᠡᠪᠦᠷᠢᠯᠡᠬᠦ ᠵᠡᠷᠭᠡ ᠪᠠᠷᠠᠭᠠᠨ ᠤ ᠲᠡᠭᠡᠭᠡᠪᠦᠷᠢ ᠶᠢᠨ ᠰᠢᠨ᠎ᠡ ᠵᠠᠭᠪᠤᠷ ᠢ | ᠵᠡᠷᠭᠡ ᠪᠠᠷ ᠶᠠᠪᠤᠭᠳᠠᠭᠤᠯᠬᠤ ᠶᠢ ᠠᠬᠢᠭᠤᠯᠵᠤ᠂ ᠬᠢᠯᠢ ᠶᠢᠨ ᠪᠠᠶᠢᠴᠠᠭᠠᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ | ᠨᠢᠭᠡ ᠥᠷᠲᠡᠭᠡ ᠮᠠᠶ᠋ᠢᠭ ᠤᠨ ᠬᠠᠮᠲᠤᠷᠠᠨ ᠪᠠᠶᠢᠴᠠᠭᠠᠨ ᠰᠢᠯᠭᠠᠬᠤ ᠶᠢ ᠦᠷᠭᠦᠯᠵᠢᠯᠡᠨ ᠠᠬᠢᠭᠤᠯᠬᠤ ᠶᠢᠨ ᠬᠠᠮᠲᠤ | H986 ᠪᠠᠶᠢᠴᠠᠭᠠᠨ ᠰᠢᠯᠭᠠᠬᠤ ᠺᠠᠷᠲ ᠢ ᠡᠬᠢᠯᠡᠭᠦᠯᠵᠦ ᠬᠡᠪ ᠤᠨ ᠪᠤᠰᠤ ᠲᠡᠷᠭᠡ ᠬᠥᠰᠬᠡ ᠶᠢ ᠣᠶᠤᠨᠴᠢ ᠪᠠᠷ ᠰᠢᠯᠭᠠᠨ | ᠥᠩᠭᠡᠷᠡᠭᠦᠯᠬᠦ ᠶᠢ ᠪᠡᠶᠡᠯᠡᠭᠦᠯᠵᠦ᠂ ᠨᠡᠭᠦᠷᠡᠰᠦᠨ ᠤ ᠲᠡᠭᠡᠭᠡᠪᠦᠷᠢ ᠪᠠ ᠪᠣᠭᠤᠮᠲᠠ ᠪᠠᠷ ᠥᠩᠭᠡᠷᠡᠬᠦ ᠴᠠᠭ ᠢ ᠦᠨᠡᠨ ᠬᠦ | ᠪᠣᠭᠤᠨᠢᠰᠬᠠᠨ᠎ᠠ ︾ ᠭᠡᠪᠡ᠃ | ᠴᠡᠭᠡ ᠪᠣᠭᠤᠮᠲᠠAGV ᠵᠢᠯᠣᠭᠤᠴᠢ ᠥᠬᠡᠶ ᠲᠡᠭᠡᠭᠡᠪᠦᠷᠢ ᠪᠣᠯᠤᠨ ᠣᠶᠤᠨᠴᠢ ᠬᠦᠨᠳᠦ ᠠᠴᠢᠶᠠᠨ ᠤ ᠮᠠᠰᠢᠨ ᠤ | ᠲᠡᠭᠡᠭᠡᠪᠦᠷᠢ ᠶᠢᠨ ᠲᠥᠷᠥᠯ ᠵᠦᠢᠯ ᠢ ᠡᠩ ᠲᠡᠷᠢᠭᠦᠨ ᠳᠤ ᠬᠡᠷᠡᠭᠵᠢᠭᠦᠯᠵᠦ᠂ ᠪᠠᠷᠠᠭᠠᠨ ᠤ ᠭᠦᠢᠯᠭᠡᠭᠡᠨ ᠤ | ᠲᠡᠭᠡᠭᠡᠪᠦᠷᠢ ᠶᠢᠨ ᠵᠠᠭᠪᠤᠷ ᠨᠢ ᠤᠯᠠᠮᠵᠢᠯᠠᠯᠲᠤ ᠬᠥᠮᠦᠨ ᠤ ᠬᠦᠴᠦᠨ ᠠᠴᠠ ᠠᠯᠬᠤᠮ ᠠᠯᠬᠤᠮ ᠢᠶᠠᠷ ᠤᠶᠤᠨᠴᠢᠯᠠᠬᠤ | ᠳᠠᠰᠢ ᠤᠷᠤᠭᠰᠢᠯᠠᠵᠤ᠂ ᠪᠣᠭᠤᠮᠲᠠ ᠶᠢᠨ ᠥᠨᠳᠥᠷ ᠪᠦᠲᠦᠮᠵᠢᠲᠡᠶ ᠪᠠᠷ ᠠᠵᠢᠯᠯᠠᠬᠤ ᠳᠤ ᠮᠡᠷᠭᠡᠵᠢᠯ ᠤᠨ ᠲᠤᠯᠭᠠᠭᠤᠷᠢᠯᠠᠯ | ᠬᠠᠩᠭᠠᠭᠰᠠᠨ ᠪᠥᠭᠡᠳ ᠪᠠᠰᠠ ᠣᠷᠣᠵᠤ ᠰᠠᠭᠤᠭᠰᠠᠨ ᠠᠵᠤ ᠠᠬᠤᠶᠢᠯᠠᠯ ᠳᠤ ᠲᠥᠬᠦᠮ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠪᠣᠶ ᠪᠣᠯᠭᠠᠵᠠᠶ᠃ ᠤᠯᠠᠨ ᠭᠤᠣᠯᠳᠠᠯᠭ᠎ᠠ ᠲᠠᠢ ᠠᠵᠤ ᠠᠬᠤᠶᠢᠯᠠᠯ ᠤᠳᠤ ᠦᠶ᠎ᠡ ᠶᠢᠨ ᠡᠳ᠋ | ᠪᠠᠷᠠᠭᠠᠨ ᠤ ᠭᠦᠢᠯᠭᠡᠭᠡ ᠪᠣᠯᠤᠨ ᠡᠳ᠋ᠰᠢᠭᠦᠯᠦᠨ ᠪᠣᠯᠪᠠᠰᠤᠷᠠᠭᠤᠯᠬᠤ ᠮᠡᠷᠭᠡᠵᠢᠯ ᠢ ᠣᠷᠣᠭᠤᠯᠤᠨ ᠠᠪᠴᠢᠷᠠᠬᠤ ᠪᠠᠷ | ᠳᠠᠮᠵᠢᠨ᠂ ᠲᠡᠭᠡᠭᠡᠪᠦᠷᠢ ᠶᠢᠨ ᠦᠷ᠎ᠡ ᠪᠦᠲᠦᠮᠵᠢ ᠪᠣᠯᠤᠨ ᠠᠵᠤ ᠦᠢᠯᠡᠰ ᠤᠨ ᠨᠡᠮᠡᠯᠲᠡ ᠦᠷᠳᠡᠭ ᠤᠨ ᠬᠤᠣᠰ | ᠳᠡᠭᠡᠭᠰᠢᠯᠡᠯᠲᠡ ᠶᠢ ᠪᠡᠶᠡᠯᠡᠭᠦᠯᠪᠡ᠃ | ᠥᠪᠥᠷ ᠮᠣᠩᠭᠤᠯ ᠤᠨ ᠱᠠᠨ ᠾᠧ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠵᠢᠯ ᠳᠤ 150 ᠲᠦᠮᠡᠨ | ᠲᠣᠨ ᠨᠡᠭᠦᠷᠡᠰᠦ ᠤᠬᠢᠶᠠᠬᠤ ᠦᠢᠯᠡᠳᠪᠦᠷᠢ ᠵᠢᠴᠢ ᠪᠦᠷᠢᠨ ᠲᠡᠭᠦᠯᠳᠡᠷ ᠪᠣᠳᠠᠰ ᠤᠨ ᠭᠦᠢᠯᠭᠡᠭᠡᠨ ᠤ ᠲᠥᠪ ᠢ | ᠪᠠᠶᠢᠭᠤᠯᠵᠤ᠂ ᠲᠦᠭᠦᠬᠡᠢ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ᠂ ᠬᠥᠮᠥᠷᠭᠡᠯᠡᠬᠦ ᠠᠴᠠ ᠨᠠᠷᠢᠯᠢᠭ | ᠪᠣᠯᠪᠠᠰᠤᠷᠠᠭᠤᠯᠬᠤ ᠬᠦᠷᠲᠡᠯ᠎ᠡ ᠨᠢᠭᠡ ᠴᠤᠭᠴᠠᠵᠢᠭᠤᠯᠤᠭᠰᠠᠨ ᠬᠥᠭᠵᠢᠯᠲᠡ ᠶᠢᠨ ᠵᠠᠭᠪᠤᠷ ᠢ ᠪᠡᠶᠡᠯᠡᠭᠦᠯᠵᠦ᠂ ᠳᠦᠭᠦᠷᠡᠩ | ᠠᠴᠢᠶ᠎ᠠ ᠲᠠᠢ ᠤᠶᠤᠨᠴᠢᠯᠠᠭᠰᠠᠨ ᠠᠴᠢᠶᠠᠨ ᠤ ᠮᠠᠰᠢᠨ ᠨᠠᠭᠠᠰᠢᠯᠠᠵᠤ ᠬᠠᠷᠠᠭᠳᠠᠨ᠎ᠠ᠃ ᠡᠭᠦᠨ ᠤ ᠬᠠᠮᠲᠤ ᠵᠢᠯᠣᠭᠤᠴᠢ | ᠥᠬᠡᠶ ᠤᠶᠤᠨᠴᠢ ᠬᠦᠨᠳᠦ ᠠᠴᠢᠶᠠᠨ ᠤ ᠮᠠᠰᠢᠨ ᠤ ︽ᠵᠢᠯᠣᠭᠤᠴᠢ︾ ᠠᠯᠪᠠᠨ ᠬᠡᠷ ᠤᠨ ᠠᠵᠢᠯᠯᠠᠬᠤ ᠲᠠᠪᠴᠠᠩ ᠤᠨ | ᠡᠮᠦᠨ᠎ᠡ ᠰᠠᠭᠤᠵᠤ᠂ ᠳᠡᠯᠭᠡᠴᠡ ᠶᠢ ᠠᠵᠢᠭᠯᠠᠬᠤ ᠪᠠᠷ ᠳᠠᠮᠵᠢᠨ ᠭᠡᠨᠡᠳᠲᠡ ᠶᠢᠨ ᠪᠠᠶᠢᠳᠠᠯ ᠭᠠᠷᠪᠠᠯ ᠳᠠᠷᠤᠢ ᠲᠦᠷᠭᠡᠨ | ᠺᠣᠮᠫᠢᠦ᠋ᠲ᠋ᠧᠷ ᠤᠨ ᠵᠠᠯᠠᠭᠤᠷ ᠢᠶᠠᠷ ᠲᠡᠷᠭᠡᠨ ᠤ ᠠᠮᠤᠷ ᠲᠦᠪᠰᠢᠨ ᠢ ᠪᠠᠲᠤᠯᠠᠳᠠᠭ ᠪᠠᠶᠢᠨ᠎ᠠ᠃ | ᠥᠪᠥᠷ ᠮᠣᠩᠭᠤᠯ ᠤᠨ ᠱᠠᠨ ᠾᠧ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ | ᠳᠠᠭᠠᠭᠠᠮᠠᠯ ᠬᠦᠶ ᠶᠦᠨ ᠽᠧ᠄ ︽ᠣᠶᠤᠨᠴᠢ ᠪᠠᠷ ᠵᠢᠯᠣᠭᠤᠳᠬᠤ ᠶᠠᠪᠤᠴᠠ ᠳᠤ᠂ ᠪᠢᠳᠡ ᠳᠤᠤᠷ᠎ᠠ | ᠨᠡᠭᠦᠷᠡᠰᠦᠲᠥ᠋ᠷᠥᠭᠴᠢᠲᠦ᠂ ᠣᠶᠤᠨᠴᠢ᠂ ᠠᠮᠤᠷ ᠲᠦᠪᠰᠢᠨ᠂ ᠥᠨᠳᠥᠷ ᠪᠦᠲᠦᠮᠵᠢᠲᠡᠶ ᠪᠠᠶᠢᠬᠤ ᠵᠠᠷᠴᠢᠮ ᠢ | ᠪᠠᠷᠢᠮᠲᠠᠯᠠᠵᠤ᠂ ᠣᠶᠤᠨᠴᠢ ᠪᠠᠷ ᠵᠢᠯᠣᠭᠤᠳᠬᠤ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ 2024 ᠣᠨ ᠤ 11 | ᠰᠠᠷ᠎ᠠ ᠪᠣᠯᠲᠠᠯ᠎ᠠ᠂ ᠣᠶᠤᠨᠴᠢ ᠬᠦᠨᠳᠦ ᠠᠴᠢᠶᠠᠨ ᠤ ᠮᠠᠰᠢᠨ 36.8 ᠲᠦᠮᠡᠨ ᠲᠣᠨ ᠨᠡᠭᠦᠷᠡᠰᠦ ᠲᠡᠭᠡᠭᠡᠪᠦᠷᠢᠯᠡᠪᠡ︾ | ᠭᠡᠪᠡ᠃ | ᠣᠶᠤᠨᠴᠢ ᠬᠦᠨᠳᠦ ᠠᠴᠢᠶᠠᠨ ᠤ ᠮᠠᠰᠢᠨ ᠲᠠᠢ ᠬᠠᠮᠲᠤ ︽ᠶᠠᠭᠠᠷᠠᠯᠲᠠᠶ︾ ᠪᠠᠶᠢᠭ᠎ᠠ ᠨᠢ ᠪᠠᠰᠠ ᠡᠵᠡᠨ᠎ᠡ | ᠬᠤᠰᠢᠭᠤᠨ ᠤ ᠬᠤᠤ ᠲᠤᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ ᠲᠤ ᠮᠣᠩᠭᠤᠯ ᠤᠯᠤᠰ ᠲᠤ ᠣᠴᠢᠬᠤ ᠪᠠᠷ ᠪᠠᠶᠢᠭ᠎ᠠ ᠭᠠᠯ ᠰᠢᠷ᠎ᠠ ᠥᠩᠭᠡᠲᠡᠶAGVᠵᠢᠯᠣᠭᠤᠴᠢ ᠥᠬᠡᠶ | ᠲᠡᠭᠡᠭᠡᠪᠦᠷᠢ ᠶᠢᠨ ᠲᠡᠷᠭᠡ ᠨᠦᠭᠦᠳ ᠪᠣᠯᠤᠨ᠎ᠠ᠃ ᠲᠣᠰ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ ᠤᠨAGVᠲᠥᠷᠥᠯ ᠵᠦᠢᠯ ᠪᠣᠯ ᠨᠡᠶᠢᠭᠡᠮ ᠳᠤ ᠬᠠᠨᠳᠤᠭᠤᠯᠤᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠪᠣᠯᠤᠨ᠎ᠠ᠂ ᠲᠥᠷᠥᠯ ᠵᠦᠢᠯ ᠢ ᠬᠡᠷᠡᠭᠵᠢᠭᠦᠯᠬᠦ ᠨᠢ ᠬᠢᠯᠢ ᠶᠢᠨ ᠭᠠᠳᠠᠨᠠᠬᠢ ︽ᠲᠠᠷᠠᠬᠠᠶ ᠥᠭᠡᠷᠡᠴᠢᠯᠡᠨ | ᠴᠤᠭᠯᠠᠭᠤᠯᠬᠤ︾᠂ ᠬᠢᠯᠢ ᠠᠯᠤᠰᠯᠠᠭᠰᠠᠨ ︽ᠤᠶᠤᠨᠴᠢᠯᠠᠯᠲᠠ︾᠂ ᠬᠢᠯᠢ ᠶᠢᠨ ᠳᠣᠲᠣᠷᠠᠬᠢ ︽ᠵᠠᠰᠠᠮᠠᠯ ᠵᠠᠮ ᠢᠶᠠᠷ | ᠲᠡᠮᠦᠷ ᠳᠠᠮᠵᠢᠭᠤᠯᠬᠤ︾ ᠶᠢ ᠪᠡᠶᠡᠯᠡᠭᠦᠯᠵᠦ᠂ ᠴᠡᠭᠡ ᠪᠣᠭᠤᠮᠲᠠ ᠶᠢᠨ ︽ᠪᠣᠬᠢᠷᠲᠤᠯ ᠥᠬᠡᠶ᠂ ᠣᠶᠤᠨᠴᠢ᠂ ᠠᠮᠤᠷ | ᠲᠦᠪᠰᠢᠨ᠂ ᠥᠨᠳᠥᠷ ᠪᠦᠲᠦᠮᠵᠢᠲᠡᠶ︾ ᠲᠡᠷᠢᠭᠦᠨ ᠵᠡᠷᠭᠡ ᠶᠢᠨ ᠬᠠᠭᠤᠷᠠᠶ ᠵᠠᠮ ᠤᠨ ᠪᠣᠭᠤᠮᠲᠠ ᠪᠣᠯᠬᠤ ᠶᠢ | ᠠᠬᠢᠭᠤᠯᠬᠤ ᠪᠣᠯᠤᠨ᠎ᠠ᠃ | ᠡᠵᠡᠨ᠎ᠡ ᠬᠤᠰᠢᠭᠤᠨ ᠤ ᠬᠤᠤ ᠲᠤᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨAGVᠳᠦᠷᠦᠯ ᠵᠦᠢᠯ ᠤᠨ | ᠳᠠᠭᠠᠭᠠᠮᠠᠯ ᠭᠧᠩ ᠽᠢ ᠺᠤᠸᠠᠨ᠄ ︽ᠴᠡᠭᠡ ᠪᠣᠭᠤᠮᠲᠠ ᠶᠢᠨAGVᠵᠢᠯᠣᠭᠤᠴᠢ ᠥᠬᠡᠶ ᠣᠶᠤᠨᠴᠢ ᠬᠢᠯᠢ ᠠᠯᠤᠰᠯᠠᠭᠰᠠᠨ | ᠲᠡᠭᠡᠭᠡᠪᠦᠷᠢ ᠶᠢᠨ ᠲᠥᠷᠥᠯ ᠵᠦᠢᠯ ᠨᠢ᠂ ᠨᠡᠶᠢᠲᠡ 23 AGVᠵᠢᠯᠣᠭᠤᠴᠢ ᠥᠬᠡᠶ ᠲᠡᠷᠭᠡ ᠳᠤ ᠪᠠᠯᠠ ᠣᠷᠣᠭᠤᠯᠪᠠ᠂ | ᠲᠣᠰ ᠲᠥᠷᠥᠯ ᠵᠦᠢᠯ ᠢ ᠬᠡᠷᠡᠭᠵᠢᠭᠦᠯᠬᠦ ᠳᠤ ᠪᠣᠬᠢᠷᠲᠤᠯ ᠥᠬᠡᠶ᠂ ᠣᠶᠤᠨᠴᠢ᠂ ᠠᠮᠤᠷ ᠲᠦᠪᠰᠢᠨ᠂ ᠥᠨᠳᠥᠷ | ᠪᠦᠲᠦᠮᠵᠢᠲᠡᠶ ᠳᠠᠪᠠᠭᠤᠯᠢᠭ ᠲᠠᠢ ᠪᠠᠶᠢᠵᠤ᠂ ᠨᠢᠭᠡ ᠡᠳᠦᠷ ᠲᠤ ᠣᠯᠠᠨ ᠤᠳᠠᠭ᠎ᠠ ᠢᠷᠡᠵᠦ ᠲᠡᠭᠡᠭᠡᠪᠦᠷᠢᠯᠡᠬᠦ ᠶᠢ | ᠪᠡᠶᠡᠯᠡᠭᠦᠯᠵᠦ᠂ ᠠᠮᠤᠷ ᠲᠦᠪᠰᠢᠨ ᠤ ᠲᠠᠯ᠎ᠠ ᠪᠠᠷ ᠠᠳᠡᠯ ᠭᠠᠷᠬᠤ ᠥᠬᠡᠶ ᠪᠠᠶᠢᠬᠤ ᠶᠢ ᠪᠡᠶᠡᠯᠡᠭᠦᠯᠵᠦ ᠪᠣᠯᠤᠨ᠎ᠠ︾ | ᠭᠡᠪᠡ᠃ | ᠨᠡᠭᠦᠷᠡᠰᠦ ᠵᠡᠷᠭᠡ ᠤᠯᠠᠮᠵᠢᠯᠠᠯᠲᠤ ᠠᠵᠤ ᠦᠢᠯᠡᠰ ᠠᠴᠠ ᠭᠠᠳᠠᠨ᠎ᠠ᠂ ᠴᠡᠭᠡ ᠪᠣᠭᠤᠮᠲᠠ ᠪᠠᠰᠠ ᠭᠠᠳᠠᠭᠠᠳᠤ ᠠᠴᠠ | ᠣᠷᠣᠭᠤᠯᠤᠭᠰᠠᠨ ᠮᠢᠬᠠᠨ ᠤ ᠵᠦᠢᠯ ᠢ ᠪᠣᠯᠪᠠᠰᠤᠷᠠᠭᠤᠯᠬᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠣᠯᠤᠨ | ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠵᠡᠷᠭᠡ ᠬᠦᠷᠢᠶᠡᠨ ᠤ ᠬᠥᠭᠵᠢᠯᠲᠡ ᠶᠢ ᠲᠦᠷᠭᠡᠳᠬᠡᠨ ᠠᠬᠢᠭᠤᠯᠵᠤ᠂ | ᠠᠷᠠᠯᠵᠢᠶ᠎ᠠ᠂ ᠪᠠᠷᠠᠭᠠᠨ ᠤ ᠭᠦᠢᠯᠭᠡᠭᠡ᠂ ᠡᠳ᠋ᠰᠢᠭᠦᠯᠦᠯᠲᠡ᠂ ᠵᠢᠭᠤᠯᠴᠢᠯᠠᠯ ᠢ ᠨᠢᠭᠡ ᠴᠤᠭᠴᠠᠵᠢᠭᠤᠯᠣᠭᠰᠠᠨ | ᠶᠡᠷᠦᠩᠬᠡᠶᠢᠯᠡᠭᠰᠡᠨ ᠴᠢᠨᠠᠷᠲᠠᠶ ᠠᠵᠤ ᠠᠬᠤᠶ ᠶᠢᠨ ᠲᠣᠭᠤᠷᠢᠭ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ ᠡᠨᠡ | ᠵᠢᠯ ᠤᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠵᠣᠬᠢᠶᠠᠨ ᠪᠠᠶᠢᠭᠤᠯᠤᠭᠰᠠᠨ ᠠᠷᠪᠠ ᠶᠢᠰᠦᠳᠦᠭᠡᠷ | ᠬᠤᠭᠤᠴᠠᠭᠠᠨ ᠤ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠦᠵᠡᠰᠬᠦᠯᠡᠩ ᠳᠤ᠂ | ᠤᠯᠠᠨ ᠤᠯᠤᠰ ᠠᠴᠠ ᠢᠷᠡᠭᠰᠡᠨ ᠪᠠᠷᠠᠭ᠎ᠠ ᠲᠠᠸᠠᠷ ᠤᠯᠠᠨ ᠳᠤ ᠳᠡᠯᠭᠡᠭᠳᠡᠵᠦ᠂ ᠳᠤᠮᠳᠠᠳᠤ ᠮᠣᠩᠭᠤᠯ ᠤᠨ | ᠬᠤᠭᠤᠷᠣᠨᠳᠣᠬᠢ ᠠᠷᠠᠯᠵᠢᠶ᠎ᠠ ᠶᠠᠪᠤᠯᠴᠠᠭ᠎ᠠ ᠪᠣᠯᠤᠨ ᠰᠣᠶᠣᠯ ᠤᠨ ᠰᠣᠯᠢᠯᠴᠠᠭ᠎ᠠ ᠶᠢ ᠤᠯᠠᠮ ᠴᠢᠨᠠᠭᠰᠢᠳᠠ | ᠴᠢᠩᠭᠠᠳᠬᠠᠨ᠂ ᠬᠤᠶᠠᠷ ᠤᠯᠤᠰ ᠤᠨ ᠬᠢᠯᠢ ᠶᠢᠨ ᠠᠷᠠᠳ ᠲᠤ ᠨᠡᠩ ᠤᠯᠠᠨ ᠬᠠᠮᠲᠤᠷᠠᠯᠴᠠᠭᠠᠨ ᠤ ᠠᠵᠠ ᠲᠣᠬᠢᠶᠠᠯ | ᠬᠠᠩᠭᠠᠭᠰᠠᠨ ᠪᠠᠶᠢᠨ᠎ᠠ᠃ ᠳᠤᠮᠳᠠᠳᠤ ᠮᠣᠩᠭᠤᠯ ᠬᠤᠶᠠᠷ ᠤᠯᠤᠰ ᠤᠨ ᠬᠠᠮᠤᠭ ᠤᠨ ᠴᠢᠬᠤᠯᠠ ᠠᠷᠠᠯᠵᠢᠶᠠᠨ ᠤ ᠵᠠᠮ ᠤᠨ | ᠨᠢᠭᠡ ᠪᠣᠯᠤᠭᠰᠠᠨ ᠤ ᠬᠤᠪᠢ ᠳᠤ᠂ ᠴᠡᠭᠡ ᠪᠣᠭᠤᠮᠲᠠ ︽ᠨᠢᠭᠡ ᠪᠦᠰᠡ ᠨᠢᠭᠡ ᠵᠠᠮ ᠤᠨ ᠰᠠᠨᠠᠭᠠᠴᠢᠯᠠᠭ᠎ᠠ︾ ᠪᠣᠯᠤᠨ | ︽ᠳᠤᠮᠳᠠᠳᠤ ᠤᠷᠤᠰ ᠮᠣᠩᠭᠤᠯ ᠤᠨ ᠠᠵᠤ ᠠᠬᠤᠢ ᠶᠢᠨ ᠬᠤᠩᠬᠢᠯ︾ ᠤᠨ ᠪᠦᠳᠦᠬᠡᠨ ᠪᠠᠶᠢᠭᠤᠯᠤᠯᠲᠠ ᠳᠤ | ᠢᠳᠡᠪᠬᠢᠲᠡᠢ ᠠᠭᠤᠰᠤᠯᠴᠠᠵᠤ᠂ ᠡᠬᠢ ᠪᠠᠶᠠᠯᠢᠭ ᠤᠨ ᠳᠠᠪᠠᠭᠤᠯᠢᠭ ᠪᠣᠯᠤᠨ ᠭᠠᠵᠠᠷ ᠵᠦᠢ ᠶᠢᠨ ᠳᠠᠪᠠᠭᠤᠯᠢᠭ ᠢᠶᠠᠷ ᠢᠶᠠᠨ | ᠮᠣᠩᠭᠤᠯ ᠤᠯᠤᠰ ᠯᠤᠭ᠎ᠠ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃ ᠣᠳᠣᠬᠠᠨ | ᠪᠣᠯᠲᠠᠯ᠎ᠠ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠬᠡᠮᠵᠢᠶ᠎ᠡ | ᠨᠢᠭᠡᠨᠲᠡ 1.74 ᠳ᠋ᠦᠩᠰᠢᠭᠤᠷ ᠲᠣᠨ ᠳᠤ ᠬᠦᠷᠴᠦ᠂ ᠠᠷᠠᠯᠵᠢᠶᠠᠨ ᠤ ᠶᠡᠷᠦᠩᠬᠡᠶ ᠬᠡᠮᠵᠢᠶ᠎ᠡ ᠨᠢ ᠠᠷᠠᠳ ᠤᠨ | ᠵᠣᠭᠤᠰ ᠢᠶᠠᠷ 700 ᠳ᠋ᠦᠩᠰᠢᠭᠤᠷ ᠲᠥᠭᠦᠷᠢᠭ ᠢ ᠳᠠᠪᠠᠵᠠᠶ᠃ | ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠪᠣᠭᠤᠮᠲᠠ ᠶᠢᠨ ᠬᠡᠷᠡᠭ ᠡᠷᠬᠢᠯᠡᠬᠦ | ᠲᠣᠪᠴᠢᠶᠠᠨ ᠤ ᠪᠣᠭᠤᠮᠲᠠ ᠥᠩᠭᠡᠷᠡᠬᠦ ᠠᠯᠪᠠᠨ ᠭᠡᠷ ᠤᠨ ᠡᠷᠬᠢᠯᠡᠭᠴᠢ ᠴᠣᠭᠵᠢᠯ᠄ ︽ᠣᠳᠣᠬᠢᠴᠢᠯᠠᠭᠰᠠᠨ᠂ | ᠣᠶᠤᠨᠴᠢᠯᠠᠭᠰᠠᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ ᠣᠨᠢᠯᠠᠵᠤ᠂ ᠥᠨᠳᠥᠷ ᠲᠦᠪᠰᠢᠨ | ᠪᠥᠬᠦᠶ ᠨᠡᠭᠡᠭᠡᠯᠲᠡ ᠪᠠ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠪᠠᠷ᠂ ᠪᠣᠭᠤᠮᠲᠠ ᠪᠠᠷ ᠥᠩᠭᠡᠷᠡᠬᠦ | ᠶᠠᠪᠤᠴᠠ ᠶᠢ ᠪᠠᠲᠤᠯᠠᠬᠤ ᠵᠢᠴᠢ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠰᠢᠯᠢᠳᠡᠭᠵᠢᠭᠦᠯᠬᠦ ᠵᠡᠷᠭᠡ ᠠᠵᠢᠯ ᠤᠨ ᠲᠠᠯ᠎ᠠ ᠪᠠᠷ ᠲᠦᠢᠯ ᠤᠨ ᠣᠨᠣᠪᠴᠢᠲᠠᠶ ᠪᠠᠷ ᠬᠦᠴᠦᠯᠡᠪᠡ︾ ᠭᠡᠪᠡ᠃ | ᠢᠷᠡᠭᠡᠳᠦᠶ ᠳᠤ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠤᠨ ᠨᠢ ᠥᠨᠳᠥᠷ ᠲᠦᠪᠰᠢᠨ | ᠪᠥᠬᠦᠶ ᠨᠡᠭᠡᠭᠡᠯᠲᠡ ᠪᠠ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠤᠶᠤᠨᠴᠢᠯᠠᠭᠰᠠᠨ | ᠲᠡᠭᠡᠭᠡᠪᠦᠷᠢ ᠶᠢᠨ ᠲᠥᠷᠥᠯ ᠵᠦᠢᠯ᠂ ᠬᠢᠯᠢ ᠠᠯᠤᠰᠯᠠᠭᠰᠠᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠵᠢᠴᠢ ᠢᠵᠢ | ᠪᠥᠷᠢᠳᠦᠭᠰᠡᠨ ᠲᠥᠬᠦᠭᠡᠷᠦᠮᠵᠢ ᠶᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠠᠷᠠᠯᠵᠢᠶ᠎ᠠ᠂ ᠰᠣᠶᠣᠯ᠂ | ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠬᠦ | ᠪᠣᠯᠤᠨ᠎ᠠ᠃ ᠣᠳᠣᠬᠢᠴᠢᠯᠠᠭᠰᠠᠨ᠂ ᠳᠡᠯᠡᠬᠡᠶᠢᠵᠢᠭᠰᠡᠨ ᠲᠣᠮᠣ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ | ᠬᠠᠷᠠᠯᠲᠠ ᠳᠤᠤᠷ᠎ᠠ᠂ ᠴᠡᠭᠡ ᠪᠣᠭᠤᠮᠲᠠ ᠶᠠᠭ ᠥᠨᠳᠥᠷ ᠪᠦᠲᠦᠮᠵᠢᠲᠡᠶ ᠪᠣᠭᠤᠮᠲᠠ ᠥᠩᠭᠡᠷᠡᠬᠦ ᠵᠠᠭᠪᠤᠷ ᠢᠶᠠᠷ᠂ | ᠲᠡᠷᠢᠭᠦᠨ ᠤ ᠲᠡᠭᠡᠭᠡᠪᠦᠷᠢ ᠶᠢᠨ ᠮᠡᠷᠭᠡᠵᠢᠯ ᠪᠠ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠰᠢᠰᠲ᠋ᠧᠮ ᠢᠶᠠᠷ ᠮᠠᠨ ᠤ | ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠪᠠ ᠳᠤᠮᠳᠠᠳᠤ ᠮᠣᠩᠭᠤᠯ ᠤᠨ ᠠᠵᠤ ᠠᠬᠤᠶ ᠠᠷᠠᠯᠵᠢᠶᠠᠨ ᠤ | ᠬᠠᠮᠲᠤᠷᠠᠯᠴᠠᠭᠠᠨ ᠤ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ |