ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠬᠠᠷ᠎ᠠ ᠭᠤᠤᠯ ᠤᠨ ᠰᠠᠪᠠ ᠭᠠᠵᠠᠷ ᠤᠨ | ᠬᠠᠮᠢᠶᠠᠷᠤᠯᠲᠠ ᠶᠢᠨ ᠲᠣᠪᠴᠢᠶ᠎ᠠ ᠶᠢᠨ ︽ᠡᠵᠡᠨ᠎ᠡ ᠬᠤᠰᠢᠭᠤᠨ ᠤ ᠡᠪᠦᠯ ᠤᠨ ᠤᠯᠠᠷᠢᠯ ᠤᠨ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠢ ᠦᠨᠳᠦᠰᠦᠯᠡᠨ᠂ ᠳᠤᠮᠳᠠ ᠳᠣᠣᠷᠠᠳᠤ | ᠤᠷᠤᠰᠬᠠᠯ ᠤᠨ ᠭᠠᠵᠠᠷ ᠣᠷᠣᠨ ᠳᠤ ᠡᠪᠦᠯ ᠤᠨ ᠤᠰᠤᠯᠠᠯᠲᠠ᠂ ᠲᠠᠯ᠎ᠠ ᠭᠠᠵᠠᠷ ᠤᠨ ᠤᠰᠤᠨ ᠴᠥᠭᠦᠷᠥᠮ ᠵᠢᠴᠢ | ᠬᠦᠢᠰᠦᠨ ᠬᠠᠰᠢᠯᠭ᠎ᠠ ᠶᠢᠨ ᠬᠥᠯᠳᠡᠬᠦ ᠶᠢ ᠰᠡᠷᠭᠡᠶᠢᠯᠡᠵᠦ ᠤᠰᠤ ᠵᠠᠯᠠᠬᠤ ᠪᠠ ᠦᠶᠡᠷ ᠤᠨ ᠬᠤᠭᠤᠴᠠᠭᠠᠨ ᠤ ᠭᠤᠤᠯ | ᠤᠷᠤᠰᠬᠠᠯ ᠤᠨ ᠣᠷᠣᠨ ᠤ ᠤᠰᠤᠯᠠᠯᠲᠠ ᠶᠢᠨ ᠤᠰᠤ ᠪᠤᠴᠠᠬᠤ ᠵᠡᠷᠭᠡ ᠶᠢ ᠵᠠᠯᠭᠠᠭ᠎ᠠ ᠪᠠᠷ ᠳᠠᠭᠤᠰᠬᠠᠬᠤ ᠶᠢ | ᠳᠠᠭᠠᠯᠳᠤᠨ᠂ ᠮᠠᠨ ᠤ ᠬᠤᠰᠢᠭᠤᠨ ᠤ ᠤᠰᠤᠨ ᠤ ᠬᠡᠮᠵᠢᠶ᠎ᠡ ᠠᠭᠠᠵᠢᠮ ᠢᠶᠠᠷ ᠨᠡᠮᠡᠭᠳᠡᠵᠦ᠂ 12 ᠰᠠᠷ᠎ᠠ ᠶᠢᠨ 10 ᠤ | ᠡᠳᠦᠷ᠂ ᠪᠠᠶᠠᠨᠪᠣᠭᠲᠠ ᠶᠢᠨ ᠤᠰᠤᠨ ᠤ ᠣᠭᠲᠣᠯᠤᠭᠠᠰᠤ ᠶᠢᠨ ᠤᠰᠤᠨ ᠤ ᠤᠷᠤᠰᠬᠠᠯ ᠤᠨ ᠬᠡᠮᠵᠢᠶ᠎ᠡ 13. | 3m³/s ᠲᠤ ᠬᠦᠷᠴᠦ᠂ 12 ᠰᠠᠷ᠎ᠠ ᠶᠢᠨ 17 ᠤ ᠡᠳᠦᠷ ᠡᠤ ᠰᠤᠮᠤ ᠶᠢᠨ ᠤᠰᠤᠨ ᠬᠠᠰᠢᠯᠭ᠎ᠠ ᠳᠤ ᠬᠦᠷᠪᠡ᠃ | ᠳᠡᠭᠡᠷ᠎ᠡ ᠵᠢᠯ ᠬᠠᠷ᠎ᠠ ᠭᠤᠤᠯ ᠤᠨ ᠭᠤᠤᠯ ᠤᠷᠤᠰᠬᠠᠯ ᠤᠨ ᠤᠰᠤ ᠬᠡᠴᠡᠬᠦᠦ ᠪᠠᠭᠠᠰᠤᠭᠰᠠᠨ ᠠᠴᠠ ᠪᠤᠯᠵᠤ ᠤᠰᠤ ᠪᠠᠭ᠋ᠠᠨ | ᠳᠤᠲᠠᠭᠳᠠᠵᠤ᠂ 12 ᠰᠠᠷ᠎ᠠ ᠶᠢᠨ 17 ᠤ ᠡᠳᠦᠷ ᠰᠣᠪᠨᠠᠭᠤᠷ ᠤᠨ ᠤᠰᠤᠨ ᠭᠠᠳᠠᠷᠭᠤ ᠶᠢᠨ ᠲᠠᠯᠠᠪᠠᠶ 37.4 ᠲᠡᠭᠰᠢ | ᠳᠥᠷᠪᠡᠯᠵᠢᠨ ᠺᠢᠯᠥᠮᠧᠲᠷ ᠪᠠᠶᠢᠵᠤ᠂ ᠤᠰᠤ ᠬᠠᠳᠠᠭᠠᠯᠠᠭᠴᠠ 4290 ᠲᠦᠮᠡᠨ ᠪᠣᠰᠤᠭ᠎ᠠ ᠳᠥᠷᠪᠡᠯᠵᠢᠨ ᠮᠧᠲᠷ | ᠪᠠᠶᠢᠵᠤ᠂ ᠡᠭᠦᠨ ᠤ ᠳᠡᠭᠡᠷ᠎ᠡ ᠬᠠᠷ᠎ᠠ ᠭᠤᠤᠯ ᠤᠨ ᠭᠤᠤᠯ ᠤᠷᠤᠰᠬᠠᠯ ᠤᠨ ᠤᠰᠤ ᠮᠥᠨ ᠬᠦ ᠪᠠᠭᠠᠰᠴᠤ᠂ | ᠰᠤᠪᠨᠠᠭᠤᠷ ᠤᠨ ᠤᠰᠤ ᠰᠢᠷᠭᠢᠬᠦ ᠲᠦᠭᠰᠢᠭᠦᠷᠢ ᠲᠦᠷᠭᠡᠨ ᠳᠡᠭᠡᠭᠰᠢᠯᠡᠵᠡᠶ᠃ ᠲᠤᠤᠷᠠᠳᠤ ᠣᠷᠣᠰᠬᠠᠯ ᠤᠨ ᠠᠮᠢ | ᠠᠬᠤᠢ ᠶᠢᠨ ᠰᠢᠰᠲ᠋ᠧᠮ ᠮᠠᠭᠤᠳᠠᠬᠤ ᠲᠦᠭᠰᠢᠭᠦᠷᠢ ᠶᠢ ᠢᠳᠡᠪᠬᠢᠲᠡᠢ ᠠᠷᠭᠠᠴᠠᠭᠠᠵᠤ᠂ ᠡᠵᠡᠨ᠎ᠡ ᠶᠢᠨ ᠨᠣᠭᠤᠭᠠᠨ | ᠪᠦᠷᠢᠳᠦ ᠶᠢᠨ ᠠᠮᠢ ᠠᠬᠤᠢ ᠶᠢᠨ ᠬᠡᠷᠡᠭᠯᠡᠬᠦ ᠤᠰᠤᠨ ᠤ ᠲᠣᠬᠢᠷᠠᠭᠤᠯᠤᠯᠲᠠ ᠶᠢ ᠦᠨᠡᠨᠬᠦ ᠰᠠᠶᠢᠲᠤᠷ ᠬᠢᠵᠦ᠂ | ᠬᠢᠵᠠᠭᠠᠷ ᠲᠠᠢ ᠤᠰᠤᠨ ᠤ ᠡᠬᠢ ᠪᠠᠶᠠᠯᠢᠭ ᠤᠨ ᠠᠮᠢ ᠠᠬᠤᠢ ᠶᠢᠨ ᠦᠷ᠎ᠡ ᠠᠰᠢᠭ ᠢ ᠬᠠᠮᠤᠭ ᠶᠡᠭᠡ ᠬᠡᠮᠵᠢᠶ᠎ᠡ ᠪᠠᠷ | ᠪᠠᠳᠠᠷᠠᠭᠤᠯᠬᠤ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠡᠪᠦᠯ ᠤᠨ ᠤᠯᠠᠷᠢᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠳᠤ᠂ ᠤᠷᠢᠳ ᠢᠶᠠᠷ ᠰᠤᠪᠨᠠᠭᠤᠷ ᠲᠤ | ᠵᠣᠬᠢᠬᠤ ᠤᠰᠤᠨ ᠤ ᠬᠡᠮᠵᠢᠶ᠎ᠡ ᠶᠢ ᠨᠥᠬᠦᠪᠥᠷᠢᠯᠡᠵᠦ᠂ ᠰᠤᠪᠨᠠᠭᠤᠷ ᠤᠨ ᠵᠦᠶ ᠵᠣᠬᠢᠰᠲᠠᠶ ᠤᠰᠤᠨ ᠣᠷᠣᠨ ᠤ | ᠲᠠᠯᠠᠪᠠᠶ ᠶᠢ ᠪᠠᠷᠢᠮᠲᠠᠯᠠᠨ᠎ᠠ᠃ ᠨᠣᠭᠤᠭᠠᠨ ᠪᠦᠷᠢᠳᠦ ᠶᠢᠨ ᠭᠤᠣᠯ ᠣᠷᠣᠨ ᠤ ᠠᠮᠢ ᠠᠬᠤᠢ ᠶᠢᠨ ᠬᠡᠷᠡᠭᠯᠡᠬᠦ ᠤᠰᠤ ᠶᠢ | ᠭᠤᠣᠯᠳᠠᠯᠭ᠎ᠠ ᠲᠠᠢ ᠪᠠᠲᠤᠯᠠᠨ᠎ᠠ᠃ | ᠬᠤᠶᠠᠷ᠂ ᠲᠣᠰ ᠤᠳᠠᠭᠠᠨ ᠤ ᠤᠰᠤᠨ ᠤ ᠬᠡᠮᠵᠢᠶ᠎ᠡ ᠶᠢ ᠲᠣᠬᠢᠷᠠᠭᠤᠯᠤᠭᠰᠠᠨ ᠦᠷ᠎ᠡ ᠪᠦᠲᠦᠮᠵᠢ ᠶᠢ | ᠪᠠᠲᠤᠯᠠᠬᠤ ᠶᠢᠨ ᠲᠥᠯᠥᠭᠡ᠂ ᠨᠢᠭᠡ ᠳᠤ ᠵᠡᠭᠦᠨ ᠭᠤᠤᠯ ᠤᠨ ᠨᠠᠭᠤᠷ ᠲᠤ ᠤᠰᠤ ᠣᠷᠣᠭᠤᠯᠬᠤ ᠬᠥᠬᠡ ᠥᠩᠭᠡᠲᠡᠶ | ᠵᠠᠮ ︵ᠢ ᠾᠧ ᠭᠤᠤᠯ︶ ᠤᠨ ᠳᠣᠲᠣᠷᠠᠬᠢ ᠪᠣᠶ ᠪᠥᠬᠦᠶ ᠬᠠᠭᠠᠯᠲᠠ ᠶᠢ ᠪᠦᠬᠦᠨ ᠢ ᠨᠡᠭᠡᠭᠡᠵᠦ᠂ ᠡᠯ᠎ᠡ ᠤᠰᠤ ᠲᠠᠲᠠᠬᠤ | ᠬᠠᠰᠢᠯᠭ᠎ᠠ ᠶᠢ ᠪᠦᠬᠦᠨ ᠢ ᠬᠠᠭᠠᠵᠤ᠂ ᠰᠤᠪᠨᠠᠭᠤᠷ ᠤᠨ ᠤᠰᠤ ᠨᠥᠬᠦᠪᠥᠷᠢᠯᠡᠬᠦ ᠬᠤᠭᠤᠴᠠᠭᠠᠨ ᠳᠤ᠂ ᠪᠤᠰᠤᠳ ᠤᠰᠤ | ᠲᠠᠲᠠᠬᠤ ᠠᠮᠠᠰᠠᠷ ᠴᠥᠮ ᠤᠰᠤ ᠲᠠᠲᠠᠵᠤ ᠤᠰᠤᠯᠠᠵᠤ ᠪᠣᠯᠬᠤ ᠥᠬᠡᠶ︔ ᠬᠤᠶᠠᠷ ᠲᠤ ᠬᠤᠶᠢᠲᠤ ᠭᠤᠣᠯ ᠤᠨ ᠳ᠋ᠦᠩ | ᠹᠧᠩ ᠪᠠᠯᠭᠠᠰᠤ᠂ ᠰᠠᠶᠢᠬᠠᠨᠲᠤᠤᠷᠠᠶ ᠰᠤᠮᠤᠨ ᠤ ᠮᠥᠩᠬᠡᠲᠦ ᠭᠠᠴᠠᠭᠠᠨ ᠤ ᠬᠢᠯᠢ ᠳᠣᠲᠣᠷᠠᠬᠢ ᠪᠣᠶ ᠪᠥᠬᠦᠶ | ᠬᠠᠭᠠᠯᠲᠠ ᠶᠢ ᠪᠦᠬᠦᠨ ᠢ ᠬᠦᠳᠡᠯᠭᠡᠨ᠂ ᠡᠯ᠎ᠡ ᠤᠰᠤ ᠲᠠᠲᠠᠬᠤ ᠬᠠᠰᠢᠯᠭ᠎ᠠ ᠶᠢ ᠪᠦᠬᠦᠨ ᠢ ᠬᠠᠭᠠᠵᠤ᠂ ᠰᠠᠶᠢᠬᠠᠨᠲᠤᠤᠷᠠᠶ | ᠰᠤᠮᠤᠨ ᠤ ᠰᠠᠶᠢᠬᠠᠨᠲᠤᠤᠷᠠᠶ ᠭᠠᠴᠠᠭᠠᠨ ᠳᠤ ᠨᠢᠭᠡᠳᠦᠯᠲᠡᠶ ᠤᠰᠤ ᠲᠣᠬᠢᠷᠠᠭᠤᠯᠵᠤ᠂ ᠪᠤᠰᠤᠳ ᠤᠰᠤ ᠲᠠᠲᠠᠬᠤ ᠠᠮᠠᠰᠠᠷ | ᠴᠥᠮ ᠤᠰᠤ ᠲᠠᠲᠠᠵᠤ ᠤᠰᠤᠯᠠᠵᠤ ᠪᠣᠯᠬᠤ ᠥᠬᠡᠶ᠃ ᠰᠤᠪᠨᠠᠭᠤᠷ ᠤᠨ ᠤᠰᠤ ᠶᠢ ᠨᠥᠬᠦᠵᠦ ᠳᠠᠭᠤᠰᠤᠭᠠᠳ᠂ | ᠤᠰᠤᠨ ᠤ ᠪᠠᠶᠢᠳᠠᠯ ᠢ ᠬᠠᠷᠠᠵᠤ᠂ ︽ᠤᠰᠤᠨ ᠤ ᠬᠡᠮᠵᠢᠶ᠎ᠡ ᠶᠢ ᠲᠥᠪᠯᠡᠷᠡᠭᠦᠯᠦᠨ᠂ ᠣᠷᠣᠨ ᠬᠤᠪᠢᠶᠠᠨ ᠡᠭᠡᠯᠵᠢᠯᠡᠨ | ᠤᠰᠤᠯᠠᠬᠤ︾ ᠠᠷᠭ᠎ᠠ ᠬᠡᠮᠵᠢᠶ᠎ᠡ ᠠᠪᠴᠤ᠂ ᠠᠮᠢ ᠠᠬᠤᠶ ᠶᠢᠨ ᠤᠰᠤᠯᠠᠯᠲᠠ ᠶᠢ ᠬᠡᠷᠡᠭᠵᠢᠭᠦᠯᠦᠨ᠎ᠡ᠃ | ᠭᠤᠷᠪᠠ᠂ ᠡᠯ᠎ᠡ ᠰᠤᠮᠤ ᠪᠠᠯᠭᠠᠰᠤ ᠡᠨᠡ ᠵᠢᠯ ᠤᠨ ᠡᠪᠦᠯ ᠤᠨ ᠤᠯᠠᠷᠢᠯ ᠪᠠ ᠢᠷᠡᠬᠦ ᠵᠢᠯ ᠤᠨ ᠬᠠᠪᠤᠷ ᠤᠨ ᠠᠮᠢ | ᠠᠬᠤᠶ ᠶᠢᠨ ᠤᠰᠤᠯᠠᠯᠲᠠ ᠶᠢᠨ ᠲᠥᠯᠥᠪᠯᠡᠭᠡ ᠲᠣᠭᠲᠠᠭᠠᠵᠤ᠂ 12 ᠰᠠᠷ᠎ᠠ ᠶᠢᠨ 25 ᠤ ᠡᠳᠦᠷ ᠠᠴᠠ ᠡᠮᠦᠨ᠎ᠡ | ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ᠎ᠡ᠃ ᠤᠰᠤᠨ ᠤ ᠬᠡᠮᠵᠢᠶ᠎ᠡ ᠶᠢ ᠲᠣᠬᠢᠷᠠᠭᠤᠯᠬᠤ | ᠬᠤᠭᠤᠴᠠᠭᠠᠨ ᠳᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠢ ᠨᠠᠶᠢᠳᠠᠪᠤᠷᠢᠵᠢᠭᠤᠯᠵᠤ᠂ ᠤᠰᠤᠨ ᠤ | ᠬᠡᠮᠵᠢᠶ᠎ᠡ ᠶᠢ ᠲᠣᠬᠢᠷᠠᠭᠤᠯᠬᠤ ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠵᠦ᠂ ᠤᠰᠤᠨ ᠤ ᠬᠡᠮᠵᠢᠶ᠎ᠡ ᠶᠢ ᠲᠣᠬᠢᠷᠠᠭᠤᠯᠬᠤ | ᠵᠠᠷᠯᠢᠭ ᠢ ᠴᠢᠩᠭ᠎ᠠ ᠬᠡᠷᠡᠭᠵᠢᠭᠦᠯᠦᠨ᠂ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ | ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 12 ᠰᠠᠷ᠎ᠠ ᠶᠢᠨ 18 ᠤ ᠡᠳᠦᠷ ᠠᠴᠠ ᠡᠮᠦᠨ᠎ᠡ ᠵᠢᠵᠢᠭᠦᠷᠯᠡᠨ | ᠰᠠᠬᠢᠬᠤ ᠬᠥᠮᠦᠰ ᠤᠨ ᠨᠡᠷᠡᠰ ᠢ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠵᠢᠯᠣᠭᠤᠳᠬᠤ ᠭᠠᠵᠠᠷ ᠤᠨ ᠠᠯᠪᠠᠨ ᠬᠡᠷ ᠵᠢᠴᠢ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠳᠤ | ᠳᠠᠩᠰᠠᠯᠠᠭᠤᠯᠬᠤ ᠬᠡᠷᠡᠭᠳᠡᠢ᠃ ︵ᠳᠠᠭᠠᠯᠳᠤᠭᠤᠯᠤᠯ 1 ᠳᠤ ᠨᠠᠷᠢᠨ ᠦᠵᠡᠭᠡᠷᠡᠢ︶᠃ ᠵᠢᠵᠢᠭᠦᠷᠯᠡᠨ ᠰᠠᠬᠢᠬᠤ | ᠬᠥᠮᠦᠰ ᠤᠨ ᠨᠡᠷᠡᠰ ᠲᠤ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠥᠮᠦᠨ ᠳᠤ ᠬᠦᠷᠲᠡᠯ᠎ᠡ ᠨᠠᠷᠢᠯᠢᠭᠵᠢᠭᠤᠯᠤᠨ᠂ | ᠬᠢᠨᠠᠨ ᠬᠠᠮᠢᠶᠠᠷᠬᠤ ᠤᠰᠤᠨ ᠤ ᠬᠠᠭᠠᠯᠲᠠ ᠳᠤ ᠪᠣᠳᠠᠲᠠᠶ ᠬᠦᠷᠴᠦ᠂ ᠵᠢᠵᠢᠭᠦᠷᠯᠡᠨ ᠰᠠᠬᠢᠬᠤ ᠴᠠᠭ ᠢ 60 ᠡᠳᠦᠷ ᠠᠴᠠ | ᠳᠤᠲᠠᠭᠤ ᠪᠠᠶᠢᠯᠭᠠᠵᠤ ᠪᠣᠯᠬᠤ ᠥᠬᠡᠶ᠂ ᠳᠠᠷᠠᠭ᠎ᠠ ᠨᠢ ᠤᠰᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠢ ᠦᠵᠡᠵᠦ | ᠦᠷᠭᠦᠯᠵᠢᠯᠡᠨ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠳᠥᠷᠪᠡ᠂ ᠡᠯ᠎ᠡ ᠰᠤᠮᠤ ᠪᠠᠯᠭᠠᠰᠤ ᠨᠢ ᠬᠠᠷᠢᠶᠠᠲᠤ ᠣᠷᠣᠨ ᠤ ᠳᠣᠲᠣᠷᠠᠬᠢ ᠭᠤᠤᠯ ᠤᠨ ᠵᠠᠮ ᠵᠢᠴᠢ ᠢᠵᠢ | ᠪᠥᠷᠢᠳᠦᠭᠦᠯᠬᠦ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠᠨ | ᠴᠢᠩᠭᠠᠳᠬᠠᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠲᠣᠬᠢᠷᠠᠭᠤᠯᠤᠯᠲᠠ ᠶᠢᠨ | ᠠᠮᠤᠷ ᠲᠦᠪᠰᠢᠨ ᠪᠠ ᠪᠠᠷᠢᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠭᠤᠣᠯ ᠤᠨ ᠵᠠᠮ ᠤᠨ | ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ︽ᠳᠥᠷᠪᠡᠨ ᠡᠮᠬᠢ ᠲᠢᠭᠯᠢᠮ ᠦᠭᠡᠢ︾ ︵ᠳᠤᠷ᠎ᠠ ᠪᠠᠷ ᠢᠶᠠᠨ | ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ︶ | ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠳᠤᠷ᠎ᠠ ᠪᠠᠷ ᠢᠶᠠᠨ ᠰᠢᠷᠣᠶ ᠬᠠᠰᠢᠯᠭ᠎ᠠ ᠴᠣᠬᠢᠬᠤ᠂ ᠳᠤᠷ᠎ᠠ ᠪᠠᠷ ᠢᠶᠠᠨ | ᠬᠠᠭᠠᠯᠲᠠ ᠶᠢ ᠨᠡᠭᠡᠭᠡᠵᠦ ᠤᠰᠤ ᠲᠠᠲᠠᠬᠤ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠤᠰᠤᠯᠠᠯᠲᠠ ᠶᠢᠨ | ᠡᠮᠬᠢ ᠳᠢᠭᠯᠢᠮ ᠢ ᠦᠨᠡᠨᠬᠦ ᠰᠠᠶᠢᠲᠤᠷ ᠬᠠᠮᠠᠭᠠᠯᠠᠵᠤ᠂ ᠡᠪᠦᠯ ᠤᠨ ᠤᠯᠠᠷᠢᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ | ᠪᠠ ᠤᠰᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ | ᠳᠠᠭᠠᠯᠳᠤᠭᠤᠯᠤᠯ᠄ ᠰᠤᠮᠤ ︵ᠪᠠᠯᠭᠠᠰᠤ︶ ᠶᠢᠨ ᠰᠦᠩ ᠬᠠᠯᠢᠶ᠎ᠠ ᠶᠢ ᠰᠡᠷᠭᠡᠶᠢᠯᠡᠬᠦ ᠵᠢᠵᠢᠭᠦᠷ ᠤᠨ ᠬᠦᠰᠦᠨᠦᠭᠲᠦ | | | 2024 ᠣᠨ ᠤ 12 ᠰᠠᠷ᠎ᠠ ᠶᠢᠨ 17 ᠤ ᠡᠳᠦᠷ | | | | | 2024 - 2025 ᠣᠨ ᠤ ᠬᠠᠷ᠎ᠠ ᠭᠤᠣᠯ ᠤᠨ ᠲᠤᠤᠷᠠᠲᠤ ᠤᠷᠤᠰᠬᠠᠯ ᠡᠵᠡᠨ᠎ᠡ ᠬᠤᠰᠢᠭᠤᠨ ᠤ ᠡᠪᠦᠯ ᠤᠨ | ᠤᠯᠠᠷᠢᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ | | |