ᠣᠶᠢᠷ᠎ᠠ ᠶᠢᠨ ᠡᠳᠦᠷ᠂ ᠮᠠᠨ ᠤ ᠬᠤᠰᠢᠭᠤ ︽ᠡᠷᠡᠬᠦᠯ ᠴᠢᠬᠢᠷᠠᠭ ᠪᠡᠶ᠎ᠡ ᠮᠠᠬᠠᠪᠣᠳ ᠢᠶᠠᠷ ᠰᠢᠨ᠎ᠡ ᠣᠨ ᠢᠶᠠᠨ | ᠣᠭᠳᠤᠬᠤ︾ ᠭᠤᠤᠯ ᠰᠡᠳᠦᠪᠲᠦ ᠨᠠᠰᠤᠲᠠᠶᠢᠴᠤᠳ ᠤᠨ ᠬᠡᠭᠡᠷᠡᠯᠡᠨ ᠠᠯᠬᠤᠬᠤ ᠠᠵᠢᠯᠯᠠᠭ᠎ᠠ ᠶᠢ ᠥᠷᠨᠢᠭᠦᠯᠪᠡ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ | ᠳ᠋ᠦ᠋ ᠶᠦᠩ ᠭᠠᠩ ︽ᠰᠢᠨ᠎ᠡ ᠣᠨ ᠢᠶᠠᠨ ᠤᠭᠲᠤᠬᠤ︾ ᠨᠠᠰᠤᠲᠠᠶᠢᠴᠤᠳ ᠤᠨ ᠬᠡᠭᠡᠷᠡᠯᠡᠨ ᠠᠯᠬᠤᠬᠤ ᠠᠵᠢᠯᠯᠠᠭ᠎ᠠ | ᠡᠬᠢᠯᠡᠭᠰᠡᠨ ᠢ ᠵᠠᠷᠯᠠᠵᠤ᠂ ᠬᠤᠰᠢᠭᠤᠨ ᠤ ᠳᠡᠳ᠋ ᠳᠠᠷᠤᠭ᠎ᠠ ᠮᠥᠷᠡᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠦ᠂ | ᠬᠤᠰᠢᠭᠤᠨ ᠤ ᠤᠳᠤᠷᠢᠳᠤᠯᠭ᠎ᠠ ᠰᠠᠶᠢᠨᠪᠠᠶᠠᠷ᠂ ᠴᠡᠭᠴᠡᠤᠬᠡᠢ ᠠᠵᠢᠯᠯᠠᠭ᠎ᠠ ᠳᠤ ᠣᠷᠣᠯᠴᠠᠪᠠ᠃ | ᠥᠷᠯᠥᠭᠡ ᠡᠷᠲᠡ᠂ ᠪᠠᠶᠠᠷ ᠪᠠᠶᠠᠰᠬᠤᠯᠠᠩᠲᠤ ᠳᠠᠭᠤᠤ ᠬᠥᠭᠵᠢᠮ ᠤᠨ ᠳᠤᠮᠳᠠ᠂ ᠪᠡᠶ᠎ᠡ ᠴᠢᠭᠢᠷᠠᠭᠵᠢᠭᠤᠯᠬᠤ | ᠪᠥᠵᠢᠭ ᠤᠨ ᠠᠩᠭᠢ ᠶᠢᠨ ᠬᠢᠨ ᠨᠠᠰᠤᠲᠠᠶᠢᠴᠤᠳ ᠢᠶᠠᠨ ᠳᠠᠭᠠᠭᠤᠯᠤᠨ ᠪᠥᠵᠢᠭᠯᠡᠵᠦ᠂ ᠬᠥᠳᠡᠯᠭᠡᠭᠡᠨ ᠡᠬᠢᠯᠡᠬᠦ ᠠᠴᠠ | ᠡᠮᠦᠨᠡᠬᠢ ᠪᠡᠯᠡᠳᠬᠡᠯ ᠢᠶᠠᠨ ᠬᠢᠵᠦ ᠪᠠᠶᠢᠪᠠ᠃ ᠦᠳᠡ ᠶᠢᠨ ᠡᠮᠦᠨᠡᠬᠢ 10 ᠴᠠᠭ ᠲᠤ᠂ ᠬᠡᠭᠡᠷᠡᠯᠡᠨ ᠠᠯᠬᠤᠬᠤ | ᠠᠵᠢᠯᠯᠠᠭ᠎ᠠ ᠨᠢ ᠵᠠᠷᠯᠢᠭ ᠤᠨ ᠪᠦᠷᠢᠶ᠎ᠡ ᠶᠢᠨ ᠳᠠᠭᠤᠨ ᠤ ᠳᠤᠮᠳᠠ ᠠᠮᠵᠢᠯᠲᠠᠢ ᠡᠬᠢᠯᠡᠵᠦ᠂ ᠮᠢᠩᠭ᠎ᠠ ᠭᠠᠷᠤᠶ ᠨᠠᠰᠤᠲᠠᠨ | ᠵᠢᠦᠢ ᠶᠠᠨ ᠤ ᠰᠣᠶᠣᠯ ᠤᠨ ᠬᠤᠲᠠ ᠶᠢᠨ ᠠᠭᠤᠳᠠᠮ ᠲᠠᠯᠠᠪᠠᠢ ᠠᠴᠠ ᠮᠣᠷᠳᠠᠵᠤ᠂ ᠠᠶᠠᠯᠠᠯ ᠤᠨ ᠪᠦᠬᠦ ᠱᠣᠭᠤᠮ ᠢ | ᠪᠠᠷᠤᠭ 3.5 ᠺᠢᠯᠣᠮᠧᠲᠷ ᠪᠠᠷ ᠳᠣᠬᠢᠷᠠᠭᠤᠯᠵᠠᠢ᠃ ᠣᠯᠠᠨ ᠢᠶᠠᠷ ᠢᠶᠠᠨ ᠳᠣᠰᠬᠠᠢ ᠳᠣᠭᠳᠠᠭᠠᠭᠰᠠᠨ ᠵᠠᠮ ᠱᠣᠭᠤᠮ ᠢ | ᠥᠨᠳᠣᠰᠣᠯᠠᠨ᠂ ᠵᠠᠷᠢᠮ ᠨᠢ ᠬᠥᠶᠣᠵᠦ᠂ ᠵᠠᠷᠢᠮ ᠨᠢ ᠠᠯᠬᠤᠵᠦ᠂ ᠪᠠᠰᠠ ᠵᠠᠷᠢᠮ ᠨᠢ ᠬᠤᠭᠤᠷᠣᠨᠳᠣ ᠪᠠᠨ ᠰᠡᠳᠬᠢᠯ | ᠰᠠᠨᠠᠭ᠎ᠠ ᠪᠠᠨ ᠰᠣᠯᠢᠯᠴᠠᠬᠤ ᠶᠢᠨ ᠳᠠᠭᠠᠤ ᠡᠪᠦᠯ ᠤᠨ ᠣᠯᠠᠷᠢᠯ ᠤᠨ ᠭᠤᠶᠢᠳᠠ ᠰᠠᠶᠢᠬᠠᠨ ᠦᠩᠭᠡ ᠥᠵᠡᠮᠵᠢ ᠶᠢ | ᠰᠣᠨᠢᠷᠬᠠᠵᠤ᠂ ᠡᠨᠡᠬᠦ ᠬᠥᠳᠡᠯᠬᠡᠬᠡᠨ ᠢᠶᠠᠨ ᠪᠠᠶᠠᠷ ᠪᠠᠶᠠᠰᠣᠯ ᠲᠠᠢ᠂ ᠣᠳᠬ᠎ᠠ ᠠᠭᠤᠯᠭ᠎ᠠ ᠲᠠᠢ ᠳᠡᠮᠳᠡᠭᠯᠡᠵᠦ᠂ | ᠨᠠᠰᠣᠳᠠᠶᠢᠴᠣᠳ ᠤᠨ ᠡᠨᠡᠬᠦ ᠰᠢᠨᠳᠠᠷᠠᠰᠢ ᠦᠭᠡᠢ ᠵᠣᠷᠢᠭ ᠰᠠᠨᠠᠭ᠎ᠠ ᠨᠢ ᠬᠥᠮᠣᠨ ᠪᠥᠬᠦᠳ᠋ᠨ ᠶᠢᠨ ᠲᠠᠭᠠᠨ | ᠰᠣᠷᠣᠯᠴᠠᠭᠤᠰᠢᠲᠠᠢ᠂ ᠨᠢᠭᠡᠨ ᠰᠠᠶᠢᠨ ᠰᠠᠶᠢᠬᠠᠨ ᠬᠡᠪ ᠳᠠᠭᠤᠷᠢᠶᠠᠯ ᠢ ᠥᠵᠡᠭᠦᠯᠦᠭᠰᠡᠨ ᠪᠠᠶᠢᠨ᠎ᠠ᠃ | ᠨᠠᠰᠤᠳᠠᠨ ᠮᠠ ᠸᠧᠨ ᠬᠤᠸᠠ᠄ ︽ᠰᠢᠨ᠎ᠡ ᠵᠢᠯ ᠬᠦᠷᠴᠤ ᠢᠷᠡᠬᠦ ᠳᠠᠰᠢᠷᠠᠮ ᠳᠤ᠂ ᠦᠨᠤᠳᠤᠷ ᠵᠠᠰᠠᠭ ᠤᠨ | ᠤᠷᠳᠤᠨ ᠠᠴᠠ ᠨᠠᠰᠤᠳᠠᠶᠢᠴᠦᠳ ᠤᠨ ᠬᠤᠯᠡ ᠠᠯᠬᠤᠬᠤ ᠬᠦᠳᠡᠯᠬᠡᠬᠡᠨ ᠢ ᠡᠷᠬᠢᠯᠡᠬᠦ ᠨᠢ ᠪᠢᠳᠠᠨ ᠢ ᠭᠡᠷ ᠠᠴᠠ ᠪᠠᠨ | ᠭᠠᠷᠴᠤ ᠡᠬᠡ ᠪᠠᠶᠢᠭᠠᠯᠢ ᠶᠢᠨ ᠷᠢᠳᠢ ᠰᠢᠳᠢ ᠶᠢ ᠰᠤᠨᠢᠷᠬᠠᠬᠤ ᠳᠤ ᠪᠣᠯ ᠰᠢᠯᠢᠳᠡᠭ ᠰᠠᠶᠢᠨ ᠲᠠᠪᠴᠡᠩ ᠢ ᠬᠠᠩᠭᠠᠨᠰᠠᠨ | ᠪᠠᠶᠢᠨ᠎ᠠ᠃ ᠪᠢᠳᠠᠨᠠᠷ ᠠᠳᠠ ᠪᠡᠶ᠎ᠡ ᠮᠠᠬᠠᠪᠣᠳ ᠢᠶᠠᠨ ᠬᠠᠮᠳᠣᠳᠠ ᠪᠠᠨ ᠴᠢᠭᠢᠷᠠᠭᠵᠢᠭᠤᠯᠬᠤ ᠶᠢᠨ ᠬᠠᠮᠳᠤ ᠪᠠᠰᠠ | ᠬᠠᠷᠢᠯᠴᠠᠨ ᠰᠡᠳᠬᠢᠯ ᠰᠠᠨᠠᠭ᠎ᠠ ᠪᠠᠨ ᠰᠣᠯᠢᠯᠴᠠᠨ᠎ᠠ᠂ ᠶᠡᠭᠡ ᠰᠠᠶᠢᠬᠠᠨ ᠬᠥᠳᠡᠯᠬᠡᠬᠡᠨ ᠪᠣᠯᠣᠭᠰᠠᠨ ᠪᠠᠶᠢᠨ᠎ᠠ ᠭᠡᠵᠦ | ᠥᠵᠡᠵᠦ ᠪᠠᠶᠢᠨ᠎ᠠ᠃ ᠪᠢᠳᠠᠨᠠᠷ ᠶᠡᠭᠡ ᠪᠠᠶᠠᠷᠲᠠᠢ ᠪᠠᠶᠢᠨ᠎ᠠ︾ ᠭᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠡᠵᠡᠨ᠎ᠡ ᠬᠤᠰᠢᠭᠤᠨ ᠤ ᠬᠤᠷᠢᠶ᠎ᠠ᠂ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ | ᠡᠷᠭᠢᠯᠡᠵᠦ᠂ ᠡᠵᠡᠨ᠎ᠡ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠠᠭᠠᠭᠠᠴᠢᠯᠠᠨ | ᠡᠷᠭᠢᠯᠡᠪᠡ᠃ 1998 ᠣᠨ ᠠᠴᠠ ᠤᠳᠤ ᠪᠣᠯᠲᠠᠯ᠎ᠠ᠂ ᠨᠠᠰᠤᠲᠠᠶᠢᠴᠤᠳ ᠤᠨ ᠬᠡᠭᠡᠷᠡᠯᠡᠨ ᠠᠯᠬᠤᠬᠤ ᠠᠵᠢᠯᠯᠠᠭ᠎ᠠ ᠶᠢ | ᠵᠠᠯᠭᠠᠭ᠎ᠠ ᠪᠠᠷ ᠬᠤᠷᠢ ᠭᠠᠷᠤᠶ ᠵᠢᠯ ᠡᠷᠭᠢᠯᠡᠵᠦ᠂ ᠨᠠᠰᠤᠲᠠᠶᠢᠴᠤᠳ ᠤᠨ ᠳᠤᠷ᠎ᠠ ᠪᠠᠬ᠎ᠠ ᠶᠢ ᠬᠠᠮᠤᠭ ᠠᠴᠠ ᠳᠠᠳᠠᠭᠰᠠᠨ | ᠬᠦᠳᠡᠯᠬᠡᠭᠡᠨ ᠤ ᠨᠢᠭᠡ ᠪᠣᠯᠣᠭᠰᠠᠨ ᠪᠠᠶᠢᠨ᠎ᠠ᠃ | ᠡᠵᠡᠨ᠎ᠡ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠡᠷᠬᠢᠯᠡᠭᠴᠢ ᠦ᠋ ᠶᠦᠩ ᠱᠧᠩ᠄ ︽ᠡᠨᠡ ᠤᠳᠠᠭᠠᠨ ᠤ ᠴᠠᠭᠠᠨ ᠰᠠᠷ᠎ᠠ ᠪᠠᠨ ᠤᠭᠲᠤᠬᠤ ᠨᠠᠰᠤᠲᠠᠢᠴᠤᠳ ᠤᠨ ᠬᠤᠯᠠ | ᠠᠯᠬᠤᠬᠤ ᠬᠥᠳᠡᠯᠭᠡᠭᠡᠨ ᠪᠣᠯ ᠵᠢᠷᠠᠨ ᠨᠠᠰᠤᠨ ᠠᠴᠠ ᠳᠠᠯᠠᠨ ᠨᠠᠰᠤᠨ ᠤ ᠬᠤᠭᠤᠷᠤᠨᠳᠤᠬᠢ ᠨᠠᠰᠤᠲᠠᠢᠴᠤᠳ ᠶᠢ | ᠣᠷᠣᠯᠴᠠᠭᠤᠯᠵᠤ᠂ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠪᠠᠷᠤᠭ 1200 ᠭᠠᠷᠤᠢ ᠪᠠᠶᠢᠵᠦ᠂ ᠲᠣᠰ | ᠬᠥᠳᠡᠯᠬᠡᠬᠡᠨ ᠢ ᠡᠷᠬᠢᠯᠡᠨ ᠶᠠᠪᠣᠭᠳᠠᠭᠤᠯᠣᠭᠰᠠᠨ ᠠᠴᠠ ᠨᠠᠭᠠᠰᠢᠬᠢ ᠬᠥᠮᠦᠨ ᠤ ᠲᠤᠭ᠎ᠠ ᠪᠠᠷ ᠬᠠᠮᠤᠭ ᠠᠷᠪᠢᠨ ᠨᠢᠭᠡ | ᠤᠳᠠᠭ᠎ᠠ ᠪᠣᠯᠤᠨ᠎ᠠ᠂ ᠮᠠᠨ ᠤ ᠬᠥᠳᠡᠯᠭᠡᠭᠡᠨ ᠤ ᠭᠤᠣᠯ ᠵᠣᠷᠢᠯᠭ᠎ᠠ ᠨᠢ ᠪᠣᠯ ᠳᠠᠷᠣᠢ ᠠᠬᠠᠰ ᠵᠠᠬᠠᠰ ᠢᠶᠠᠨ ᠬᠦᠨᠳᠦᠯᠡᠵᠦ᠂ | ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠬᠡᠪ ᠴᠢᠨᠠᠷ ᠪᠣᠯᠤᠨ ᠡᠷᠡᠭᠦᠯ ᠮᠡᠨᠳᠦ ᠶᠢᠨ ᠬᠢᠷᠢ ᠲᠦᠪᠰᠢᠨ ᠢ | ᠳᠡᠭᠡᠭᠰᠢᠯᠡᠬᠦᠯᠦᠨ᠂ ᠪᠡᠶ᠎ᠡ ᠶᠢᠨ ᠲᠠᠮᠢᠷ ᠪᠣᠯ ᠳᠠᠷᠤᠢ ᠠᠮᠢᠳᠤᠷᠠᠯ᠂ ᠪᠡᠶ᠎ᠡ ᠲᠠᠮᠢᠷ ᠪᠣᠯ ᠳᠠᠷᠤᠢ ᠡᠷᠡᠭᠦᠯ ᠴᠢᠭᠢᠷᠠᠭ | ᠭᠡᠳᠡᠭ ᠤᠶᠢᠯᠠᠭᠠᠭᠳᠠᠬᠤᠨ ᠢ ᠥᠨᠡᠨᠬᠦ ᠮᠡᠲᠡᠷᠡᠬᠦᠯᠵᠦ᠂ ᠭᠡᠷ ᠠᠴᠠ ᠪᠠᠨ ᠭᠠᠷᠴᠤ ᠪᠡᠶ᠎ᠡ ᠮᠠᠬᠠᠪᠣᠳ ᠢᠶᠠᠨ | ᠪᠣᠯᠪᠠᠰᠤᠷᠠᠭᠤᠯᠤᠨ᠂ ᠬᠡᠵᠢᠶᠠᠳᠠ ᠡᠷᠡᠭᠦᠯ ᠴᠢᠭᠢᠷᠠᠭ ᠪᠠᠶᠢᠬᠤ ᠶᠢ ᠤᠷᠢᠶᠠᠯᠠᠵᠤ ᠪᠠᠶᠢᠭ᠎ᠠ ᠶᠤᠮ︾ ᠭᠡᠪᠡ ᠃ | ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠰᠢᠭᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ | ᠢᠳᠡᠪᠬᠢᠲᠡᠶ ᠰᠠᠨᠠᠭᠠᠴᠢᠯᠠᠨ᠂ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠦᠨ᠂ ᠨᠠᠩ ᠣᠯᠠᠨ ᠠᠷᠠᠳ ᠲᠦᠮᠡᠨ ᠢ ᠲᠡᠳᠡᠨ ᠠᠪᠴᠢᠷᠠᠵᠤ ᠡᠯ᠎ᠡ ᠵᠦᠢᠯ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠪᠠ᠃ |