ᠡᠵᠡᠨ᠎ᠡ ᠬᠤᠰᠢᠭᠤᠨ ᠤ ᠲᠣᠷᠭᠤᠳ ᠬᠤᠪᠴᠠᠰᠤ ᠵᠠᠰᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠭᠡᠯ ᠤᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠨᠡᠷᠡᠰ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/12/4
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠳᠤ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ ᠢ ᠨᠡᠶᠢᠲᠡᠯᠡᠵᠦ᠂ ᠠᠵᠤ ᠠᠬᠤᠶᠢᠯᠠᠯ ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ ᠠᠴᠠ ᠲᠠᠨᠢᠯᠴᠠᠭᠤᠯᠬᠤ᠂ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ᠂ ᠲᠢᠩᠬᠢᠮ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠪᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠭᠠᠳ᠂ ᠡᠴᠦᠰ ᠲᠡᠭᠡᠨ  ᠦᠨᠦᠷᠲᠦ ᠡᠮ ᠤᠨ ᠤᠷ᠎ᠠ ᠮᠡᠷᠭᠡᠵᠢᠯ ᠢ ᠪᠠᠭᠲᠠᠭᠠᠭᠰᠠᠨ 40 ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠳᠤ ᠣᠷᠣᠭᠤᠯᠬᠤ ᠪᠠᠷ ᠲᠣᠭᠲᠠᠪᠠ᠃ ᠡᠭᠦᠨ ᠳᠤ᠂ ᠡᠵᠡᠨ᠎ᠡ ᠬᠤᠰᠢᠭᠤᠨ ᠤ ᠲᠣᠷᠭᠤᠳ ᠬᠤᠪᠴᠠᠰᠤ ᠵᠠᠰᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠠᠮᠵᠢᠯᠲᠠ ᠲᠠᠢ ᠰᠣᠩᠭᠤᠭᠳᠠᠪᠠ᠃    ᠲᠣᠷᠭᠤᠳ ᠬᠤᠪᠴᠠᠰᠤ ᠵᠠᠰᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ 1986 ᠣᠨ ᠳᠤ ᠪᠠᠶᠢᠭᠤᠯᠤᠭᠳᠠᠵᠤ᠂ ᠲᠠᠯᠠᠪᠠᠢ ᠨᠢ 300 ᠲᠡᠭᠰᠢ ᠳᠥᠷᠪᠡᠯᠵᠢᠨ ᠮᠧᠲᠷ ᠪᠠᠶᠢᠵᠤ᠂ ᠡᠵᠡᠨ᠎ᠡ ᠶᠢᠨ ᠲᠣᠷᠭᠤᠳ ᠤᠨ ᠣᠨᠴᠠᠯᠢᠭ ᠢᠶᠠᠷ ᠭᠤᠣᠯ ᠪᠣᠯᠭᠠᠭᠰᠠᠨ ᠡᠯ᠎ᠡ ᠲᠥᠷᠥᠯ ᠤᠨ ᠮᠣᠩᠭᠤᠯ ᠬᠤᠪᠴᠠᠰᠤ᠂ ᠬᠤᠪᠴᠠᠰᠤ ᠵᠠᠰᠠᠯ᠂ ᠵᠠᠰᠠᠯ ᠤᠨ ᠡᠳ᠋ ᠪᠠ ᠭᠠᠷ ᠤᠷᠠᠯᠠᠯ ᠤᠨ ᠪᠦᠲᠦᠭᠡᠭᠳᠡᠬᠦᠨ ᠢ ᠵᠢᠷᠤᠵᠤ ᠲᠥᠯᠥᠪᠯᠡᠨ ᠦᠢᠯᠡᠳᠬᠦ ᠳᠤ ᠠᠩᠬᠠᠷᠤᠯ ᠢᠶᠠᠨ ᠲᠠᠯᠪᠢᠵᠠᠢ᠃ ᠲᠤᠰ ᠦᠢᠯᠡᠳᠬᠡᠯ ᠤᠨ ᠭᠠᠵᠠᠷ ᠨᠢ ᠦᠢᠯᠡᠳᠬᠡᠯ ᠤᠨ ᠤᠷ᠎ᠠ ᠮᠡᠷᠭᠡᠰᠢᠯ ᠤᠨ ᠵᠠᠯᠭᠠᠮᠵᠢᠯᠠᠭᠴᠢ ᠪᠣᠯᠤᠨ ᠲᠤᠷᠰᠢᠯᠭ᠎ᠠ ᠪᠠᠷ ᠪᠠᠶᠠᠯᠢᠭ ᠣᠶᠣᠳᠠᠯᠴᠢᠳ ᠢᠶᠠᠷ ᠪᠦᠷᠢᠯᠳᠦᠭᠰᠡᠨ ᠦᠢᠯᠡᠳᠬᠡᠯ ᠤᠨ ᠪᠦᠯᠬᠦᠮ ᠲᠠᠢ ᠪᠠᠶᠢᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠡᠵᠡᠩᠨᠡᠯᠲᠡ ᠶᠢᠨ ᠬᠡᠪ ᠵᠠᠭᠪᠤᠷ ᠢ ᠬᠡᠷᠡᠭᠯᠡᠵᠦ᠂ ᠤᠯᠠᠮᠵᠢᠯᠠᠯᠲᠤ ᠬᠤᠪᠴᠠᠰᠤ ᠵᠠᠰᠠᠯ ᠢᠶᠠᠨ ᠳᠡᠯᠭᠡᠨ ᠦᠵᠡᠭᠦᠯᠬᠦ ᠪᠠ ᠪᠣᠷᠣᠯᠠᠭᠤᠯᠬᠤ ᠮᠥᠷᠲᠡᠭᠡᠨ ᠪᠠᠰᠠ ᠬᠤᠪᠴᠠᠰᠤ ᠵᠠᠰᠠᠯ ᠤᠨ ᠡᠰᠬᠡᠯᠲᠡ᠂ ᠣᠶᠣᠵᠤ ᠦᠢᠯᠡᠳᠬᠦ ᠵᠡᠷᠭᠡ ᠤᠷ᠎ᠠ ᠮᠡᠷᠭᠡᠰᠢᠯ ᠤᠨ ᠪᠣᠯᠪᠠᠰᠤᠷᠠᠯ ᠪᠠ ᠤᠯᠠᠮᠵᠢᠯᠠᠨ ᠵᠠᠯᠭᠠᠮᠵᠢᠯᠠᠬᠤ ᠦᠢᠯᠡᠴᠢᠯᠡᠭᠡ ᠬᠠᠩᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠪᠠ ᠰᠢᠨ᠎ᠡ ᠡᠭᠦᠳᠦᠯᠲᠡ ᠳᠤ ᠨᠠᠨᠳᠢᠨ ᠲᠤᠷᠰᠢᠯᠭ᠎ᠠ ᠬᠠᠩᠭᠠᠵᠠᠶ᠃ ︽ᠮᠣᠩᠭᠤᠯ ᠬᠤᠪᠴᠠᠰᠤ ᠵᠠᠰᠠᠯ ᠤᠨ ᠤᠷᠠᠯᠢᠭ ᠤᠨ ᠤᠯᠠᠮᠵᠢᠯᠠᠭᠴᠢ︾ ᠪᠠ ︽ᠪᠦᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠣᠷᠭᠤᠳ ᠤᠨ ᠬᠤᠪᠴᠠᠰᠤ ᠵᠠᠰᠠᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ︾ ᠭᠡᠰᠡᠨ ᠴᠣᠯᠠ ᠬᠦᠷᠲᠡᠭᠡᠭᠰᠡᠨ ᠶᠤᠮ᠃ ᠲᠣᠷᠭᠤᠳ ᠬᠤᠪᠴᠠᠰᠤ ᠵᠠᠰᠠᠯ ᠨᠢ ᠨᠤᠲᠤᠭ ᠤᠰᠤᠨ ᠤ ᠰᠣᠶᠣᠯ ᠤᠨ ᠠᠴᠢᠶᠠᠯᠠᠪᠤᠷᠢ ᠶᠢᠨ ᠨᠢᠭᠡ ᠪᠣᠯᠤᠭᠰᠠᠨ ᠤ ᠬᠤᠪᠢ ᠳᠤ᠂ ᠨᠠᠩ ᠰᠠᠶᠢᠨ ᠤᠯᠠᠮᠵᠢᠯᠠᠯ ᠪᠠ ᠬᠥᠭᠵᠢᠯᠲᠡ ᠶᠢ ᠱᠠᠭᠠᠷᠳᠠᠳᠠᠭ᠃ ᠡᠨᠡ ᠬᠦ ᠶᠠᠪᠤᠴᠠ ᠳᠤ᠂ ᠲᠣᠷᠭᠤᠳ ᠬᠤᠪᠴᠠᠰᠤ ᠵᠠᠰᠠᠯ ᠤᠨ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠪᠣᠯᠵᠤ᠂ ᠣᠳᠣ ᠦᠶ᠎ᠡ ᠶᠢᠨ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠨᠠᠩ ᠣᠯᠠᠨ ᠬᠥᠮᠦᠰ ᠤᠨ ᠠᠩᠬᠠᠷᠤᠯ ᠢ ᠲᠠᠲᠠᠵᠤ᠂  ᠱᠢᠷᠤᠨ᠎ᠠ ᠪᠦᠯᠬᠦᠮ ᠢᠶᠠᠨ ᠳᠠᠭᠠᠭᠤᠯᠤᠨ ᠡᠯ᠎ᠡ ᠭᠠᠵᠠᠷ ᠤᠨ ᠤᠷᠤᠯᠳᠤᠭᠠᠨ ᠪᠠ ᠦᠵᠡᠭᠦᠯᠭᠡ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠦᠢᠯᠡᠳᠬᠡᠯ ᠤᠨ ᠪᠣᠳᠠᠲᠤ ᠬᠦᠴᠦᠨ ᠪᠠ ᠬᠢᠷᠢ ᠲᠦᠪᠰᠢᠨ ᠢ ᠢᠯᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠦᠨᠳᠦᠰᠦᠲᠡᠨ ᠤ ᠬᠤᠪᠴᠠᠰᠤ ᠵᠠᠰᠠᠯ ᠤᠨ ᠰᠣᠶᠣᠯ ᠤᠨ ᠳᠠᠮᠵᠢᠭᠤᠯᠭ᠎ᠠ ᠪᠠ ᠰᠣᠯᠢᠯᠴᠠᠭ᠎ᠠ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号