ᠡᠵᠡᠨ᠎ᠡ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠪᠥᠬᠦ ᠤᠯᠤᠰ ᠤᠨ ᠬᠦᠷᠡᠯ ᠱᠠᠩᠨᠠᠯ ᠢ ᠬᠦᠷᠲᠡᠪᠡ
ᠨᠡᠶᠢᠲᠡᠯᠡᠭᠰᠡᠨ ᠴᠠᠭ᠄
2024/12/6
    ᠣᠷᠴᠢᠮᠬᠠᠨ᠂ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠳᠤ᠂ ᠡᠵᠡᠨ᠎ᠡ ᠬᠤᠰᠢᠭᠤᠨ ᠤ ᠬᠠᠷᠠᠪᠦ᠋ᠷᠭᠦᠳ ᠶᠢᠨ ᠠᠭᠤᠯᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ︽ᠡᠯᠡᠰᠦᠨ ᠭᠤᠪᠢ ᠶᠢᠨ ᠤᠯᠠᠭᠠᠨ ᠣᠷᠣᠯᠠᠨ ᠭᠦᠢᠴᠡᠳᠭᠡᠬᠦ︾ ᠲᠥᠷᠥᠯ ᠵᠦᠢᠯ ᠨᠢ ᠪᠣᠯᠪᠠᠰᠤᠨ ᠤ ᠦᠢᠯᠡᠳᠦᠯᠭᠡ ᠶᠢᠨ ᠲᠥᠷᠥᠯ ᠤᠨ ᠭᠠᠤᠯᠢᠨ ᠱᠠᠩᠨᠠᠯ ᠬᠦᠷᠲᠡᠪᠡ᠃ ᠲᠣᠰ ᠲᠥᠷᠥᠯ ᠵᠦᠢᠯ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠭᠤᠤᠯᠯᠠᠭᠴᠢ ᠬᠦᠴᠦᠨ ᠢ ᠰᠢᠩᠭᠡᠭᠡᠨ ᠠᠪᠴᠤ᠂ ᠣᠯᠠᠨ ᠲᠦᠮᠡᠨ ᠤ ᠵᠠᠬᠢᠶᠠᠯᠠᠭ᠎ᠠ ᠶᠢᠨ ᠬᠠᠭᠤᠳᠠᠰᠤ᠂ ᠭᠠᠵᠠᠷ ︵ᠥᠷᠲᠡᠭᠡ︶᠎ ᠪᠠᠷ ᠬᠠᠭᠤᠳᠠᠰᠤ ᠲᠣᠮᠢᠯᠠᠬᠤ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠬᠠᠭᠤᠳᠠᠰᠤ ᠭᠥᠯᠢᠶᠡᠨ ᠠᠪᠬᠤ ︽1+3+N︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠠᠭᠪᠤᠷ ᠢ ᠪᠠᠶᠢᠭᠤᠯᠬᠤ ᠶᠢᠨ ᠬᠠᠮᠲᠤ ᠲᠥᠪᠯᠡᠷᠡᠭᠦᠯᠦᠨ ᠠᠵᠢᠯᠯᠠᠬᠤ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠭᠦᠢᠴᠡᠳᠭᠡᠬᠦ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠪᠠ ᠦᠢᠯᠡᠴᠢᠯᠡᠭᠡᠨ ᠤ ᠵᠦᠢᠯᠡᠰ ᠢ ᠪᠠᠶᠢᠭᠤᠯᠵᠤ᠂ ᠠᠵᠢᠯ ᠢ ︽ᠰᠠᠨᠠᠭᠠᠴᠢᠯᠠᠭ᠎ᠠ ᠥᠬᠡᠶ ᠪᠠᠷ ᠭᠥᠯᠢᠶᠡᠨ ᠠᠪᠴᠤ ᠰᠢᠢᠳᠪᠦᠷᠢᠯᠡᠬᠦ︾ ᠪᠠᠶᠢᠭᠰᠠᠨ ᠠᠴᠠ ︽ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠰᠡᠳᠬᠢᠯ ᠵᠢᠷᠦᠬᠡ ᠪᠠᠨ ᠬᠤᠯᠪᠣᠵᠤ ᠠᠵᠢᠯ ᠶᠠᠪᠤᠳᠠᠯ ᠭᠦᠢᠴᠡᠳᠭᠡᠬᠦ ᠶᠢ ᠠᠬᠢᠭᠤᠯᠪᠠ᠃ ᠲᠥᠷᠥᠯ ᠵᠦᠢᠯ ᠳᠤ ᠨᠡᠶᠢᠲᠡ 1000 ᠭᠠᠷᠤᠶ ᠤᠳᠠᠭ᠎ᠠ ᠦᠢᠯᠡᠴᠢᠯᠡᠭᠡ ᠥᠷᠨᠢᠭᠦᠯᠵᠦ᠂ 60 ᠰᠢᠬᠠᠮ ᠰᠠᠶᠢᠨ ᠳᠤᠷ᠎ᠠ ᠶᠢᠨ ᠦᠢᠯᠡᠴᠢᠯᠡᠭᠴᠢ ᠣᠷᠤᠯᠴᠠᠵᠤ᠂ ᠨᠡᠶᠢᠲᠡ 17000 ᠭᠠᠷᠤᠶ ᠴᠠᠭ ᠦᠢᠯᠡᠴᠢᠯᠡᠵᠦ᠂ ᠬᠢᠯᠢ ᠬᠢᠵᠠᠭᠠᠷ ᠢ ᠰᠠᠬᠢᠵᠤ ᠪᠠᠶᠢᠭ᠎ᠠ ᠣᠯᠠᠨ ᠲᠦᠮᠡᠨ ᠳᠤ 3400 ᠭᠠᠷᠤᠶ ᠬᠥᠮᠦᠨ ᠦᠢᠯᠡᠴᠢᠯᠡᠪᠡ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号