ᠡᠵᠡᠨ᠎ᠡ ᠬᠤᠰᠢᠭᠤ 2024 ᠣᠨ ᠤ ︽12.4 ᠤᠯᠤᠰ ᠤᠨ ᠦᠨᠳᠦᠰᠦᠨ ᠬᠠᠤᠯᠢ ᠶᠢᠨ ᠡᠳᠦᠷ︾ ᠵᠢᠴᠢ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾᠎ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/12/5
    12 ᠰᠠᠷ᠎ᠠ ᠶᠢᠨ 2᠎ ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠤᠯᠪᠤᠭᠠᠯᠠᠨ 2024 ᠣᠨ ᠤ ︽12.4 ᠤᠯᠤᠰ ᠤᠨ ᠦᠨᠳᠦᠰᠦᠨ ᠬᠠᠤᠯᠢ ᠶᠢᠨ ᠡᠳᠦᠷ︾ ᠵᠢᠴᠢ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾᠎ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠦ᠋ ᠶᠦᠩ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠱᠢ ᠲᠢᠩ ᠶᠣᠰᠣᠯᠠᠯ ᠳᠤ ᠤᠷᠤᠯᠴᠠᠵᠤ᠂ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠬᠥᠬᠡ ᠶᠣᠰᠣᠯᠠᠯ ᠢ ᠡᠷᠭᠢᠯᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠶᠣᠰᠣᠯᠠᠯ ᠳᠤ ᠤᠷᠤᠯᠴᠠᠪᠠ᠃    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠶᠢᠨ ᠵᠣᠷᠢᠯᠭ᠎ᠠ ᠨᠢ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢ ᠳᠠᠶᠢᠴᠢᠯᠠᠨ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂       ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾᠂ ︽ᠬᠡᠨ ᠬᠠᠮᠢᠶᠠᠷᠪᠠᠯ ᠬᠡᠨ ᠬᠠᠤᠯᠢ ᠲᠦᠭᠡᠮᠡᠯᠵᠢᠭᠦᠯᠬᠦ︾᠂ ︽ᠬᠡᠨ ᠦᠢᠯᠡᠴᠢᠯᠡᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠨᠡᠪᠲᠡᠷᠡᠯᠴᠡᠬᠦ ᠶᠢ ᠴᠢᠩᠭᠠᠳᠬᠠᠨ᠂ ᠤᠬᠠᠭᠤᠯᠭ᠎ᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠥᠬᠦ ᠠᠷᠠᠳ ᠢᠶᠠᠷ ᠢᠶᠠᠨ ᠦᠨᠳᠦᠰᠦᠨ ᠬᠠᠤᠯᠢ ᠶᠢ ᠬᠦᠨᠳᠦᠳᠬᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ ᠶᠢ ᠠᠬᠢᠭᠤᠯᠵᠤ᠂ ᠦᠨᠳᠦᠰᠦᠨ ᠬᠠᠤᠯᠢ ᠶᠢ ᠬᠡᠷᠡᠭᠯᠡᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠠᠤᠯᠢ ᠪᠠᠷ ᠵᠠᠰᠠᠬᠤ ᠶᠢ ᠳᠡᠭᠡᠳᠦᠯᠡᠬᠦ᠂ ᠲᠥᠪ ᠭᠤᠤᠯᠴᠢ ᠰᠢᠳᠤᠷᠭᠤ ᠶᠣᠰᠣ ᠶᠢ ᠡᠷᠬᠢᠮᠯᠡᠬᠦ᠂ ᠠᠮᠤᠷ ᠲᠣᠭᠲᠠᠭᠤᠨ ᠡᠮᠬᠢ ᠵᠢᠷᠤᠮ ᠲᠠᠢ ᠬᠠᠤᠯᠢ ᠪᠠᠷ ᠬᠤᠰᠢᠭᠤ ᠪᠠᠨ ᠵᠠᠰᠠᠬᠤ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃    ᠶᠣᠰᠣᠯᠠᠯ ᠳᠡᠭᠡᠷ᠎ᠡ᠂ ᠬᠠᠮᠢᠶ᠎ᠠ ᠪᠥᠬᠦᠶ ᠤᠳᠤᠷᠢᠳᠤᠯᠭ᠎ᠠ ᠠᠴᠠ ᠰᠢᠨ᠎ᠡ ᠪᠠᠷ ᠪᠤᠶᠢᠵᠢᠭᠤᠯᠤᠭᠰᠠᠨ ︽ᠰᠦᠯᠵᠢᠶᠡᠨ ᠤ ᠬᠠᠤᠯᠢ ᠮᠡᠳᠡᠳᠡᠭ ᠬᠥᠮᠦᠨ︾᠎ ᠤ ᠲᠥᠯᠥᠭᠡᠯᠡᠭᠴᠢᠳ ᠲᠤ ᠦᠨᠡᠮᠯᠡᠯ ᠪᠠ ᠰᠦᠯᠳᠡ ᠲᠡᠮᠳᠡᠭ ᠭᠠᠷᠳᠠᠭᠤᠯᠵᠤ᠂          ︽ᠰᠦᠯᠵᠢᠶᠡᠨ ᠤ ᠬᠠᠤᠯᠢ ᠮᠡᠳᠡᠳᠡᠭ ᠬᠥᠮᠦᠨ︾᠎ ᠤ ᠲᠥᠯᠥᠭᠡᠯᠡᠭᠴᠢ ᠡᠤ ᠬᠤᠶ ᠮᠢᠨ ︽︿ᠰᠦᠯᠵᠢᠶᠡᠨ ᠤ ᠬᠠᠤᠯᠢ ᠮᠡᠳᠡᠳᠡᠭ ᠬᠥᠮᠦᠨ﹀᠎ ᠤ ᠰᠠᠨᠠᠭᠠᠴᠢᠯᠠᠭ᠎ᠠ ᠶᠢᠨ ᠪᠢᠴᠢᠭ︾᠎ ᠢ ᠤᠩᠰᠢᠨ ᠨᠡᠶᠢᠲᠡᠯᠡᠵᠦ᠂ ᠮᠠᠨ ᠤ ᠬᠤᠰᠢᠭᠤᠨ ᠤ       ︽ᠰᠦᠯᠵᠢᠶᠡᠨ ᠤ ᠬᠠᠤᠯᠢ ᠮᠡᠳᠡᠳᠡᠭ ᠬᠥᠮᠦᠨ︾ ᠵᠢᠩᠬᠢᠨᠢ ᠪᠠᠷ ᠦᠨᠡᠮᠯᠡᠯ ᠲᠠᠢ ᠪᠠᠷ ᠠᠵᠢᠯ ᠤᠨ ᠪᠠᠶᠢᠷᠢᠨ ᠳᠤ ᠭᠠᠷᠤᠭᠰᠠᠨ ᠢ ᠬᠠᠷᠠᠭᠤᠯᠤᠨ᠎ᠠ᠃    ᠡᠵᠡᠨ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠨᠠᠬᠢᠶ᠎ᠠ᠄ ︽ᠲᠣᠰ ᠤᠳᠠᠭᠠᠨ ᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪ ᠪᠣᠯ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠥᠯᠭᠢᠨ ᠠᠬᠢᠭᠤᠯᠬᠤ︾ ᠶᠠᠪᠤᠳᠠᠯ ᠪᠣᠯᠤᠨ᠎ᠠ᠂ ᠮᠦᠨᠴᠦ ᠡᠨᠡᠬᠦ ᠠᠵᠢᠯᠯᠠᠭ᠎ᠠ ᠥᠷᠨᠢᠭᠦᠯᠬᠦ ᠶᠢᠨ ᠵᠣᠷᠢᠯᠭ᠎ᠠ ᠪᠣᠯ ᠵᠠᠯᠠᠭᠤᠴᠤᠳ ᠪᠠᠭᠠᠴᠤᠳ᠂ ᠰᠦᠯᠵᠢᠶᠡᠴᠢᠨ ᠵᠡᠷᠭᠡ ᠭᠤᠤᠯᠳᠠᠯᠭ᠎ᠠ ᠲᠠᠢ ᠪᠦᠯᠬᠦᠮ ᠢ ᠠᠳᠬᠤᠵᠤ᠂ ᠰᠤᠷᠭᠠᠭᠤᠯᠢ᠂ ᠨᠡᠶᠢᠭᠡᠮ ᠲᠣᠭᠤᠷᠢᠭ᠂ ᠵᠠᠭᠤᠴᠢᠯᠠᠭᠤᠷ ᠵᠡᠷᠭᠡ ᠭᠤᠤᠯᠳᠠᠯᠭ᠎ᠠ ᠲᠠᠢ ᠵᠢᠭᠰᠠᠭᠠᠯ ᠤᠨ ᠭᠠᠵᠠᠷ ᠢ ᠠᠰᠢᠭᠯᠠᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠣᠯᠠᠨ ᠵᠦᠢᠯ ᠤᠨ ᠠᠷᠭ᠎ᠠ ᠵᠠᠮ᠂       ︽ᠬᠠᠤᠯᠢ ᠴᠠᠭᠠᠵᠠ ᠶᠢ ᠳᠤᠯᠤᠭ᠎ᠠ ᠣᠷᠣᠭᠤᠯᠬᠤ︾ ᠣᠯᠠᠨ ᠵᠦᠢᠯ ᠤᠨ ᠬᠡᠯᠪᠡᠷᠢ ᠪᠠᠷ ᠨᠢᠭᠡ ᠭᠠᠷᠠᠭ ᠤᠨ ᠬᠤᠭᠤᠴᠠᠭ᠎ᠠ ᠲᠠᠢ ᠦᠨᠳᠦᠰᠦᠨ ᠬᠠᠤᠯᠢ ᠶᠢᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠶᠠᠪᠤᠳᠠᠯ ᠪᠣᠯᠤᠨ᠎ᠠ︾ ᠭᠡᠪᠡ᠃    ᠠᠵᠢᠯᠯᠠᠭ᠎ᠠ ᠶᠢᠨ ᠳᠤᠮᠳᠠ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠤᠯᠢ ᠪᠠᠷ ᠵᠠᠰᠠᠬᠤ ᠰᠣᠶᠣᠯ ᠤᠨ ᠪᠡᠯᠡᠭ ᠰᠡᠯᠲᠡ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠤ ᠦᠨᠳᠦᠰᠦᠨ ᠬᠠᠤᠯᠢ ᠶᠢᠨ ᠤᠬᠠᠭᠤᠯᠭ᠎ᠠ ᠳᠤ ᠣᠷᠣᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠬᠥᠭᠵᠢᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号