ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠬᠠᠷ᠎ᠠ ᠭᠤᠤᠯ ᠤᠨ ᠰᠠᠪᠠ ᠭᠠᠵᠠᠷ ᠤᠨ | ᠬᠠᠮᠢᠶᠠᠷᠤᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ︽ᠬᠠᠷ᠎ᠠ ᠭᠤᠤᠯ ᠤᠨ ᠤᠰᠤ ᠶᠢ ᠲᠣᠬᠢᠷᠠᠭᠤᠯᠬᠤ | ᠵᠠᠩᠭᠢᠯᠠᠭ᠎ᠠ ᠶᠢᠨ ᠬᠤᠭᠤᠴᠠᠭᠠᠨ ᠤ ᠬᠤᠶᠠᠳᠤᠭᠠᠷ ᠤᠳᠠᠭᠠᠨ ᠤ ᠲᠥᠪᠯᠡᠷᠡᠭᠦᠯᠦᠨ ᠤᠰᠤ ᠲᠠᠲᠠᠬᠤ ᠠᠵᠢᠯ ᠢ ᠰᠠᠶᠢᠲᠤᠷ | ᠬᠢᠬᠦ ᠲᠤᠬᠠᠶ ᠮᠡᠳᠡᠭᠳᠡᠯ︾ ︵ᠬᠠᠲᠤᠨ ᠭᠤᠤᠯ ᠴᠠᠬᠢᠯᠭᠠᠨ ﹇2020﹈ 23 ᠳ᠋ᠤᠭᠠᠷ ᠲᠣᠭᠠᠲᠤ︶ ᠢ | ᠦᠨᠳᠦᠰᠦᠯᠡᠨ᠂ ᠲᠣᠰ ᠵᠢᠯ ᠤᠨ ᠪᠠᠶᠠᠨᠪᠤᠭᠳᠠ ᠶᠢᠨ ᠤᠰᠤᠨ ᠰᠢᠨᠵᠢᠯᠡᠭᠡᠨ ᠤ ᠣᠭᠲᠣᠯᠤᠭᠠᠰᠤ ᠶᠢᠨ ᠡᠮᠦᠨᠡᠬᠢ | ᠬᠤᠭᠤᠴᠠᠭᠠᠨ ᠤ ᠤᠰᠤᠨ ᠤ ᠪᠠᠶᠢᠳᠠᠯ ᠵᠢᠴᠢ ᠰᠡᠭᠦᠯᠴᠢ ᠶᠢᠨ ᠬᠤᠭᠤᠴᠠᠭᠠᠨ ᠤ ᠤᠰᠤ ᠢᠷᠡᠬᠦ ᠪᠠᠶᠢᠳᠠᠯ ᠲᠠᠢ | ᠤᠶᠠᠯᠳᠤᠭᠤᠯᠤᠨ᠂ ᠬᠠᠷ᠎ᠠ ᠭᠤᠤᠯ ᠤᠨ ᠤᠰᠤᠨ ᠤ ᠬᠢᠵᠠᠭᠠᠷ ᠲᠠᠢ ᠡᠬᠢ ᠪᠠᠶᠠᠯᠢᠭ ᠢ ᠬᠠᠮᠤᠭ ᠤᠨ ᠶᠡᠭᠡ ᠪᠠᠷ | ᠰᠠᠶᠢᠲᠤᠷ ᠠᠰᠢᠭᠯᠠᠬᠤ ᠲᠤᠬᠠᠢ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠤᠰᠤᠨ ᠤ ᠪᠠᠶᠢᠳᠠᠯ ᠤᠨ ᠵᠠᠳᠠᠯᠤᠯᠲᠠ | 2023 ᠣᠨ ᠤ 11 ᠰᠠᠷ᠎ᠠ ᠶᠢᠨ 11 ᠤ ᠡᠳᠦᠷ ᠠᠴᠠ 2024 ᠣᠨ ᠤ 7 ᠰᠠᠷ᠎ᠠ ᠶᠢᠨ 31 ᠤ ᠡᠳᠦᠷ᠂ | ᠶᠢᠩ ᠯᠦᠸᠧ ᠬᠠᠪᠴᠢᠯ ᠤᠨ ᠤᠰᠤᠨ ᠵᠦᠢ ᠶᠢᠨ ᠣᠭᠲᠣᠯᠤᠭᠠᠰᠤ ᠶᠢᠨ ᠪᠣᠳᠠᠲᠠᠶ ᠬᠡᠮᠵᠢᠯᠲᠡ ᠪᠠᠷ 8.98 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠢᠷᠡᠵᠦ᠂ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ | ᠳᠤᠮᠳᠠᠴᠢ ᠬᠡᠮᠵᠢᠭᠳᠡᠯ ᠠᠴᠠ 4.78% ᠳᠤᠲᠠᠭᠤ ᠪᠠᠶᠢᠵᠤ᠂ 2000 - 2023 ᠣᠨ ᠤ ᠠᠳᠠᠯᠢ | ᠬᠤᠭᠤᠴᠠᠭᠠᠨ ᠤ ᠳᠤᠮᠳᠠᠴᠢ ᠬᠡᠮᠵᠢᠭᠳᠡᠯ ᠠᠴᠠ 13.4% ᠳᠤᠲᠠᠭᠤ ᠪᠣᠯᠪᠠ︔ ᠵᠧᠩ ᠢ ᠬᠠᠪᠴᠢᠯ ᠤᠨ ᠤᠰᠤᠨ | ᠵᠦᠢ ᠶᠢᠨ ᠣᠭᠲᠣᠯᠤᠭᠠᠰᠤ ᠶᠢᠨ ᠪᠣᠳᠠᠲᠠᠶ ᠬᠡᠮᠵᠢᠯᠲᠡ ᠪᠠᠷ ᠤᠰᠤ ᠵᠠᠯᠠᠬᠤ ᠬᠡᠮᠵᠢᠶ᠎ᠡ 5.31 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠪᠠᠶᠢᠵᠤ᠂ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠳᠤᠮᠳᠠᠴᠢ ᠬᠡᠮᠵᠢᠭᠳᠡᠯ ᠠᠴᠠ | 19.3% ᠳᠤᠲᠠᠭᠤ ᠪᠣᠯᠵᠣ᠂ 2000-2023 ᠣᠨ ᠤ ᠠᠳᠠᠯᠢ ᠬᠤᠭᠤᠴᠠᠭᠠᠨ ᠤ ᠳᠤᠮᠳᠠᠴᠢ ᠬᠡᠮᠵᠢᠭᠳᠡᠯ ᠠᠴᠠ | 19.8% ᠳᠤᠲᠠᠭᠤ ᠪᠣᠯᠵᠠᠶ᠃ ᠠᠳᠠᠯᠢ ᠬᠤᠭᠤᠴᠠᠭᠠᠨ ᠳᠤ᠂ ᠱᠣᠣ ᠮᠠ ᠶᠢᠩ ᠤᠨ ᠤᠰᠤᠨ ᠵᠦᠢ ᠶᠢᠨ | ᠣᠭᠲᠣᠯᠤᠭᠠᠰᠤ ᠶᠢᠨ ᠪᠣᠳᠠᠲᠤ ᠬᠡᠮᠵᠢᠯᠲᠡ ᠪᠠᠷ᠂ ᠳᠣᠷᠣᠭᠰᠢ ᠤᠷᠤᠰᠬᠤ ᠤᠰᠤᠨ ᠬᠡᠮᠵᠢᠶ᠎ᠡ ᠨᠢ 2.71 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠪᠠᠶᠢᠵᠤ᠂ 2000-2023 ᠣᠨ ᠤ ᠠᠳᠠᠯᠢ ᠬᠤᠭᠤᠴᠠᠭᠠᠨ ᠤ ᠳᠤᠮᠳᠠᠴᠢ | ᠬᠡᠮᠵᠢᠭᠳᠡᠯ ᠠᠴᠠ 36.2% ᠳᠤᠲᠠᠭᠤ ᠪᠠᠶᠢᠪᠠ᠃ ᠪᠠᠶᠠᠨᠪᠤᠭᠳᠠ ᠶᠢᠨ ᠤᠰᠤᠨ ᠵᠦᠢ ᠶᠢᠨ ᠣᠭᠲᠣᠯᠤᠭᠠᠰᠤ ᠶᠢᠨ | ᠪᠣᠳᠠᠲᠤ ᠬᠡᠮᠵᠢᠯᠲᠡ ᠪᠠᠷ᠂ ᠳᠣᠷᠣᠭᠰᠢ ᠤᠷᠤᠰᠬᠤ ᠤᠰᠤᠨ ᠬᠡᠮᠵᠢᠶ᠎ᠡ ᠨᠢ 2.13 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠪᠠᠶᠢᠵᠤ᠂ 2000-2023 ᠣᠨ ᠤ ᠠᠳᠠᠯᠢ ᠬᠤᠭᠤᠴᠠᠭᠠᠨ ᠤ ᠳᠤᠮᠳᠠᠴᠢ ᠬᠡᠮᠵᠢᠭᠳᠡᠯ ᠠᠴᠠ | 37.9% ᠪᠠᠭᠠᠰᠤᠭᠰᠠᠨ ᠪᠠᠶᠢᠨ᠎ᠠ᠃ | ᠡᠮᠦᠨᠡᠬᠢ ᠬᠤᠭᠤᠴᠠᠭᠠᠨ ᠤ ᠪᠣᠳᠠᠲᠠᠢ ᠬᠡᠮᠵᠢᠭᠰᠡᠨ ᠮᠠᠲ᠋ᠧᠷᠢᠶᠠᠯ ᠤᠨ ᠵᠠᠳᠠᠯᠤᠯᠲᠠ ᠪᠠᠷ᠂ ᠢᠷᠡᠬᠦ 8 ᠰᠠᠷ᠎ᠠ ᠶᠢᠨ | 1 ᠤ ᠡᠳᠦᠷ ᠠᠴᠠ 11 ᠰᠠᠷ᠎ᠠ ᠶᠢᠨ 10 ᠤ ᠡᠳᠦᠷ ᠪᠣᠯᠲᠠᠯ᠎ᠠ ᠶᠢᠩ ᠯᠦᠸᠧ ᠬᠠᠪᠴᠢᠯ ᠤᠨ ᠤᠰᠤᠨ ᠵᠦᠢ ᠶᠢᠨ | ᠣᠭᠲᠣᠯᠤᠭᠠᠰᠤ ᠶᠢᠨ ᠣᠰᠤ ᠢᠷᠡᠬᠦ ᠬᠡᠮᠵᠢᠶ᠎ᠡ ᠶᠢ ᠣᠯᠠᠨ ᠵᠢᠯ ᠤᠨ ᠳᠤᠮᠳᠠᠴᠢ ᠬᠡᠮᠵᠢᠭᠳᠡᠯ ᠢᠶᠠᠷ ᠵᠢᠱᠢᠪᠠᠯ᠂ ᠢᠷᠡᠬᠦ | ᠤᠰᠤᠨ ᠤ ᠬᠡᠮᠵᠢᠶ᠎ᠡ ᠨᠢ 6.37 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠶᠢᠩ ᠯᠦᠸᠧ | ᠬᠠᠪᠴᠢᠯ ᠤᠨ ᠤᠰᠤᠨ ᠵᠦᠢ ᠶᠢᠨ ᠣᠭᠲᠣᠯᠤᠭᠠᠰᠤ ᠶᠢᠨ ᠵᠢᠯ ᠤᠨ ᠤᠰᠤᠨ ᠤ ᠬᠡᠮᠵᠢᠶ᠎ᠡ ᠶᠢ ᠪᠠᠷᠤᠭᠴᠠᠭᠠᠯᠠᠪᠠᠯ | 15.35 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠤᠨ᠎ᠠ︔ 7 ᠰᠠᠷ᠎ᠠ ᠶᠢᠨ 31 ᠤ ᠡᠳᠦᠷ ᠪᠣᠯᠲᠠᠯ᠎ᠠ᠂ | ᠡᠮᠦᠨᠡᠬᠢ ᠬᠤᠭᠤᠴᠠᠭᠠᠨ ᠤ ᠵᠧᠩ ᠢ ᠬᠠᠪᠴᠢᠯ ᠤᠨ ᠤᠰᠤᠨ ᠵᠦᠢ ᠶᠢᠨ ᠣᠭᠲᠣᠯᠤᠭᠠᠰᠤ ᠶᠢᠨ ᠤᠰᠤ ᠵᠠᠯᠠᠬᠤ | ᠬᠡᠮᠵᠢᠶ᠎ᠡ ᠨᠢ 6.21 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠬᠤ ᠶᠤᠰᠤᠲᠠᠢ ᠴᠤ᠂ ᠪᠤᠳᠠᠳᠠᠢ ᠤᠰᠤ | ᠵᠠᠯᠠᠬᠤ ᠬᠡᠮᠵᠢᠶ᠎ᠡ ᠨᠢ 0.9 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤᠲᠠᠭᠤ ᠪᠠᠶᠢᠪᠠ᠃ | ᠬᠠᠷ᠎ᠠ ᠭᠤᠤᠯ ᠤᠨ ᠭᠤᠤᠯ ᠤᠷᠤᠰᠬᠠᠯ ᠤᠨ 2023-2024 ᠣᠨ ᠤ 8 ᠰᠠᠷ᠎ᠠ ᠶᠢᠨ ᠤᠰᠤᠨ ᠤ ᠬᠡᠮᠵᠢᠶ᠎ᠡ ᠶᠢ | ᠲᠣᠬᠢᠷᠠᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠳᠣᠬᠠᠨ ᠤ ᠪᠣᠳᠠᠲᠠᠶ ᠲᠠᠢ ᠪᠠᠨ | ᠤᠶᠠᠯᠳᠤᠭᠤᠯᠤᠨ᠂ 8 ᠰᠠᠷ᠎ᠠ ᠶᠢᠨ 4 ᠤ ᠡᠳᠦᠷ ᠠᠴᠠ ᠡᠬᠢᠯᠡᠨᠲ᠋ᠣᠰ ᠵᠢᠯ ᠤᠨ ᠬᠠᠷ᠎ᠠ ᠭᠤᠤᠯ ᠤᠨ ᠤᠰᠤ ᠶᠢ | ᠲᠣᠬᠢᠷᠠᠭᠤᠯᠬᠤ ᠵᠠᠩᠭᠢᠯᠠᠭ᠎ᠠ ᠶᠢᠨ ᠬᠤᠭᠤᠴᠠᠭᠠᠨ ᠤ ᠬᠤᠶᠠᠳᠤᠭᠠᠷ ᠤᠳᠠᠭᠠᠨ ᠤ ︽ᠪᠥᠬᠦ ᠱᠤᠭᠤᠮ ᠢᠶᠠᠨ ᠬᠠᠭᠠᠵᠤ᠂ | ᠲᠥᠪᠯᠡᠷᠡᠭᠦᠯᠦᠨ ᠳᠤᠷᠤᠭᠰᠢ ᠤᠷᠤᠰᠬᠠᠬᠤ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 