ᠡᠵᠡᠨ᠎ᠡ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠬᠢᠭᠡᠳ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠦᠵᠡᠭᠦᠯᠭᠡ ᠶᠢᠨ ᠰᠢᠨ᠎ᠡ ᠵᠣᠬᠢᠶᠠᠯ
ᠨᠡᠶᠢᠲᠡᠯᠡᠭᠰᠡᠨ ᠴᠠᠭ᠄
2024/12/6
     ᠣᠶᠢᠷ᠎ᠠ ᠳᠤ᠂ ᠠᠷᠪᠠᠨ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠳᠡᠮ ᠰᠢᠨᠵᠢᠯᠡᠭᠡᠨ ᠤ ᠣᠨ ᠤ ᠬᠤᠷᠠᠯ ᠬᠥᠬᠡᠬᠤᠲᠠ ᠳᠤ ᠥᠪᠡᠭᠳᠡᠰᠢ ᠶᠡᠭᠡ ᠪᠠᠷ ᠶᠠᠪᠤᠭᠳᠠᠪᠠ᠂ ᠲᠤᠰ ᠤᠳᠠᠭᠠᠨ ᠤ ᠣᠨ ᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠬᠡᠮᠯᠢᠭ ᠠᠴᠠ ᠭᠤᠣᠯᠯᠠᠨ ᠡᠷᠬᠢᠯᠡᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠤᠶᠠᠷ ᠵᠢᠭᠦᠷ ᠵᠡᠷᠭᠡᠪᠡᠷ ᠨᠢᠰᠬᠦ ᠮᠡᠲᠦ ᠲᠦᠷᠭᠡᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ︾᠎ ᠪᠠᠷ ᠭᠤᠣᠯ ᠰᠡᠳᠦᠪ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃    ᠣᠨ ᠤ ᠬᠤᠷᠠᠯ ᠤᠨ ᠠᠬᠤᠶ ᠲᠠᠯᠠᠪᠠᠶ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠼᠤᠤ ᠶᠢᠨ ᠱᠠᠨ ᠠᠯᠠᠱᠠ ᠠᠶᠢᠮᠠᠭ ᠤᠨ ᠠᠩᠬᠠᠳᠠᠭᠴᠢ ᠡᠵᠡᠨ᠎ᠡ ᠬᠤᠰᠢᠭᠤᠨ ᠳᠤ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ —ᠥᠪᠥᠷ ᠮᠣᠩᠭᠤᠯ ᠤᠨ ᠶᠦᠩ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ︽ᠡᠷᠳᠡᠮ ᠰᠢᠨᠵᠢᠯᠡᠭᠡᠨ ᠤ ᠦᠢᠯᠡᠴᠢᠯᠡᠭᠡᠨ ᠤ ᠥᠷᠲᠡᠭᠡ︾ ᠭᠡᠬᠦ ᠫᠠᠶᠢᠰᠠ ᠣᠯᠭᠤᠪᠠ᠃ ᠠᠵᠤ ᠠᠬᠤᠶᠢᠯᠠᠯ ᠤᠨ ᠨᠡᠶᠢᠭᠡᠮᠯᠢᠭ ᠤᠨ ᠲᠥᠯᠥᠭᠡᠯᠡᠭᠴᠢ ᠢᠯᠡᠷᠬᠡᠶᠢᠯᠡᠬᠦ ᠳᠡᠭᠡᠨ᠂ ᠡᠯ᠎ᠡ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠦᠵᠡᠭᠦᠯᠦᠭᠰᠡᠨ ᠬᠦᠴᠦᠲᠡᠶ ᠳᠡᠮᠵᠢᠯᠭᠡ ᠪᠠ ᠨᠠᠷᠢᠨ ᠨᠢᠮᠪᠠᠶ ᠵᠢᠯᠣᠭᠤᠳᠣᠯᠭ᠎ᠠ ᠶᠢ ᠭᠦᠨᠵᠡᠭᠡᠶ ᠰᠡᠷᠡᠵᠦ ᠮᠡᠳᠡᠪᠡ᠃ ᠶᠠᠭ ᠡᠲᠡᠭᠡᠷ ᠳᠡᠮᠵᠢᠯᠭᠡ ᠪᠠᠷ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠬᠦᠴᠦᠲᠡᠢ ᠠᠬᠢᠭᠤᠯᠵᠤ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠴᠥᠬᠦᠷᠡᠰᠢ ᠥᠬᠡᠶ ᠡᠷᠡᠮᠡᠬᠡᠶᠢᠯᠡᠨ ᠤᠷᠤᠭᠰᠢᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠵᠡᠨ᠎ᠡ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠳᠡᠭᠡᠷ᠎ᠡ ᠢᠳᠡᠪᠬᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠵᠡᠨ᠎ᠡ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠣ᠋ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠡᠭᠦᠳᠴᠦ᠂ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠥᠬᠦ ᠬᠦᠴᠦᠨ ᠴᠢᠳᠠᠯ ᠢᠶᠠᠨ ᠡᠷᠭᠦᠪᠡ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号