ᠵᠦ ᠴᠢᠤᠸᠠᠢ ᠬᠤᠶᠠᠳᠤᠭᠠᠷ ᠰᠠᠶᠢᠵᠢᠷᠠᠭᠤᠯᠤᠭᠰᠠᠨ ᠬᠡᠯᠪᠡᠷᠢ ᠶᠢᠨ ᠠᠯᠤᠰ ᠡᠵᠡᠮᠰᠢᠯᠲᠦ ᠨᠢᠭᠡᠳᠦᠭᠡᠷ ᠨᠣᠮᠧᠷᠲᠤ ᠲᠡᠶᠢᠷᠦᠯᠲᠦ ᠰᠤᠮᠤ ᠶᠢ ᠠᠮᠵᠢᠯᠲᠠᠲᠠᠶ ᠬᠠᠷᠪᠤᠪᠠ
ᠨᠡᠶᠢᠲᠡᠯᠡᠭᠰᠡᠨ ᠴᠠᠭ᠄
2024/12/2
    ᠪᠡᠭᠡᠵᠢᠩ ᠤᠨ ᠴᠠᠭ ᠢᠶᠠᠷ 2024 ᠣᠨ ᠤ 11 ᠰᠠᠷ᠎ᠠ ᠶᠢᠨ 27᠎ ᠤ ᠡᠳᠦᠷ ᠤᠨ 10 ᠴᠠᠭ ᠲᠤ᠂ ᠬᠥᠬᠡ ᠰᠤᠮᠤ ᠰᠠᠨᠰᠠᠷ ᠤᠨ ᠠᠶᠠᠯᠠᠯ ᠤᠨ ᠵᠤ᠋ ᠴᠢᠤᠸᠠᠢ ᠬᠤᠶᠠᠳᠤᠭᠠᠷ ᠰᠠᠶᠢᠵᠢᠷᠠᠭᠤᠯᠤᠭᠰᠠᠨ ᠬᠡᠯᠪᠡᠷᠢ ᠶᠢᠨ ᠠᠯᠤᠰ ᠡᠵᠡᠮᠰᠢᠯᠲᠦ ᠨᠢᠭᠡᠳᠦᠭᠡᠷ ᠨᠤᠮᠧᠷᠲᠤ ᠲᠡᠶᠢᠷᠦᠯᠲᠦ ᠰᠤᠮᠤ ︵ZQ 2 E Y 1︶ ᠳ᠋ᠦᠩᠹᠧᠩ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠣᠷᠣᠨ᠂ ᠬᠥᠬᠡ ᠰᠤᠮᠤ ᠰᠠᠨᠰᠠᠷ ᠤᠨ ᠠᠶᠠᠯᠠᠯ ᠤᠨ ᠰᠢᠩᠭᠡᠨ ᠬᠦᠴᠢᠯᠲᠥ᠋ᠷᠥᠭᠴᠢ ᠮᠧᠲ᠋ᠠᠨ ᠤ ᠲᠡᠶᠢᠷᠦᠯᠲᠦ ᠰᠤᠮᠤ ᠶᠢ ᠬᠠᠷᠪᠤᠬᠤ ᠠᠵᠢᠯ ᠤᠨ ᠪᠠᠶᠢᠷᠢ ᠠᠴᠠ ᠨᠤᠴᠤᠭᠠᠨ ᠬᠠᠷᠪᠤᠵᠤ᠂ ᠠᠴᠢᠭᠰᠠᠨ ᠬᠡᠷᠡᠯ 01᠂ 02 ᠲᠤᠷᠰᠢᠯᠲᠠ ᠶᠢᠨ ᠣᠲᠣ ᠶᠢ ᠤᠷᠢᠳᠴᠢᠯᠠᠨ ᠲᠣᠭᠲᠠᠭᠠᠭᠰᠠᠨ ᠲᠣᠭᠤᠷᠢᠯᠲᠠ ᠶᠢᠨ ᠵᠠᠮ ᠳᠤ ᠤᠷᠤᠭᠰᠢᠲᠠᠶ ᠪᠠᠷ ᠣᠷᠣᠭᠤᠯᠵᠤ᠂ ᠨᠢᠰᠦᠯᠲᠡ ᠶᠢᠨ ᠲᠤᠷᠰᠢᠯᠲᠠ ᠶᠢᠨ ᠡᠭᠦᠷᠭᠡ ᠲᠡᠭᠦᠰ ᠠᠮᠵᠢᠯᠲᠠ ᠤᠯᠪᠠ᠃    ᠵᠤ᠋ ᠴᠢᠤᠸᠠᠢ ᠬᠤᠶᠠᠳᠤᠭᠠᠷ ᠰᠠᠶᠢᠵᠢᠷᠠᠭᠤᠯᠤᠭᠰᠠᠨ ᠬᠡᠯᠪᠡᠷᠢ ᠶᠢᠨ ᠠᠯᠤᠰ ᠡᠵᠡᠮᠰᠢᠯᠲᠦ ᠨᠢᠭᠡᠳᠦᠭᠡᠷ ᠨᠤᠮᠧᠷᠲᠤ ᠲᠡᠶᠢᠷᠦᠯᠲᠦ ᠰᠤᠮᠤ ᠳᠤ ᠬᠤᠶᠠᠷ ᠳᠡᠰ ᠤᠨ ᠴᠣᠭᠴᠠᠯᠠᠮᠵᠢ ᠶᠢ ᠬᠡᠷᠡᠭᠯᠡᠵᠦ᠂ ᠡᠯ᠎ᠡ ᠱᠠᠲᠤᠨ ᠳᠤ ᠴᠥᠮ ᠰᠢᠩᠭᠡᠨ ᠬᠦᠴᠢᠯᠲᠥ᠋ᠷᠥᠭᠴᠢᠲᠦ ᠮᠧᠲ᠋ᠠᠨ ᠲᠦᠯᠬᠢᠭᠴᠢ ᠡᠳ᠋ ᠢ ᠬᠡᠷᠡᠭᠯᠡᠨ᠎ᠡ᠃ ᠪᠦᠬᠦ ᠰᠤᠮᠤᠨ ᠤ ᠤᠷᠳᠦ ᠨᠢ 47.3 ᠮᠧᠲᠷ᠂ ᠰᠤᠮᠤᠨ ᠤ ᠪᠡᠶ᠎ᠡ ᠶᠢᠨ ᠳ᠋ᠢᠶᠠᠮᠧᠲᠷ ᠨᠢ 3.35 ᠮᠧᠲᠷ᠂ ᠰᠢᠯᠤᠭᠤᠳᠬᠠᠬᠤ ᠪᠦᠷᠬᠦᠭᠦᠯ ᠤᠨ ᠬᠠᠮᠤᠭ ᠶᠡᠭᠡ ᠳ᠋ᠢᠶᠠᠮᠧᠲᠷ ᠎ ᠨᠢ 3.35 ᠮᠧᠲᠷ ᠪᠣᠯᠤᠨ᠎ᠠ︔ ᠨᠢᠰᠦᠯᠲᠡ ᠶᠢᠨ ᠴᠢᠨᠠᠷ ᠨᠢ 219 ᠲᠣᠨ᠂ ᠨᠢᠰᠦᠯᠲᠡ ᠶᠢᠨ ᠲᠦᠯᠬᠢᠬᠦ ᠬᠦᠴᠦ ᠨᠢ 282 ᠲᠣᠨ᠃ ᠲᠡᠶᠢᠷᠦᠯᠳᠦ ᠰᠤᠮᠤ ᠶᠢᠨ ᠬᠤᠶᠠᠳᠤᠭᠠᠷ ᠳᠡᠰ ᠨᠢ ᠰᠢᠨ᠎ᠡ ᠰᠤᠳᠤᠯᠭᠠᠨ ᠤ ᠬᠡᠰᠡᠭ᠂ ᠲᠤᠬᠠᠶᠢᠯᠠᠪᠠᠯ ᠲᠠᠩ ᠳᠠᠪᠬᠤᠷᠭ᠎ᠠ ᠶᠢᠨ ᠬᠠᠮᠲᠤ ᠶᠢᠨ ᠰᠠᠭᠤᠷᠢ ᠲᠠᠢ ᠬᠠᠳᠠᠭᠠᠯᠠᠬᠤ ᠬᠠᠶᠢᠷᠴᠠᠭ ᠵᠢᠴᠢ ᠨᠦᠭᠡᠨ ᠵᠠᠮ ᠤᠨ ᠳᠠᠮᠵᠢᠭᠤᠯᠬᠤ ᠬᠤᠭᠤᠯᠠᠢ ᠶᠢᠨ ᠲᠥᠰᠦᠯ ᠢ ᠬᠡᠷᠡᠭᠯᠡᠵᠦ᠂ ᠬᠤᠪᠢᠶᠠᠷᠢ ᠳᠡᠰ ᠤᠨ ᠤᠷᠳᠤ ᠶᠢ ᠪᠣᠭᠤᠨᠢᠰᠬᠠᠬᠤ ᠶᠢᠨ ᠬᠠᠮᠲᠤ ᠰᠤᠮᠤᠨ ᠤ ᠪᠡᠶ᠎ᠡ ᠶᠢᠨ ᠬᠦᠨᠳᠦ ᠶᠢ ᠪᠠᠭᠠᠰᠬᠠᠨ᠎ᠠ᠃ ᠲᠡᠶᠢᠷᠦᠯᠲᠦ ᠰᠤᠮᠤ ᠶᠢᠨ ᠨᠢᠭᠡᠳᠦᠭᠡᠷ ᠬᠤᠪᠢᠶᠠᠷᠢ ᠲᠠᠰ ᠨᠢ 4 ᠲᠢᠶᠠᠨ ᠴᠢᠤᠸᠠᠢ 12 ᠰᠢᠩᠭᠡᠨ ᠬᠦᠴᠢᠯᠲᠥ᠋ᠷᠥᠭᠴᠢᠲᠦ ᠮᠧᠲ᠋ᠠᠨ ᠬᠥᠳᠡᠯᠭᠡᠭᠦᠷ ᠢ ᠵᠡᠷᠭᠡᠴᠡᠭᠦᠯᠦᠨ ᠬᠤᠯᠪᠣᠳᠠᠭ᠂ ᠬᠤᠶᠠᠳᠤᠭᠠᠷ ᠬᠤᠪᠢᠶᠠᠷᠢ ᠶᠢᠨ ᠲᠠᠰ ᠨᠢ ᠬᠤᠭᠤᠰᠣᠨ ᠲᠦᠯᠬᠢᠬᠦ ᠴᠢᠳᠠᠪᠤᠷᠢ ᠨᠢ 85 ᠲᠣᠨ ᠲᠢᠶᠠᠨ ᠴᠢᠤᠸᠠᠢ 15 A      (TQ 15 A) ᠰᠢᠩᠭᠡᠨ ᠬᠦᠴᠢᠯᠲᠥ᠋ᠷᠥᠭᠴᠢᠲᠦ ᠮᠧᠲ᠋ᠠᠨ ᠬᠥᠳᠡᠯᠭᠡᠭᠦᠷ ᠢ ᠬᠡᠷᠡᠭᠯᠡᠵᠦ᠂ ᠬᠠᠮᠲᠤ ᠳᠤᠨᠢ ᠨᠢᠭᠡ ᠢᠵᠢ ᠶᠦᠨ ᠴᠢᠤᠸᠠᠢ (YQ 10)᠎ ᠶᠢᠨ ᠲᠤᠰᠠᠯᠠᠬᠤ ᠬᠥᠳᠡᠯᠭᠡᠭᠴᠢ ᠬᠦᠴᠦᠨ ᠤ ᠰᠢᠰᠲ᠋ᠧᠮ ᠢ ᠲᠣᠬᠢᠷᠠᠭᠤᠯᠵᠤ᠂ ᠲᠡᠶᠢᠷᠦᠯᠲᠦ ᠰᠤᠮᠤ ᠶᠢᠨ ᠡᠴᠦᠰ ᠤᠨ ᠬᠤᠪᠢᠶᠠᠷᠢ ᠬᠡᠯᠪᠡᠷᠢ ᠶᠢᠨ ᠨᠠᠷᠢᠯᠢᠭ ᠲᠣᠬᠢᠷᠠᠭᠤᠯᠤᠯᠲᠠ᠂ ᠡᠴᠦᠰ ᠤᠨ ᠬᠤᠷᠳᠤᠴᠠ ᠶᠢ ᠵᠠᠰᠠᠬᠤ᠂ ᠲᠦᠯᠬᠢᠭᠴᠢ ᠡᠳ᠋ ᠤᠨ ᠢᠷᠣᠭᠠᠷ ᠲᠤ ᠲᠤᠨᠤᠬᠤ᠂ ᠵᠠᠮ ᠰᠣᠯᠢᠬᠤ᠂ ᠵᠠᠮ ᠠᠴᠠ ᠰᠠᠯᠬᠤ ᠵᠡᠷᠭᠡ ᠴᠢᠳᠠᠮᠵᠢ ᠶᠢ ᠪᠡᠶᠡᠯᠡᠭᠦᠯᠬᠦ ᠳᠤ ᠬᠡᠷᠡᠭᠯᠡᠨ᠎ᠡ᠃    ᠵᠤ᠋ ᠴᠢᠤᠸᠠᠢ ᠬᠤᠶᠠᠳᠤᠭᠠᠷ ᠰᠠᠶᠢᠵᠢᠷᠠᠭᠤᠯᠤᠭᠰᠠᠨ ᠬᠡᠯᠪᠡᠷᠢ ᠶᠢᠨ ᠠᠯᠤᠰ ᠡᠵᠡᠮᠰᠢᠯᠲᠦ ᠨᠢᠭᠡᠳᠦᠭᠡᠷ ᠨᠤᠮᠧᠷᠲᠤ ᠲᠡᠶᠢᠷᠦᠯᠲᠦ ᠰᠤᠮᠤ ᠶᠢ ᠬᠦᠬᠡ ᠰᠤᠮᠤ ᠶᠢᠨ ᠰᠠᠨᠰᠠᠷ ᠤᠨ ᠠᠶᠠᠯᠠᠯ ᠠᠴᠠ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠴᠦ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ᠂ ᠨᠢᠭᠡᠨᠲᠡ ᠵᠠᠯᠭᠠᠭ᠎ᠠ ᠪᠠᠷ ᠬᠠᠷᠪᠤᠭᠠᠳ ᠠᠮᠵᠢᠯᠲᠠ ᠣᠯᠤᠭᠰᠠᠨ ᠵᠤ᠋ ᠴᠢᠤᠸᠠᠢ ᠬᠤᠶᠠᠳᠤᠭᠠᠷ ᠳᠤᠮᠳᠠ ᠬᠡᠯᠪᠡᠷᠢ ᠶᠢᠨ ᠰᠢᠩᠭᠡᠨ ᠬᠦᠴᠢᠯᠲᠥ᠋ᠷᠥᠭᠴᠢᠲᠦ ᠮᠧᠲ᠋ᠠᠨ ᠤ ᠲᠡᠶᠢᠷᠦᠯᠳᠦ ᠰᠤᠮᠤ ᠶᠢᠨ ᠪᠣᠯᠪᠠᠰᠤᠷᠠᠩᠭᠤᠢ ᠪᠣᠯᠤᠭᠰᠠᠨ ᠮᠡᠷᠭᠡᠵᠢᠯ ᠢ ᠭᠦᠢᠴᠡᠳ ᠵᠠᠯᠭᠠᠮᠵᠢᠯᠠᠵᠤ᠂ ᠡᠭᠦᠨ ᠤ ᠰᠠᠭᠤᠷᠢᠨ ᠳᠡᠭᠡᠷ᠎ᠡ ᠪᠦᠬᠦ ᠲᠠᠯ᠎ᠠ ᠪᠠᠷ ᠰᠢᠯᠢᠳᠡᠭᠵᠢᠭᠦᠯᠬᠦ ᠪᠠ ᠥᠭᠡᠷᠡᠴᠢᠯᠡᠨ ᠰᠠᠶᠢᠵᠢᠷᠠᠭᠤᠯᠵᠤ᠂ ᠤᠳᠤ ᠨᠢᠭᠡᠨᠲᠡ ᠬᠤᠳᠠᠯᠳᠤᠭᠠᠨ ᠤ ᠡᠵᠡᠩᠨᠡᠯᠲᠡ ᠶᠢᠨ ᠱᠠᠲᠤᠨ ᠳᠤ ᠵᠢᠩᠬᠢᠨᠢ ᠪᠠᠷ ᠣᠷᠣᠵᠤ᠂ ᠵᠠᠬ᠎ᠠ ᠳᠡᠯᠭᠡᠭᠦᠷ ᠲᠤ ᠬᠠᠨᠳᠤᠭᠤᠯᠤᠨ ᠪᠥᠭᠡᠮ ᠢᠶᠠᠷ ᠬᠡᠮᠵᠢᠶᠡᠵᠢᠭᠦᠯᠦᠨ ᠲᠤᠰᠢᠶᠠᠵᠤ ᠪᠠᠶᠢᠨ᠎ᠠ᠃ ᠵᠤ᠋ ᠴᠢᠤᠸᠠᠢ ᠬᠤᠶᠠᠳᠤᠭᠠᠷ ᠰᠠᠶᠢᠵᠢᠷᠠᠭᠤᠯᠤᠭᠰᠠᠨ ᠬᠡᠯᠪᠡᠷᠢ ᠶᠢᠨ ᠲᠡᠶᠢᠷᠦᠯᠲᠦ ᠰᠤᠮᠤ 500 ᠺᠢᠯᠣᠮᠧᠲᠷ ᠤᠨ ᠨᠡᠷᠡᠨ ᠤ ᠢᠵᠢᠯ ᠠᠯᠬᠤᠮᠳᠤ ᠲᠣᠭᠤᠷᠢᠯᠲᠠ ᠶᠢᠨ ᠵᠠᠮ ᠤᠨ ᠲᠡᠭᠡᠭᠡᠪᠦᠷᠢᠯᠡᠬᠦ ᠴᠢᠳᠠᠪᠤᠷᠢ ᠨᠢ 4 ᠲᠣᠨ ᠳᠤ ᠬᠦᠷᠴᠦ᠂ ᠲᠦᠢᠯ ᠤᠨ ᠥᠷᠢᠰᠦᠯᠳᠦᠬᠦ ᠬᠦᠴᠦᠨ ᠲᠠᠢ ᠥᠪᠡᠷ ᠤᠨ ᠥᠷᠲᠡᠭ ᠤᠨ ᠳᠠᠪᠠᠭᠤᠯᠢᠭ᠂ ᠲᠤᠰᠢᠶᠠᠨ ᠥᠭᠴᠦ ᠪᠠᠲᠤᠯᠠᠬᠤ ᠴᠢᠳᠠᠪᠤᠷᠢ ᠵᠢᠴᠢ ᠲᠣᠭᠲᠠᠭᠤᠨ ᠢᠶᠠᠷ ᠬᠠᠷᠪᠤᠬᠤ ᠨᠠᠶᠢᠳᠠᠪᠤᠷᠢᠲᠤ ᠴᠢᠨᠠᠷ ᠤᠨ ᠰᠢᠯᠭᠠᠨ ᠪᠠᠲᠤᠯᠠᠯᠲᠠ ᠳᠤ ᠲᠦᠰᠢᠭᠯᠡᠨ᠂ ᠨᠢᠭᠡᠨ ᠢᠷᠡᠭᠡᠳᠦᠶ ᠶᠢᠨ ᠬᠤᠳᠠᠯᠳᠤᠭᠠᠨ ᠤ ᠳᠠᠭᠠᠭᠤᠯᠢ ᠣᠳᠣᠨ ᠤ ᠬᠠᠷᠪᠤᠯᠲᠠ ᠶᠢᠨ ᠵᠠᠬ᠎ᠠ ᠳᠡᠯᠭᠡᠭᠦᠷ ᠤᠨ ᠭᠤᠤᠯ ᠬᠦᠴᠦᠨ ᠎ ᠤ ᠲᠡᠶᠢᠷᠦᠯᠲᠦ ᠰᠤᠮᠤ ᠪᠣᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号