ᠡᠵᠡᠨ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ  ᠪᠠᠶᠢᠭᠤᠯᠤᠮᠵᠢ ᠶᠢᠨ ᠡᠭᠦᠷᠭᠡ ᠴᠢᠳᠠᠪᠤᠷᠢ
ᠨᠡᠶᠢᠲᠡᠯᠡᠭᠰᠡᠨ ᠴᠠᠭ᠄
2024/12/23
    ᠡᠵᠡᠨ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠣᠯ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭ᠎ᠠ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠭᠤᠤᠯᠴᠢᠯᠠᠨ ᠬᠠᠮᠢᠶᠠᠷᠤᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠬᠤᠰᠢᠭᠤᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠠᠯᠪᠠᠨ ᠬᠡᠷ ᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠲᠣᠬᠢᠷᠠᠭᠤᠯᠪᠠ᠃ ᠪᠦᠬᠦ ᠲᠣᠪᠴᠢᠶ᠎ᠠ ᠳᠤ ᠬᠠᠷᠢᠶᠠᠯᠠᠭᠳᠠᠵᠤ ᠪᠠᠶᠢᠭ᠎ᠠ 8 ᠬᠠᠤᠯᠢ ᠴᠠᠭᠠᠵᠠ ᠶᠢᠨ ᠰᠠᠯᠪᠣᠷᠢ ᠨᠢ 9 ᠡᠭᠦᠷᠭᠡ ᠴᠢᠳᠠᠪᠬᠢ ᠶᠢᠨ ᠲᠠᠰᠤᠭ ᠭᠠᠷᠭᠠᠵᠤ᠂ ᠦᠨᠳᠦᠰᠦᠨ ᠱᠠᠲᠤᠨ ᠤ ᠨᠢᠭᠡᠴᠢ ᠳᠤ ᠡᠵᠡᠨ᠎ᠡ ᠬᠤᠰᠢᠭᠤᠨ ᠤ ᠠᠯᠪᠠᠨ ᠭᠡᠷᠡᠴᠢᠯᠡᠭᠡ ᠶᠢᠨ ᠭᠠᠵᠠᠷ᠂ ᠡᠵᠡᠨ᠎ᠡ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠪᠠᠶᠢᠨ᠎ᠠ᠃    ᠡᠵᠡᠨ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ    ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠤᠯᠤᠰ ᠤᠨ ᠪᠥᠬᠦ ᠲᠠᠯ᠎ᠠ ᠪᠠᠷ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄    ︵ᠨᠢᠭᠡ︶ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢ ᠰᠤᠳᠤᠯᠵᠤ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠴᠠᠭᠤᠯᠤᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠥᠬᠦᠶ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠠ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯ ᠢ ᠵᠢᠯᠣᠭᠤᠳᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠬᠤ᠂ ᠢᠯᠭᠠᠷᠠᠭᠤᠯᠬᠤ ᠠᠵᠢᠯ ᠢ ᠳᠠᠭᠠᠭᠠᠨ ᠭᠦᠢᠴᠡᠳᠬᠡᠵᠦ᠂ ᠡᠯ᠎ᠡ ᠰᠤᠮᠤ ︵ᠪᠠᠯᠭᠠᠰᠤ︶᠎ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠬᠤ᠂ ᠬᠢᠨᠠᠨ ᠪᠠᠶᠢᠴᠠᠭᠠᠬᠤ᠂ ᠢᠯᠭᠠᠷᠠᠭᠤᠯᠬᠤ ᠠᠵᠢᠯ ᠢ ᠬᠢᠨᠠᠯᠲᠠ ᠲᠠᠯᠪᠢᠨ ᠵᠢᠯᠣᠭᠤᠳᠤᠨ᠎ᠠ᠃ ᠡᠯ᠎ᠡ ᠰᠤᠮᠤ ᠪᠠᠯᠭᠠᠰᠤ︶ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠣᠨᠳᠣᠤ ᠰᠠᠨᠠᠯ ᠲᠠᠢ ᠭᠤᠶᠤᠴᠢᠯᠠᠬᠤ ᠠᠵᠢᠯ ᠢ ᠬᠠᠷᠢᠭᠤᠴᠠᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠬᠤᠰᠢᠭᠤ ᠶᠢ ᠪᠥᠬᠦ ᠲᠠᠯ᠎ᠠ ᠪᠠᠷ ᠬᠠᠤᠯᠢ ᠶᠣᠰᠣᠭᠠᠷ ᠵᠠᠰᠠᠬᠤ ᠵᠥᠪᠯᠡᠯ ᠤᠨ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃    ︵ᠬᠤᠶᠠᠷ︶ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠬᠠᠤᠯᠢ ᠲᠣᠭᠲᠠᠭᠠᠬᠤ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠬᠠᠮᠵᠢᠯᠴᠠᠬᠤ ᠶᠢ ᠬᠠᠷᠢᠭᠤᠴᠠᠨ᠎ᠠ᠃    ︵ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠬᠤᠰᠢᠭᠤᠨ ᠤ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ  ᠰᠢᠢᠳᠪᠤᠷᠢᠯᠡᠬᠦ ᠠᠵᠢᠯ ᠢ ᠬᠠᠷᠢᠭᠤᠴᠠᠨ᠎ᠠ᠃    ︵ᠲᠦᠷᠪᠡ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠬᠤᠰᠢᠭᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠬᠠᠤᠯᠢ ᠪᠠᠷ ᠵᠠᠰᠠᠬᠤ ᠪᠠ ᠬᠠᠤᠯᠢ ᠪᠠᠷ ᠵᠠᠰᠠᠬᠤ ᠡᠭᠦᠳᠦᠨ ᠪᠠᠶᠢᠭᠤᠯᠬᠤ ᠠᠵᠢᠯ ᠢ ᠬᠠᠷᠢᠭᠤᠴᠠᠵᠤ᠂ ᠠᠷᠠᠳ ᠲᠦᠮᠡᠨ ᠤ ᠣᠷᠣᠯᠴᠠᠬᠤ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠶᠢ ᠠᠬᠢᠭᠤᠯᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠤᠨ᠎ᠠ᠃    ︵ᠲᠠᠪᠤ︶ ᠪᠥᠬᠦ ᠬᠤᠰᠢᠭᠤᠨ ᠤ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠮᠢᠶᠠᠷᠤᠯᠲᠠ ᠪᠠ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠢ ᠬᠠᠪᠰᠤᠷᠤᠨ ᠰᠤᠷᠭᠠᠵᠤ ᠲᠥᠪᠬᠢᠨᠡᠭᠦᠯᠬᠦ ᠠᠵᠢᠯ ᠢ ᠬᠠᠷᠢᠭᠤᠴᠠᠨ᠎ᠠ᠃    ︵ᠵᠢᠷᠭᠤᠭ᠎ᠠ︶ ᠪᠥᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠬᠥᠳᠡᠭᠡ ᠣᠷᠣᠨ ᠪᠦᠰᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠪᠠ ᠪᠠᠶᠢᠷᠢᠯᠠᠭᠤᠯᠬᠤ ᠶᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ  ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠪᠣᠯᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃   ︵ᠳᠤᠯᠤᠭ᠎ᠠ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠲᠣᠨᠤᠭ ᠲᠥᠬᠦᠭᠡᠷᠦᠮᠵᠢ ᠪᠠ ᠴᠠᠭᠳᠠᠭᠠᠨ ᠤ ᠲᠡᠷᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂  ᠲᠠᠯᠠᠪᠤᠷ ᠵᠡᠷᠭᠡ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃    ︵ᠨᠠᠢᠮᠠ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠪᠠ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠎ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡ ᠶᠢ ᠬᠠᠮᠢᠶᠠᠷᠤᠨ᠎ᠠ᠃    ︵ᠶᠢᠰᠦ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠤ ᠤᠤᠯ ᠤᠨ ᠪᠣᠭᠤᠮᠲᠠ ᠶᠢᠨ ᠲᠣᠮᠣ ᠠᠰᠠᠷ ᠤᠨ B ᠰᠠᠭᠤᠳᠠᠯ    ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂             15᠄ 00-1800 ︵ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠠᠯᠪᠠᠨ ᠤᠲᠠᠰᠤ᠄ 0483 - 6523489    ᠬᠠᠷᠢᠭᠤᠴᠠᠯᠭᠠᠲᠠᠨ ᠤ ᠣᠪᠣᠭ ᠨᠡᠷ᠎ᠡ ᠪᠠᠳᠠᠷᠠ    ᠮᠡᠳᠡᠭᠡ ᠵᠠᠩᠭᠢ ᠶᠢᠨ ᠢᠷᠡᠯᠲᠡ᠄ ᠡᠵᠡᠨ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号