ᠣᠯᠠᠭᠠᠠᠭᠤᠯᠠ ᠭᠠᠴᠠᠭ᠎ᠠ ᠮᠠᠯᠴᠢᠳ ᠤᠨ ᠶᠡᠭᠡ ᠬᠤᠷᠠᠯ ᠵᠢᠴᠢ ᠬᠤᠪᠢ ᠣᠷᠣᠭᠤᠯᠤᠭᠴᠢᠳ ᠤᠨ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/24
    ᠦᠨᠳᠦᠰᠦᠨ ᠱᠠᠲᠤᠨ ᠤ ᠠᠷᠠᠳᠴᠢᠯᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠵᠢᠯ ᠤᠨ ᠡᠴᠦᠰ ᠤᠨ ᠰᠡᠭᠦᠯ ᠬᠤᠷᠢᠶᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠷᠡᠬᠦ ᠵᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠨ ᠪᠠᠶᠢᠷᠢᠯᠠᠭᠤᠯᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 21 ᠤ ᠡᠳᠦᠷ᠂ ᠣᠯᠠᠭᠠᠠᠭᠤᠯᠠ ᠭᠠᠴᠠᠭ᠎ᠠ ᠪᠥᠬᠦ ᠮᠠᠯᠴᠢᠳ ᠤᠨ ᠶᠡᠭᠡ ᠬᠤᠷᠠᠯ ᠵᠢᠴᠢ ᠬᠤᠪᠢ ᠣᠷᠣᠭᠤᠯᠤᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠬᠤᠷᠠᠯ ᠢ  ᠭᠠᠴᠠᠭᠠᠨ ᠤ ᠨᠠᠮ ᠤᠨ ᠡᠭᠦᠷ ᠤᠨ ᠱᠦᠵᠢ᠂  ᠭᠠᠴᠠᠭᠠᠨ ᠳᠠᠷᠤᠭ᠎ᠠ ᠭᠤᠣ ᠶᠢᠨ ᠪᠣᠣ ᠡᠷᠭᠢᠯᠡᠪᠡ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠠ ᠸᠠᠨ ᠹᠧᠢ ᠵᠢᠭᠠᠨ ᠵᠢᠯᠤᠭᠤᠳᠴᠤ᠂ ᠭᠠᠴᠠᠭᠠᠨ ᠤ ᠨᠢᠭᠡᠳᠦᠭᠡᠷ ᠱᠦᠵᠢ ᠵᠢᠴᠢ ᠭᠠᠴᠠᠭᠠᠨ ᠤ ︽ᠬᠤᠶᠠᠷ ᠵᠥᠪᠯᠡᠯ︾ ᠬᠤᠷᠠᠯ ᠳᠤ ᠣᠷᠣᠯᠴᠠᠵᠤ᠂ ᠭᠠᠴᠠᠭᠠᠨ ᠤ ᠪᠥᠬᠦ ᠮᠠᠯᠴᠢᠨ ᠡᠷᠦᠬᠡ ᠢᠳᠡᠪᠬᠢᠲᠡᠢ  ᠣᠷᠣᠯᠴᠠᠵᠠᠭᠠᠪᠠ᠃     ᠬᠤᠷᠠᠯ ᠠᠴᠠ  ᠣᠯᠠᠭᠠᠠᠭᠤᠯᠠ ᠭᠠᠴᠠᠭᠠᠨ ᠤ 2021 — 2024 ᠣᠨ ᠤ ᠠᠵᠢᠯ ᠤᠨ ᠪᠠᠶᠢᠳᠠᠯ ᠤᠨ ᠳ᠋ᠦᠩᠨᠡᠯᠲᠡ ᠶᠢᠨ ᠬᠠᠷᠢᠭᠤ ᠮᠡᠳᠡᠭᠦᠯᠦᠯᠲᠡ ᠬᠢᠵᠦ᠂ ︽ᠣᠯᠠᠭᠠᠠᠭᠤᠯᠠ ᠭᠠᠴᠠᠭᠠᠨ ᠤ ᠳᠦᠷᠢᠮ ᠠᠷᠠᠳ ᠤᠨ ᠭᠡᠷ᠎ᠡ︾᠂ ︽ᠡᠵᠡᠨ᠎ᠡ ᠬᠤᠰᠢᠭᠤᠨ ᠤ ᠬᠠᠷᠠᠪᠦ᠋ᠷᠭᠦᠳ ᠤᠨ ᠠᠭᠤᠯᠠ ᠪᠠᠯᠭᠠᠰᠤᠨ ᠤ ᠣᠯᠠᠭᠠᠠᠭᠤᠯᠠ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠤᠨ ᠳᠦᠷᠢᠮ︾᠂ ︽ᠡᠵᠡᠨ᠎ᠡ ᠬᠤᠰᠢᠭᠤᠨ ᠤ ᠬᠠᠷᠠᠪᠦ᠋ᠷᠭᠦᠳ ᠤᠨ ᠠᠭᠤᠯᠠ ᠪᠠᠯᠭᠠᠰᠤᠨ ᠤ ᠣᠯᠠᠭᠠᠠᠭᠤᠯᠠ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ︾ ᠵᠢᠴᠢ ︽ᠬᠡᠷᠡᠭᠵᠢᠭᠦᠯᠬᠦ ᠨᠠᠷᠢᠨ ᠳᠦᠷᠢᠮ︾ ᠢ ᠬᠢᠨᠠᠨ ᠶᠠᠷᠢᠯᠴᠠᠵᠤ ᠪᠠᠲᠤᠯᠠᠪᠠ᠃ ᠣᠯᠠᠭᠠᠠᠭᠤᠯᠠ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠤᠨ ᠰᠢᠨ᠎ᠡ ᠪᠠᠷ ᠨᠡᠮᠡᠭᠳᠡᠭᠰᠡᠨ ᠬᠤᠪᠢ ᠣᠷᠣᠭᠤᠯᠤᠭᠴᠢ ᠶᠢᠨ ᠪᠦᠷᠢᠯᠳᠦᠭᠦᠨ ᠵᠢᠴᠢ ᠣᠯᠠᠭᠠᠠᠭᠤᠯᠠ ᠭᠠᠴᠠᠭᠠᠨ ᠤ ︽ᠴᠠᠭᠠᠨ ᠭᠤᠶᠣᠣ︾ ᠶᠢᠨ ᠰᠠᠭᠤᠷᠢᠨ ᠭᠠᠵᠠᠷ ᠤᠨ ᠪᠣᠳᠠᠰ ᠤᠨ ᠡᠷᠬᠡ ᠶᠢᠨ ᠰᠢᠢᠳᠪᠦᠷᠢᠯᠡᠯᠲᠡ ᠵᠡᠷᠭᠡ ᠶᠢ ᠮᠠᠭᠠᠳᠯᠠᠨ ᠲᠣᠭᠲᠠᠭᠠᠬᠤ ᠶᠢᠨ ᠬᠠᠮᠲᠤ ᠥᠷᠭᠡᠨ ᠣᠯᠠᠨ ᠮᠠᠯᠴᠢᠳ ᠠᠴᠠ ᠰᠠᠨᠠᠯ ᠬᠤᠷᠢᠶᠠᠵᠤ᠂ ᠮᠠᠯᠴᠢᠨ ᠲᠦᠮᠡᠨ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠭᠠᠴᠠᠭᠠᠨ ᠤ ᠡᠯ᠎ᠡ ᠵᠦᠢᠯ ᠤᠨ ᠠᠵᠢᠯ ᠢ ᠥᠷᠨᠢᠭᠦᠯᠬᠦ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠪᠠ᠃    ᠳᠠᠷᠠᠭ᠎ᠠ ᠪᠠᠷ ᠨᠢ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠵᠢᠴᠢ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠠᠵᠢᠯᠲᠠᠨ ᠢ ᠤᠷᠢᠵᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢ ᠲᠠᠨᠢᠯᠴᠠᠭᠤᠯᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠨᠠᠷᠢᠨ ᠲᠣᠳᠣᠷᠬᠠᠢ ᠬᠠᠷᠢᠭᠤᠯᠲᠠ ᠪᠠ ᠲᠣᠳᠣᠷᠬᠠᠶᠢᠯᠠᠯᠲᠠ ᠬᠢᠯᠭᠡᠪᠡ᠃    ᠡᠨᠡ ᠣᠳᠠᠭᠠᠨ ᠤ ᠬᠤᠷᠠᠯ ᠳᠤ᠂ ᠠᠷᠠᠳᠴᠢᠯᠠᠯ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠡᠭᠦᠨ ᠤ ᠬᠠᠮᠲᠤ ᠪᠠᠰᠠ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠷᠠᠭᠠᠴᠢ ᠶᠢᠨ ᠠᠯᠬᠤᠮ ᠳᠤ᠂ ᠣᠯᠠᠭᠠᠠᠭᠤᠯᠠ ᠭᠠᠴᠠᠭ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠮᠠᠯᠴᠢᠳ ᠤᠨ ︽ᠰᠡᠳᠬᠢᠯ ᠤᠨ ᠶᠠᠪᠤᠳᠠᠯ︾ ᠢ ᠲᠣᠰ ᠪᠡᠶ᠎ᠡ ᠶᠢᠨ ᠢᠶᠠᠨ ︽ᠮᠥᠷᠥᠨ ᠳᠡᠭᠡᠷᠡᠬᠢ ᠶᠠᠪᠤᠳᠠᠯ︾ ᠪᠣᠯᠭᠠᠵᠤ᠂  ᠭᠠᠴᠠᠭᠠᠨ ᠤ ᠠᠵᠤ ᠠᠬᠤᠢ ᠶᠢᠨ ᠬᠥᠭᠵᠢᠯᠲᠡ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠮᠠᠯᠴᠢᠳ ᠤᠨ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠭᠤᠣᠯ ᠡᠭᠦᠷᠭᠡ ᠶᠢᠨ ᠲᠣᠭᠤᠷᠢᠨ ᠳᠤ᠂ ᠨᠠᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠬᠥᠭᠵᠢᠯᠲᠡ ᠶᠢᠨ ᠲᠥᠯᠦᠪᠵᠢᠭᠦᠯᠭᠡ ᠪᠠ ᠠᠵᠢᠯ ᠤᠨ ᠲᠥᠯᠥᠪᠯᠡᠭᠡ ᠲᠣᠭᠲᠠᠭᠠᠵᠤ᠂ ᠮᠠᠯᠴᠢᠨ ᠲᠦᠮᠡᠨ ᠤ  ᠭᠠᠴᠠᠭᠠᠨ ᠤ ᠪᠣᠳᠠᠲᠠᠢ ᠬᠡᠷᠡᠭ ᠶᠠᠪᠤᠳᠠᠯ ᠤᠨ ᠲᠤᠬᠠᠢ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠭᠠᠴᠠᠭᠠᠨ ᠤ ᠡᠯ᠎ᠡ ᠵᠦᠢᠯ ᠤᠨ ᠠᠵᠢᠯ ᠤᠨ ᠰᠢᠨ᠎ᠡ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠣᠨ᠎ᠠ᠃ 
 
ᠢᠷᠡᠯᠲᠡ᠄ ᠬᠠᠷ᠎ᠠ ᠪᠦᠷᠭᠦᠳ ᠤᠨ ᠠᠭᠤᠯᠠ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号