ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠦᠨᠳᠦᠰᠦᠨ ᠱᠠᠲᠤᠨ ᠳᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠮᠠᠨ ᠤ ᠬᠤᠰᠢᠭᠤᠨ ᠳᠤ ᠬᠦᠨᠵᠡᠭᠡᠶᠢᠷᠡᠪᠡ
ᠨᠡᠶᠢᠲᠡᠯᠡᠭᠰᠡᠨ ᠴᠠᠭ᠄
2024/12/31
    ᠣᠶᠢᠷ᠎ᠠ ᠶᠢᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠬᠤᠰᠢᠭᠤᠨ ᠳᠤ ᠭᠦᠨᠵᠡᠭᠡᠶᠢᠷᠡᠨ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠤᠷᠢᠳ ᠬᠤᠵᠢᠳ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠳᠠᠯᠠᠶᠢᠬᠦ᠋ᠪ ᠪᠠᠯᠭᠠᠰᠤ ᠵᠢᠴᠢ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ ᠬᠦᠷᠴᠦ᠂ ᠨᠠᠮ ᠤᠨ ᠰᠢᠨ᠎ᠡ ᠶᠢ ᠡᠭᠦᠳᠬᠦ ᠣᠨᠣᠯ ᠢ ᠦᠨᠳᠦᠰᠦᠨ ᠱᠠᠲᠤᠨ ᠤ ᠺᠠᠳ᠋ᠷ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠣᠯᠤᠨ ᠰᠠᠭᠤᠭᠠᠯᠢ ᠠᠷᠠᠳ ᠤᠨ ᠳᠡᠷᠭᠡᠳᠡ ᠬᠦᠷᠭᠡᠪᠡ᠃   ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠤᠯᠠᠨ ᠡᠰᠢᠴᠢᠯᠡᠭᠰᠡᠨ ᠳᠤᠮᠳᠠᠳᠤ ᠶᠢᠨ ᠰᠣᠶᠣᠯ ᠤᠨ ᠮᠡᠳᠡᠷᠡᠮᠵᠢ ᠶᠢ ᠴᠢᠩᠭᠠᠳᠬᠠᠬᠤ︾ ᠭᠡᠬᠦ ᠰᠡᠳᠦᠪ ᠢᠶᠠᠷ ᠠᠮᠢᠳᠤᠯᠢᠭ ᠳᠦᠷᠰᠦᠯᠢᠭ ᠲᠤᠰᠬᠠᠢ ᠰᠡᠳᠦᠪᠲᠦ ᠲᠠᠶᠢᠯᠤᠮᠵᠢ ᠬᠢᠪᠡ᠃ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠨᠢ ᠤᠨᠤᠯ ᠤᠨ ᠦᠨᠳᠦᠷᠴᠡ ᠲᠠᠢ ᠪᠥᠭᠡᠳ ᠪᠣᠳᠠᠲᠤ ᠪᠠᠶᠢᠳᠠᠯ ᠲᠠᠢ ᠨᠢᠭᠲᠠ ᠤᠶᠠᠯᠳᠤᠵᠤ᠂ ᠨᠠᠷᠢᠨ ᠪᠣᠳᠠᠲᠠᠢ ᠲᠡᠦᠬᠡ ᠶᠢᠨ ᠮᠠᠲ᠋ᠧᠷᠢᠶᠠᠯ᠂ ᠠᠮᠢᠳᠤ ᠰᠣᠷᠭᠤᠭ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠ ᠬᠢᠯᠪᠠᠷ ᠣᠶᠢᠯᠠᠭᠠᠮᠵᠢᠲᠠᠶ ᠬᠡᠯᠡ ᠬᠡᠯᠡᠯᠭᠡ ᠪᠠᠷ ᠳᠠᠮᠵᠢᠭᠤᠯᠤᠨ᠂ ᠲᠤᠬᠠᠢ ᠶᠢᠨ ᠲᠠᠯᠠᠪᠠᠢ  ᠶᠢᠨ ᠰᠣᠨᠣᠰᠤᠭᠴᠢᠳ ᠲᠤ ᠭᠦᠨ ᠰᠠᠭᠤᠭᠳᠠᠯ ᠪᠠ ᠰᠡᠩᠬᠡᠷᠡᠭᠦᠯᠦᠯ ᠬᠦᠷᠲᠡᠭᠡᠬᠦ ᠶᠢᠨ ᠬᠠᠮᠲᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠪᠠᠰᠠ ᠲᠤᠬᠠᠶ ᠶᠢᠨ ᠲᠠᠯᠠᠪᠤᠷ ᠲᠤ ᠬᠠᠷᠢᠯᠴᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠰᠦᠷᠢᠶ᠎ᠡ ᠡᠪᠡᠳᠴᠢᠨ ᠢ ᠬᠡᠷᠬᠢᠨ ᠤᠷᠢᠳᠴᠢᠯᠠᠨ ᠰᠡᠷᠭᠡᠶᠢᠯᠡᠬᠦ ᠪᠠ ᠡᠵᠡᠮᠳᠡᠬᠦ ᠶᠢ ᠤᠶᠢᠯᠠᠭᠠᠵᠢᠮᠲᠠᠢ ᠲᠠᠶᠢᠯᠪᠤᠷᠢᠯᠠᠭᠰᠠᠨ ᠪᠥᠭᠡᠳ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠯᠭ᠎ᠠ ᠶᠢᠨ ᠲᠠᠪᠴᠠᠩ ᠤᠨ ᠰᠤᠷᠴᠤ ᠬᠡᠷᠡᠭᠯᠡᠬᠦ ᠶᠢ ᠬᠠᠪᠰᠤᠷᠤᠨ ᠵᠢᠯᠣᠭᠤᠳᠪᠠ᠃    ᠬᠤᠰᠢᠭᠤᠨ ᠤ ᠠᠷᠠᠳ ᠤᠨ ᠶᠠᠪᠤᠳᠠᠯ ᠤᠨ ᠳᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠸᠠᠩ ᠵᠢᠶᠠ᠄ ︽ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠪᠢᠳᠠᠨᠠᠷ ᠤᠨ ᠰᠡᠳᠬᠢᠯ ᠳᠤ ᠭᠦᠨ ᠬᠠᠳᠠᠩᠰᠢᠵᠤ᠂ ᠨᠡᠩ ᠴᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠳᠠᠷᠠᠭᠤᠯᠵᠤ ᠴᠢᠳᠠᠭᠰᠠᠨ ᠪᠠᠶᠢᠨ᠎ᠠ᠃ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠭᠴᠢ ᠪᠣᠯᠤᠭᠰᠠᠨ ᠤ ᠬᠤᠪᠢ ᠳᠤ᠂ ᠢᠷᠡᠭᠡᠳᠦᠢ ᠳᠤ᠂ ᠪᠢ ᠨᠡᠩ ᠣᠷᠭᠢᠯᠤᠮ᠎ᠠ ᠬᠠᠯᠠᠭᠤᠨ ᠤᠯᠤᠰ ᠲᠦᠷᠦᠴᠢ ᠰᠡᠳᠬᠢᠯᠭᠡ ᠪᠠᠷ ᠵᠢᠦᠢ ᠶᠠᠨ ᠤ ᠳᠠᠭᠤᠨ ᠬᠤᠭᠤᠯᠠᠢ ᠶᠢ ᠰᠠᠶᠢᠲᠤᠷ ᠳᠠᠮᠵᠢᠭᠤᠯᠵᠤ᠂ ᠵᠢᠤᠢ ᠶᠠᠨ ᠤ ᠦᠯᠢᠭᠡᠷ ᠢ ᠰᠠᠶᠢᠲᠤᠷ ᠶᠠᠷᠢᠨ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠭᠴᠢ ᠶᠢᠨ ᠰᠠᠶᠢᠨ ᠰᠠᠶᠢᠬᠠᠨ ᠲᠦᠷᠢ ᠲᠥᠷᠬᠦ ᠶᠢ ᠰᠠᠶᠢᠲᠤᠷ ᠢᠯᠡᠷᠡᠭᠦᠯᠬᠦ ᠪᠠᠷ ᠴᠢᠷᠮᠠᠶᠢᠨ ᠠᠵᠢᠯᠯᠠᠨ᠎ᠠ︾ ᠭᠡᠪᠡ᠃    ᠳᠠᠯᠠᠶᠢᠬᠦ᠋ᠪ ᠪᠠᠯᠭᠠᠰᠤᠨ ᠤ ᠵᠠᠰᠠᠭ ᠤᠨ ᠣᠷᠳᠣᠨ ᠪᠣᠯᠤᠨ ᠬᠢᠯᠢ ᠶᠢᠨ ᠬᠠᠮᠠᠭᠠᠯᠠᠯᠲᠠ ᠶᠢᠨ ᠰᠤᠮᠤᠨ ᠤ ᠠᠩᠭᠢ        ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠲᠤᠰ ᠲᠤᠰ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠠᠩᠭᠢᠯᠠᠭ᠎ᠠ ᠶᠢᠨ ᠦᠭᠡ ᠶᠢᠨ ᠲᠣᠭᠤᠷᠢᠨ  ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠦ᠂ ᠪᠠᠰᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠤᠬᠠᠭᠤᠯᠤᠨ ᠲᠠᠶᠢᠯᠪᠤᠷᠢᠯᠠᠬᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠩᠭᠢ ᠠᠴᠠ ᠰᠠᠯᠬᠤ ᠮᠡᠳᠡᠭᠡᠯᠡᠯ ᠤᠨ ᠵᠦᠭᠯᠡᠭᠦᠷ ᠢ ᠨᠠᠷᠢᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠭᠤᠣᠯ ᠰᠡᠳᠦᠪ ᠨᠢ ᠢᠯᠡ ᠲᠣᠳᠣ᠂ ᠭᠤᠣᠯᠳᠠᠯᠭ᠎ᠠ ᠨᠢ ᠲᠤᠪᠤᠶᠢᠮ᠎ᠠ᠂ ᠮᠠᠰᠢ ᠴᠢᠩᠭ᠎ᠠ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢᠨ ᠴᠢᠨᠠᠷ ᠲᠠᠢ ᠪᠠᠶᠢᠵᠦ᠂ ᠤᠯᠠᠨ ᠢᠶᠠᠷ ᠢᠶᠠᠨ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠬᠠᠷᠢᠯᠴᠠᠨ ᠰᠠᠨᠠᠯ ᠢᠶᠠᠨ ᠰᠣᠯᠢᠯᠴᠠᠪᠠ᠃    ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠣᠨᠣᠯ ᠤᠨ ᠲᠠᠰᠤᠭ ᠤᠨ ᠳᠠᠷᠤᠭ᠎ᠠ ᠯᠢᠦ ᠰᠢᠶᠤᠤ᠄ ︽ᠪᠦᠬᠦ ᠠᠶᠢᠮᠠᠭ ᠤᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠡᠩᠨᠡᠭᠡ ᠶᠢᠨ ᠪᠠᠶᠢᠩᠭᠤ ᠶᠢᠨ ᠰᠣᠯᠢᠯᠴᠠᠭ᠎ᠠ ᠪᠠ ᠰᠤᠷᠤᠯᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠤᠬᠠᠭᠤᠯᠤᠨ ᠲᠠᠶᠢᠯᠪᠤᠷᠢᠯᠠᠬᠤ ᠡᠩᠨᠡᠭᠡ ᠶᠢᠨ ᠲᠤᠰᠬᠠᠶ ᠮᠡᠷᠭᠡᠵᠢᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠤᠨᠤᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠡᠵᠡᠨ᠎ᠡ ᠬᠤᠰᠢᠭᠤᠨ ᠳᠤ ᠤᠯᠠᠨ ᠲᠦᠮᠡᠨᠴᠢᠯᠡᠭᠰᠡᠨ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠨᠢ ᠨᠢᠭᠤᠷᠲᠠᠨ ᠰᠣᠯᠢᠯᠴᠠᠬᠤ᠂ ᠶᠠᠷᠢᠯᠴᠠᠬᠤ ᠬᠤᠷᠠᠯ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠲᠠᠶᠢᠯᠤᠮᠵᠢ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠨ᠂ ᠳᠥᠭᠦᠮ ᠣᠶᠢᠯᠠᠭᠠᠮᠵᠢᠲᠠᠶ ᠬᠡᠯᠡ ᠬᠡᠯᠡᠯᠭᠡ ᠪᠠ ᠠᠮᠢᠳᠤ ᠰᠣᠷᠭᠤᠭ ᠪᠣᠳᠠᠲᠤ ᠵᠢᠱᠢᠶ᠎ᠡ ᠪᠠᠷ ᠨᠠᠮ ᠤᠨ ᠰᠢᠨ᠎ᠡ ᠶᠢ ᠡᠭᠦᠳᠬᠦ ᠣᠨᠣᠯ ᠢ ᠣᠯᠠᠨ ᠲᠦᠮᠡᠨ ᠤ ᠠᠮᠠᠷᠬᠠᠨ ᠬᠦᠯᠢᠶᠡᠨ ᠠᠪᠬᠤ᠂ ᠳᠤᠷᠠᠲᠠᠶ᠎ᠠ ᠤᠯᠠᠮᠵᠢᠯᠠᠬᠤ ᠦᠭᠡ ᠬᠡᠯᠡ ᠪᠣᠯᠭᠠᠨ ᠬᠤᠪᠢᠷᠠᠭᠤᠯᠵᠤ᠂ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢ ᠣᠯᠠᠨ ᠲᠦᠮᠡᠨ ᠲᠠᠢ ᠣᠶᠢᠷᠠᠲᠤᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢᠨ ᠳᠦᠯᠦᠭᠡ ᠶᠤᠮ︾ ᠭᠡᠪᠡ᠃    ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠪᠣᠯᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ︽ᠡᠭᠡᠯ ᠠᠷᠠᠳ ᠤᠨ ᠭᠡᠷ ᠲᠤ ᠬᠦᠷᠭᠡᠵᠦ︾᠂ ᠡᠵᠡᠨ᠎ᠡ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠨ᠎ᠡ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号