ᠮᠠᠽᠦ᠋ᠩᠱᠠᠨ ᠰᠤᠮᠤ ᠬᠢᠯᠢ ᠶᠢᠨ ᠴᠡᠷᠢᠭ ᠤᠨ ᠲᠡᠮᠡᠭᠡᠨ ᠤ ᠡᠩᠨᠡᠭᠡ ᠶᠢ ᠪᠤᠵᠠᠭᠠᠶᠢᠷᠠᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/12/31
    ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠮᠠᠽᠦ᠋ᠩᠱᠠᠨ ᠰᠤᠮᠤᠨ ᠤ ᠮᠠᠯᠴᠢᠳ ᠨᠢᠭᠡ ᠪᠦᠯᠦᠭ ᠲᠡᠮᠡᠭᠡ ᠶᠢ ᠬᠢᠯᠢ ᠶᠢᠨ ᠬᠠᠮᠠᠭᠠᠯᠠᠯᠲᠠ ᠶᠢᠨ ᠨᠢᠭᠡᠨ ᠴᠡᠷᠢᠭ ᠠᠩᠭᠢ ᠳᠤ ᠬᠦᠷᠭᠡᠵᠦ᠂ ᠡᠨᠡ ᠪᠦᠯᠦᠭ ᠲᠡᠮᠡᠭᠡ ᠶᠢ ︽ᠴᠡᠷᠢᠭ ᠤᠨ ᠲᠡᠮᠡᠭᠡ︾ ᠪᠣᠯᠭᠠᠨ ᠬᠤᠪᠢᠷᠠᠭᠤᠯᠵᠤ᠂ ᠬᠢᠯᠢ ᠶᠢᠨ ᠬᠠᠮᠠᠭᠠᠯᠠᠯᠲᠠ ᠶᠢᠨ ᠪᠠᠶᠢᠯᠳᠤᠭᠴᠢᠳ ᠤᠨ ︽ᠰᠢᠨ᠎ᠡ ᠳᠠᠶᠢᠴᠢᠨ ᠬᠠᠨᠢ︾ ᠪᠣᠯᠭᠠᠭᠰᠠᠨ ᠪᠠᠶᠢᠨ᠎ᠠ᠃    ᠮᠠᠽᠦ᠋ᠩᠱᠠᠨ ᠰᠤᠮᠤ ᠪᠤᠯ ᠵᠠᠬ᠎ᠠ ᠬᠢᠵᠠᠭᠠᠷ ᠢᠶᠠᠨ ᠰᠠᠬᠢᠨ ᠬᠠᠮᠠᠭᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠬᠤᠪᠢ ᠨᠡᠮᠡᠷᠢ ᠪᠠᠨ ᠦᠵᠡᠭᠦᠯᠦᠭᠰᠡᠭᠡᠷ ᠢᠷᠡᠭᠰᠡᠨ ᠬᠢᠯᠢ ᠬᠢᠵᠠᠭᠠᠷ ᠤᠨ ᠴᠤᠯ ᠮᠠᠯᠵᠢᠬᠤ ᠰᠤᠮᠤ ᠪᠤᠯᠤᠨ᠎ᠠ᠃ ᠰᠤᠮᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠨᠢ ᠤᠨᠴᠠᠯᠢᠭ ᠲᠠᠭᠠᠨ ᠲᠦᠰᠢᠭᠯᠡᠨ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠬᠢᠨ ᠲᠠᠢ ᠢᠲᠡᠪᠬᠢᠲᠡᠢ ᠬᠠᠷᠢᠴᠠᠵᠤ᠂ ᠴᠡᠷᠢᠭ ᠠᠩᠭᠢ ᠪᠤᠯᠤᠨ ᠤᠷᠤᠨ ᠨᠤᠲᠤᠭ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠬᠢᠨ ᠳᠤ 37 ᠲᠡᠮᠡᠭᠡ ᠬᠤᠳᠠᠯᠳᠤᠨ ᠦᠭᠴᠦ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠦᠢᠯᠡᠴᠢᠯᠡᠬᠦ ᠪᠠ ᠭᠠᠴᠠᠭᠠᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠂ ᠮᠠᠯᠴᠢᠳ ᠤᠨ ᠠᠰᠢᠭ ᠤᠷᠤᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ᠂  ᠮᠠᠯᠴᠢᠳ ᠢᠶᠠᠨ ᠤᠷᠢᠶᠠᠯᠠᠨ ᠳᠠᠶᠢᠴᠢᠯᠠᠵᠤ᠂  ᠴᠡᠷᠢᠭ ᠤᠨ ᠠᠳᠠ ᠶᠢᠨ ᠴᠢᠨᠠᠷ ᠴᠢᠨᠰᠠᠭ᠎ᠠ ᠶᠢ ᠪᠠᠲᠤᠯᠠᠬᠤ ᠶᠢᠨ ᠲᠤᠰᠠᠲᠠ ᠬᠦᠴᠦ ᠲᠠᠷᠭᠤ ᠰᠠᠶᠢᠲᠠᠢ 4-6 ᠨᠠᠰᠤᠨ ᠤ 37 ᠠᠲᠠ ᠶᠢ ᠰᠤᠩᠭᠤᠵᠤ ᠲᠡᠷᠭᠡᠨ ᠳᠤ ᠠᠴᠢᠶᠠᠯᠠᠨ᠂ 160 ᠴᠠᠭ ᠲᠤ 2000 ᠭᠠᠷᠤᠢ ᠺᠢᠯᠤᠮᠧᠲᠷ ᠠᠶᠠᠯᠠᠨ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠠᠷᠪᠠ ᠭᠠᠷᠤᠢ ᠰᠤᠮᠤᠨ ᠳᠤ ᠲᠤᠰ ᠲᠤᠰ ᠠᠮᠦᠷ ᠲᠦᠪᠰᠢᠨ ᠢᠶᠠᠷ ᠬᠦᠷᠭᠡᠵᠦ ᠦᠭᠭᠦᠭᠰᠡᠨ ᠢᠶᠠᠷ ᠪᠠᠷᠠᠬᠤ ᠦᠭᠡᠢ ᠬᠤᠶᠢᠰᠢᠲᠠ ᠶᠢᠨ ᠬᠡᠰᠡᠭ ᠬᠤᠭᠤᠴᠠᠭᠠᠨ ᠤ ᠠᠷᠠᠴᠢᠯᠠᠭ᠎ᠠ ᠶᠢᠨ ᠲᠠᠯ᠎ᠠ ᠳᠤ ᠵᠤᠬᠢᠬᠤ ᠬᠡᠮᠵᠢᠶᠡᠨ ᠤ ᠳᠡᠮᠵᠢᠯᠡᠭᠡ ᠦᠵᠡᠭᠦᠯᠬᠦ ᠪᠠᠷ ᠪᠤᠯᠤᠭᠰᠠᠨ ᠪᠠᠶᠢᠨ᠎ᠠ᠃    ᠬᠢᠯᠢ ᠶᠢᠨ ᠬᠠᠮᠠᠭᠠᠯᠠᠯᠲᠠ ᠶᠢᠨ ᠨᠢᠭᠡᠨ ᠬᠡᠯᠲᠡᠰ ᠤᠨ ᠤᠯᠤᠰ ᠲᠥᠷᠥ ᠶᠢᠨ ᠵᠢᠭᠠᠨ ᠵᠢᠯᠣᠭᠤᠳᠤᠭᠴᠢ ᠨᠢ ᠵᠢᠶᠠᠨ ᠫᠧᠩ᠄ ︽ᠴᠡᠷᠢᠭ ᠤᠨ ᠲᠡᠮᠡᠭᠡ ᠮᠠᠨ ᠤ ᠬᠢᠯᠢ ᠶᠢᠨ ᠴᠠᠭᠳᠠᠯᠲᠠ ᠳᠤ ᠮᠠᠰᠢ ᠶᠡᠭᠡ ᠦᠢᠯᠡᠳᠦᠯ ᠦᠵᠡᠭᠦᠯᠵᠦ ᠪᠣᠯᠣᠨ᠎ᠠ᠂ ᠡᠭᠦᠨ ᠤ ᠬᠠᠮᠲᠤ ᠪᠢᠳᠠ ᠪᠠᠰᠠ ᠦᠷᠭᠦᠯᠵᠢᠯᠡᠨ ᠮᠠᠯᠴᠢᠳ ᠠᠴᠠ ᠴᠡᠷᠢᠭ ᠤᠨ ᠲᠡᠮᠡᠭᠡ ᠲᠡᠵᠢᠭᠡᠵᠦ ᠠᠷᠠᠴᠢᠯᠠᠬᠤ ᠮᠡᠷᠭᠡᠵᠢᠯ ᠢ ᠰᠤᠷᠴᠤ᠂ ᠴᠡᠷᠢᠭ ᠤᠨ ᠲᠡᠮᠡᠭᠡ ᠶᠢ ᠤᠯᠠᠮ ᠴᠢᠭᠢᠷᠠᠭᠵᠢᠭᠤᠯᠵᠤ᠂ ᠳᠠᠷᠠᠭᠠᠴᠢ ᠶᠢᠨ ᠠᠯᠬᠤᠮ ᠳᠤ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠳᠤ ᠨᠡᠩ ᠰᠠᠶᠢᠨ ᠰᠠᠭᠤᠷᠢ ᠶᠢ ᠲᠠᠯᠪᠢᠵᠤ ᠥᠭᠭᠦᠨ᠎ᠡ︾ ᠭᠡᠪᠡ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠬᠡ ᠤᠯᠤᠰ ᠤᠨ ᠲᠦᠮᠡᠨ ᠭᠠᠵᠠᠷ ᠤᠨ ᠬᠢᠯᠢ ᠶᠢᠨ ᠬᠠᠮᠠᠭᠠᠯᠠᠯᠲᠠ ᠶᠢᠨ ᠱᠤᠭᠤᠮ ᠳᠡᠭᠡᠷ᠎ᠡ᠂ ᠡᠬᠡ ᠤᠯᠤᠰ ᠢᠶᠠᠨ ᠪᠠᠲᠤ ᠰᠠᠬᠢᠨ ᠬᠠᠮᠠᠭᠠᠯᠠᠬᠤ ᠶᠢᠨ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ᠴᠡᠷᠢᠭ ᠤᠨ ᠲᠡᠮᠡᠭᠡ ᠶᠢᠨ ᠡᠩᠨᠡᠭᠡ ᠪᠠᠨ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠦᠶ᠎ᠡ ᠦᠶ᠎ᠡ ᠶᠢᠨ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠠᠯᠠᠭᠤᠨ ᠴᠢᠰᠤ ᠪᠠ ᠬᠦᠴᠦ ᠬᠥᠯᠥᠰᠦ ᠪᠠᠷ ᠢᠶᠠᠨ ᠦᠨᠡᠨᠴᠢ ᠰᠢᠳᠤᠷᠭᠤ ᠶᠢᠨ ᠦᠯᠢᠭᠡᠷ ᠢ ᠦᠷᠭᠦᠯᠵᠢᠯᠡᠨ ᠪᠢᠴᠢᠭᠯᠡᠭᠰᠡᠭᠡᠷ ᠪᠠᠶᠢᠨ᠎ᠠ᠃    ᠮᠠᠽᠦ᠋ᠩᠱᠠᠨ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠬᠠᠨ ᠬᠤᠩ           ᠹᠠᠩ᠄ ︽ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠢᠯᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠵᠦ᠂ ᠮᠠᠯᠴᠢᠳ ᠬᠢᠭᠡᠳ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠵᠣᠬᠢᠴᠠᠯᠳᠤᠨ ᠦᠢᠯᠡᠴᠢᠯᠡᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠨᠡᠪᠲᠡᠷᠡᠯᠴᠡᠬᠦ ᠪᠠ ᠪᠠᠲᠤᠯᠠᠬᠤ ᠠᠵᠢᠯ ᠢ ᠰᠠᠶᠢᠲᠤᠷ ᠬᠢᠵᠦ᠂ ᠴᠡᠷᠢᠭ ᠠᠷᠠᠳ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠂ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ ᠪᠠ ᠣᠷᠳᠣ ᠬᠤᠭᠤᠴᠠᠭ᠎ᠠ ᠪᠠᠷ ᠰᠠᠬᠢᠨ ᠬᠠᠮᠠᠭᠠᠯᠠᠬᠤ ᠶᠢ ᠪᠠᠲᠤᠯᠠᠵᠤ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ ᠬᠦᠴᠦᠨ ᠢ ᠨᠠᠩ ᠪᠠᠲᠤ ᠴᠢᠩᠭ᠎ᠠ ᠬᠦᠴᠦᠨ ᠲᠠᠢ ᠪᠣᠯᠭᠠᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号