7 ᠡᠳᠦᠷ ᠠᠴᠠ ᠳᠤᠲᠠᠭᠤ | ᠥᠬᠡᠶ ᠶᠠᠪᠤᠭᠳᠠᠭᠤᠯᠬᠤ ᠭᠡᠷᠡᠭᠳᠡᠢ᠃ ᠡᠨᠡ ᠤᠳᠠᠭ᠎ᠠ ᠶᠢᠨ ᠤᠰᠤ ᠳᠠᠲᠠᠬᠤ ᠳᠤ ᠬᠤᠸᠠᠩ ᠽᠠᠩ ᠰᠧ ᠤᠰᠤᠨ | ᠴᠥᠭᠦᠷᠥᠮ ᠳᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠷᠭ᠎ᠠ ᠬᠡᠮᠵᠢᠶ᠎ᠡ ᠶᠢ ᠠᠩᠬ᠎ᠠ ᠤᠳᠠᠭ᠎ᠠ ᠬᠡᠷᠡᠭᠵᠢᠭᠦᠯᠵᠦ᠂ | ᠳᠣᠷᠣᠭᠰᠢ ᠤᠰᠤ ᠵᠠᠯᠠᠬᠤ ᠤᠷᠤᠰᠬᠠᠯ ᠤᠨ ᠬᠡᠮᠵᠢᠶ᠎ᠡ ᠨᠢ ᠰᠧᠺᠦ᠋ᠨ᠋ᠳ᠋ ᠪᠦᠷᠢ 200 ᠪᠣᠰᠤᠭ᠎ᠠ ᠳᠥᠷᠪᠡᠯᠵᠢᠨ ᠮᠧᠲᠷ | ᠬᠦᠷᠭᠡᠬᠦ ᠪᠠᠷ ᠠᠩᠬ᠎ᠠ ᠠᠯᠬᠤᠮ ᠲᠣᠭᠲᠠᠭᠠᠪᠠ᠃ | ᠬᠤᠶᠠᠷ᠂ ᠲᠣᠬᠢᠷᠠᠭᠤᠯᠬᠤ ᠲᠥᠯᠥᠪᠯᠡᠭᠡ | ᠲᠣᠰ ᠤᠳᠠᠭᠠᠨ ᠤ ᠤᠰᠤᠨ ᠤ ᠬᠡᠮᠵᠢᠶ᠎ᠡ ᠶᠢ ᠳᠣᠭᠢᠷᠠᠭᠤᠯᠬᠤ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ | ᠲᠣᠰ ᠡᠳᠦᠷ ᠠᠴᠠ ᠡᠬᠢᠯᠡᠨ ︽ᠪᠥᠬᠦ ᠱᠤᠭᠤᠮ ᠢᠶᠠᠷ ᠤᠰᠤ ᠬᠠᠭᠠᠵᠤ᠂ ᠤᠰᠤᠨ ᠤ ᠬᠡᠮᠵᠢᠶ᠎ᠡ ᠶᠢ ᠲᠥᠪᠯᠡᠷᠡᠭᠦᠯᠬᠦ︾ | ᠪᠠᠷ ᠭᠤᠤᠯ ᠪᠣᠯᠭᠠᠭᠰᠠᠨ ᠲᠣᠬᠢᠷᠠᠭᠤᠯᠬᠤ ᠠᠷᠭ᠎ᠠ ᠬᠡᠮᠵᠢᠶ᠎ᠡ ᠶᠢ ᠠᠪᠴᠤ᠂ ᠨᠢᠭᠡᠳᠦᠭᠡᠷ ᠭᠤᠤᠯ ᠢᠶᠠᠷ ᠳᠠᠮᠵᠢᠨ | ᠰᠤᠪᠨᠠᠭᠤᠷ ᠲᠤ ᠤᠰᠤ ᠣᠷᠤᠭᠤᠯᠵᠤ᠂ ᠵᠣᠬᠢᠬᠤ ᠤᠰᠤᠨ ᠤ ᠬᠡᠮᠵᠢᠶ᠎ᠡ ᠶᠢ ᠨᠥᠬᠦᠪᠥᠷᠢᠯᠡᠨ᠎ᠡ᠃ | ᠰᠤᠪᠨᠠᠭᠤᠷ ᠤᠨ ᠤᠰᠤ ᠨᠥᠬᠦᠪᠥᠷᠢᠯᠡᠬᠦ ᠠᠵᠢᠯ ᠳᠠᠭᠤᠰᠤᠭᠰᠠᠨ ᠤ ᠳᠠᠷᠠᠭ᠎ᠠ᠂ ︽ᠤᠰᠤ ᠲᠥᠪᠯᠡᠷᠡᠭᠦᠯᠬᠦ᠂ | ᠣᠷᠣᠨ ᠬᠤᠪᠢᠶᠠᠨ ᠡᠭᠡᠯᠵᠢᠯᠡᠨ ᠤᠰᠤᠯᠠᠬᠤ᠂ ᠴᠠᠭ ᠬᠢᠵᠠᠭᠠᠷᠯᠠᠨ ᠲᠣᠬᠢᠷᠠᠭᠤᠯᠬᠤ︾ ᠵᠡᠷᠭᠡ ᠠᠷᠭ᠎ᠠ ᠬᠡᠮᠵᠢᠶ᠎ᠡ | ᠠᠪᠴᠤ᠂ ᠡᠮᠦᠨ᠎ᠡ ᠭᠤᠤᠯ ᠲᠠᠭᠠᠤ ᠬᠠᠳᠤᠯᠠᠩ ᠪᠡᠯᠴᠢᠭᠡᠷ ᠢ ᠳᠡᠰ ᠳᠠᠷᠠᠭᠠᠯᠠᠨ ᠤᠰᠤᠯᠠᠨ᠎ᠠ᠃ ᠨᠢᠭᠡ ᠳᠤ ᠲᠡᠪᠬᠡ ᠶᠢᠨ | ᠭᠤᠤᠯ ᠪᠠᠷ ᠤᠰᠤ ᠤᠷᠤᠭᠤᠯᠤᠨ ᠰᠤᠪᠨᠠᠭᠤᠷ ᠰᠤᠮᠤᠨ ᠤ ᠤᠯᠠᠭᠠᠨᠲᠤᠭ ᠭᠠᠴᠠᠭᠠᠨ ᠤ ᠤᠯᠠᠭᠠᠨ ᠲᠤᠭ | ᠪᠠᠷᠢᠭᠠᠳᠠ ᠶᠢᠨ ᠣᠯᠠᠨ ᠵᠢᠯ ᠤᠨ ᠲᠤᠷᠰᠢ ᠤᠰᠤᠯᠠᠭᠰᠠᠨ ᠥᠬᠡᠶ ᠬᠠᠳᠤᠯᠠᠩ ᠪᠡᠯᠴᠢᠭᠡᠷ ᠢ ᠤᠰᠤᠯᠠᠨ᠎ᠠ︔ ᠬᠤᠶᠠᠷ ᠲᠤ | ᠳᠦᠷᠪᠡᠳᠦᠭᠡᠷ ᠭᠤᠣᠯ ᠤᠨ ᠬᠤᠪᠢᠶᠠᠷᠢ ᠰᠤᠪᠠᠭ᠂ ᠵᠢᠷᠭᠤᠳᠤᠭᠠᠷ ᠭᠤᠤᠯ ᠤᠨ ᠬᠤᠪᠢᠶᠠᠷᠢ ᠰᠤᠪᠠᠭ᠂ ᠪᠠᠮᠪᠤᠷ | ᠭᠤᠤᠯ ᠳᠤ ᠤᠰᠤ ᠤᠷᠤᠭᠤᠯᠤᠨ ᠪᠠᠶᠠᠨᠲᠤᠤᠷᠠᠢ ᠰᠤᠮᠤ ᠶᠢᠨ ᠡᠷᠬᠢᠨ ᠲᠣᠭᠤᠷᠢᠨ ᠤ ᠬᠠᠳᠤᠯᠠᠩ ᠪᠡᠯᠴᠢᠭᠡᠷ ᠤᠨ ᠭᠠᠵᠠᠷ | ᠳᠣᠤᠷᠠᠬᠢ ᠤᠰᠤ ᠶᠢ ᠪᠦᠲᠦᠮᠵᠢᠲᠡᠶ ᠨᠦᠬᠦᠪᠦᠷᠢᠯᠡᠨ᠎ᠡ᠃ ᠪᠤᠰᠤᠳ ᠤᠰᠤ ᠲᠠᠲᠠᠬᠤ ᠠᠮᠠᠰᠠᠷ ᠢᠶᠠᠷ ᠤᠰᠤ ᠲᠠᠩᠳᠠᠵᠤ | ᠪᠣᠯᠬᠤ ᠦᠭᠡᠢ︔ ᠭᠤᠷᠪᠠ ᠳᠤ᠂ ᠬᠡᠷᠪᠡ ᠤᠰᠤ ᠢᠷᠡᠭᠰᠡᠨ ᠬᠡᠮᠵᠢᠶ᠎ᠡ ᠭᠦᠢᠴᠡᠳ ᠪᠠᠶᠢᠪᠠᠯ᠂ ᠬᠤᠶᠢᠲᠤ ᠭᠤᠣᠯ ᠤᠨ | ᠵᠠᠮ ᠤᠨ ᠪᠦᠬᠦ ᠱᠤᠭᠤᠮ ᠢᠶᠠᠷ ᠤᠰᠤ ᠤᠷᠤᠭᠤᠯᠬᠤ ᠶᠢ ᠪᠠᠲᠤᠯᠠᠵᠤ᠂ ᠵᠠᠮ ᠳᠠᠭᠠᠤ ᠶᠢᠨ ᠭᠠᠵᠠᠷ ᠳᠠᠬᠢ ᠤᠰᠤ ᠶᠢ | ᠨᠥᠬᠦᠪᠦᠷᠢᠯᠡᠵᠦ᠂ ᠡᠵᠡᠨ᠎ᠡ ᠬᠤᠰᠢᠭᠤᠨ ᠤ ᠨᠣᠭᠤᠭᠠᠨ ᠪᠦᠷᠢᠳᠦ ᠶᠢᠨ ᠣᠷᠣᠨ ᠤ ᠠᠮᠢ ᠠᠬᠤᠢ ᠮᠠᠭᠤᠳᠠᠬᠤ ᠪᠠᠶᠢᠳᠠᠯ | ᠭᠠᠷᠬᠤ ᠦᠭᠡᠢ ᠪᠠᠶᠢᠬᠤ ᠶᠢ ᠴᠢᠷᠮᠠᠶᠢᠨ ᠪᠠᠲᠤᠯᠠᠨ᠎ᠠ᠃ | ᠭᠤᠷᠪᠠ᠂ ᠲᠤᠬᠢᠷᠠᠭᠤᠯᠤᠯᠲᠠ ᠶᠢ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠤᠰᠤᠨ ᠤ ᠬᠡᠮᠵᠢᠶ᠎ᠡ ᠶᠢ ᠲᠣᠬᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ | ᠡᠯ᠎ᠡ ᠰᠤᠮᠤ ᠪᠠᠯᠭᠠᠰᠤ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ︽2023 - 2024 ᠣᠨ ᠤ ᠵᠠᠩᠭᠢᠯᠠᠭ᠎ᠠ ᠶᠢᠨ ᠬᠤᠭᠤᠴᠠᠭᠠᠨ ᠤ 8 ᠰᠠᠷ᠎ᠠ ᠶᠢᠨ | ᠤᠰᠤᠨ ᠤ ᠬᠡᠮᠵᠢᠶ᠎ᠡ ᠶᠢ ᠳᠣᠭᠢᠷᠠᠭᠤᠯᠬᠤ ᠠᠵᠢᠯ ᠤᠨ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠤᠰᠤᠨ ᠤ | ᠬᠡᠮᠵᠢᠶ᠎ᠡ ᠶᠢ ᠳᠣᠭᠢᠷᠠᠭᠤᠯᠬᠤ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠬᠦ ᠶᠢᠨ ᠬᠠᠮᠲᠤ᠂ ᠶᠡᠷᠦᠩᠬᠡᠶ ᠬᠡᠮᠵᠢᠶ᠎ᠡ ᠶᠢ | ᠡᠵᠡᠮᠳᠡᠬᠦ᠂ ᠱᠠᠲᠤ ᠬᠤᠪᠢᠶᠠᠨ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠳᠣᠭᠢᠷᠠᠭᠤᠯᠬᠤ | ᠬᠠᠷᠠᠯᠲᠠ ᠡᠭᠦᠷᠭᠡ ᠶᠢ ᠱᠠᠲᠤ ᠱᠠᠲᠤ ᠪᠠᠷ ᠵᠠᠳᠠᠯᠤᠨ ᠨᠠᠶᠢᠳᠠᠪᠤᠷᠢᠵᠢᠭᠤᠯᠵᠤ᠂ ᠳᠣᠭᠢᠷᠠᠭᠤᠯᠬᠤ ᠵᠠᠷᠯᠢᠭ ᠢ ᠴᠢᠩᠭ᠎ᠠ | ᠬᠡᠷᠡᠭᠵᠢᠭᠦᠯᠦᠨ᠂ ᠤᠰᠤᠨ ᠤ ᠬᠡᠮᠵᠢᠶ᠎ᠡ ᠶᠢ ᠳᠣᠭᠢᠷᠠᠭᠤᠯᠬᠤ ᠡᠭᠦᠷᠭᠡ ᠶᠢ ᠦᠨᠡᠨᠬᠦ ᠪᠠᠲᠤᠯᠠᠬᠤ ᠬᠡᠷᠡᠭᠲᠡᠶ᠃ ᠬᠠᠮᠢᠶ᠎ᠠ | ᠪᠥᠬᠦᠶ ᠰᠤᠮᠤ ᠪᠠᠯᠭᠠᠰᠤ ᠪᠠ ᠰᠠᠯᠠᠭ᠎ᠠ ᠮᠥᠴᠢᠷ 8 ᠰᠠᠷ᠎ᠠ ᠶᠢᠨ 8 ᠤ ᠡᠳᠦᠷ ᠤᠨ 12 ᠴᠠᠭ ᠠᠴᠠ ᠡᠮᠦᠨ᠎ᠡ | ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠳᠤ ︽2021 - 2024 ᠣᠨ ᠤ 8 ᠰᠠᠷ᠎ᠠ ᠶᠢᠨ ᠤᠰᠤᠨ ᠤ | ᠬᠡᠮᠵᠢᠶ᠎ᠡ ᠶᠢ ᠳᠣᠭᠢᠷᠠᠭᠤᠯᠤᠨ ᠤᠰᠤᠯᠠᠬᠤ ᠲᠥᠯᠥᠪᠯᠡᠭᠡ ᠶᠢᠨ ᠬᠦᠰᠦᠨᠦᠭᠲᠦ︾ ᠳᠡᠭᠡᠷᠡᠬᠢ ᠶᠣᠰᠤᠭᠠᠷ ᠤᠰᠤᠨ ᠤ | ᠬᠡᠮᠵᠢᠶ᠎ᠡ ᠶᠢ ᠳᠣᠭᠢᠷᠠᠭᠤᠯᠬᠤ ᠬᠤᠭᠤᠴᠠᠭᠠᠨ ᠳᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠢ | ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠵᠦ᠂ 8 ᠰᠠᠷ᠎ᠠ ᠶᠢᠨ 8 ᠤ ᠡᠳᠦᠷ ᠠᠴᠠ ᠡᠮᠦᠨ᠎ᠡ ᠵᠢᠵᠢᠭᠦᠷᠯᠡᠨ ᠰᠠᠬᠢᠬᠤ ᠬᠥᠮᠦᠰ ᠤᠨ ᠨᠡᠷᠡᠰ ᠢ | ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠬᠡᠷ | ᠵᠢᠴᠢ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠡᠩᠰᠡᠯᠡᠯᠲᠡ ᠳᠤ ᠮᠡᠳᠡᠭᠦᠯᠦᠭᠡᠷᠡᠢ᠃ ᠵᠢᠵᠢᠭᠦᠷᠯᠡᠨ | ᠰᠠᠬᠢᠬᠤ ᠬᠥᠮᠦᠰ ᠤᠨ ᠨᠡᠷᠡᠰ ᠲᠤ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠥᠮᠦᠨ ᠳᠤᠨᠢ ᠬᠦᠷᠲᠡᠯ᠎ᠡ | ᠨᠠᠷᠢᠯᠢᠭᠵᠢᠭᠤᠯᠤᠨ᠂ ᠪᠣᠳᠠᠲᠠᠶ ᠬᠢᠨᠠᠨ ᠬᠠᠮᠢᠶᠠᠷᠬᠤ ᠤᠰᠤᠨ ᠬᠠᠭᠠᠯᠲᠠ ᠳᠤ ᠬᠦᠷᠴᠦ᠂ ᠵᠢᠵᠢᠭᠦᠷᠯᠡᠨ ᠰᠠᠬᠢᠬᠤ | ᠴᠠᠭ ᠨᠢ 30 ᠡᠳᠦᠷ ᠠᠴᠠ ᠳᠤᠲᠠᠭᠤ ᠦᠭᠡᠢ ᠪᠠᠶᠢᠬᠤ ᠶᠢ ᠤᠷᠢᠳᠠᠪᠠᠷ ᠮᠡᠳᠡᠭᠦᠯᠵᠦ᠂ ᠳᠠᠷᠠᠭ᠎ᠠ ᠨᠢ ᠤᠰᠤ | ᠶᠠᠪᠤᠭᠤᠯᠵᠤ ᠪᠠᠶᠢᠭ᠎ᠠ ᠪᠠᠶᠢᠳᠠᠯ ᠢ ᠨᠢ ᠦᠵᠡᠵᠦ ᠪᠠᠶᠢᠭᠠᠳ ᠦᠷᠭᠦᠯᠵᠢᠯᠡᠨ ᠮᠡᠳᠡᠭᠦᠯᠦᠨ᠎ᠡ︔ ᠤᠰᠤᠯᠠᠯᠲᠠ ᠶᠢᠨ | ᠬᠠᠳᠤᠯᠠᠩ ᠪᠡᠯᠴᠢᠭᠡᠷ ᠢ ᠵᠣᠬᠢᠶᠠᠨ ᠪᠠᠶᠢᠭᠤᠯᠵᠤ᠂ ᠠᠷᠪᠠᠨᠡᠳᠦᠷ ᠪᠣᠯᠬᠤ ᠪᠦᠷᠢ ᠳᠠᠷᠠᠭ᠎ᠠ ᠡᠳᠦᠷ ᠤᠨ 12 ᠴᠠᠭ ᠠᠴᠠ | ᠡᠮᠦᠨ᠎ᠡ᠂ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠳᠤ ︽ᠠᠮᠢ ᠠᠬᠤᠶ ᠶᠢᠨ ᠤᠰᠤᠯᠠᠯᠲᠠ ᠶᠢᠨ ᠠᠷᠪᠠᠨ | ᠡᠳᠦᠷ ᠤᠨ ᠪᠦᠷᠢᠳᠬᠡᠯ ᠤᠨ ᠮᠡᠳᠡᠭᠦᠯᠬᠦ ᠬᠦᠰᠦᠨᠦᠭᠲᠦ︾ ᠶᠢ ᠲᠠᠭᠯᠠᠨ ᠮᠡᠳᠡᠭᠦᠯᠦᠨ᠎ᠡ᠃ ᠡᠯ᠎ᠡ ᠰᠤᠮᠤ ᠪᠠᠯᠭᠠᠰᠤ ᠵᠢᠴᠢ | ᠬᠠᠮᠢᠶ᠎ᠠ ᠪᠥᠬᠦᠶ ᠨᠢᠭᠡᠴᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠬᠥᠮᠦᠨ ᠳᠣᠭᠢᠷᠠᠭᠤᠯᠤᠨ | ᠬᠠᠷᠢᠭᠤᠴᠠᠭᠤᠯᠵᠤ᠂ ᠲᠣᠭᠲᠠᠭᠰᠠᠨ ᠬᠤᠭᠤᠴᠠᠭᠠᠨ ᠳᠤ ᠦᠨᠡᠨ ᠪᠣᠳᠠᠲᠠᠶ ᠪᠠᠷ ᠲᠠᠭᠯᠠᠨ ᠮᠡᠳᠡᠭᠦᠯᠬᠦ ᠬᠡᠷᠡᠭᠲᠡᠶ᠃ | ︵ᠬᠤᠶᠠᠷ︶ ᠤᠰᠤ ᠶᠠᠪᠤᠭᠤᠯᠬᠤ ᠠᠴᠠ ᠡᠮᠦᠨᠡᠬᠢ ᠭᠤᠣᠯ ᠤᠨ ᠵᠠᠮ ᠢ ᠴᠠᠭᠳᠠᠨ ᠪᠠᠶᠢᠴᠠᠭᠠᠬᠤ ᠶᠢ | ᠴᠢᠩᠭᠠᠳᠬᠠᠵᠦ᠂ ᠬᠢᠨᠠᠯᠲᠠ ᠲᠠᠯᠪᠢᠨ ᠪᠠᠶᠢᠴᠠᠭᠠᠬᠤ ᠶᠢ ᠴᠢᠩᠭᠠᠷᠠᠭᠤᠯᠵᠤ᠂ ᠤᠰᠤᠯᠠᠯᠲᠠ ᠶᠢᠨ ᠡᠮᠬᠢ ᠲᠢᠭᠯᠢᠮ ᠢ | ᠪᠠᠲᠤᠯᠠᠨ᠎ᠠ | ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ᠂ ᠬᠠᠷ᠎ᠠ ᠭᠤᠤᠯ ᠤᠨ ᠡᠵᠡᠨ᠎ᠡ ᠶᠢᠨ ᠤᠰᠤᠯᠠᠯᠲᠠ ᠶᠢᠨ | ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ᠂ ᠲᠠᠷᠢᠶᠠᠯᠠᠩ ᠮᠠᠯ ᠠᠵᠤ ᠠᠬᠤᠶ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠ ᠡᠯ᠎ᠡ ᠰᠤᠮᠤ ᠪᠠᠯᠭᠠᠰᠤ ᠨᠢ | ᠬᠠᠷᠢᠶᠠᠲᠤ ᠣᠷᠣᠨ ᠤ ᠳᠣᠲᠣᠷᠠᠬᠢ ᠭᠤᠤᠯ ᠤᠨ ᠵᠠᠮ ᠵᠢᠴᠢ ᠢᠵᠢ ᠪᠥᠷᠢᠳᠦᠭᠦᠯᠬᠦ ᠤᠰᠤᠨ ᠠᠰᠢᠭᠯᠠᠯᠲᠠ ᠶᠢᠨ | ᠪᠡᠯᠡᠳᠬᠡᠮᠵᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠤᠷᠢᠳᠴᠢᠯᠠᠨ ᠲᠣᠭᠤᠷᠢᠨ | ᠪᠠᠶᠢᠴᠠᠭᠠᠵᠤ ᠬᠠᠰᠢᠯᠭ᠎ᠠ ᠶᠢ ᠨᠡᠭᠡᠭᠡᠵᠦ ᠬᠠᠭᠠᠵᠤ᠂ ᠭᠤᠤᠯ ᠤᠨ ᠵᠠᠮ ᠢ ᠨᠡᠪᠲᠡᠷᠡᠭᠦᠯᠦᠨ᠂ ᠠᠮᠤᠷ ᠲᠦᠪᠰᠢᠨ ᠤ ᠳᠠᠯᠳᠠ | ᠬᠡᠮ ᠢ ᠴᠠᠭ ᠲᠤᠬᠠᠶ ᠳᠤᠨᠢ ᠠᠷᠢᠯᠭᠠᠵᠤ᠂ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ | ︽ᠳᠥᠷᠪᠡᠨ ᠡᠮᠬᠢ ᠳᠢᠭᠯᠢᠮ ᠦᠭᠡᠢ︾ ︵ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ᠂ | ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ︶ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ | ᠭᠤᠤᠯ ᠤᠨ ᠵᠠᠮ ᠤᠨ ᠰᠠᠭᠠᠳ ᠥᠬᠡᠶ ᠨᠡᠪᠲᠡᠷᠡᠬᠦ ᠪᠠ ᠤᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ | ᠲᠣᠬᠢᠷᠠᠭᠤᠯᠬᠤ ᠬᠤᠭᠤᠴᠠᠭᠠᠨ ᠳᠤ᠂ ᠤᠰᠤᠨ ᠤ ᠬᠡᠮᠵᠢᠶ᠎ᠡ ᠶᠢ ᠲᠣᠬᠢᠷᠠᠭᠤᠯᠵᠤ ᠬᠢᠨᠠᠨ ᠪᠠᠶᠢᠴᠠᠭᠠᠬᠤ ᠶᠢ | ᠴᠢᠩᠭᠠᠷᠠᠭᠤᠯᠤᠨ᠂ ᠱᠠᠲᠤ ᠬᠤᠪᠢᠶᠠᠨ ᠬᠠᠷᠢᠭᠤᠴᠠᠬᠤ᠂ ᠱᠠᠲᠤ ᠬᠤᠪᠢᠶᠠᠨ ᠰᠢᠮᠳᠠᠭᠤᠯᠤᠨ ᠪᠠᠶᠢᠴᠠᠭᠠᠬᠤ ᠪᠠ | ᠬᠠᠮᠲᠤᠷᠠᠨ ᠰᠢᠮᠳᠠᠭᠤᠯᠤᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠮᠵᠢᠶ᠎ᠡ ᠢ ᠬᠡᠷᠡᠭᠵᠢᠭᠦᠯᠵᠦ᠂ | ᠭᠤᠤᠯᠳᠠᠯᠭ᠎ᠠ ᠲᠠᠢ ᠭᠤᠤᠯ ᠤᠨ ᠬᠡᠰᠡᠭ᠂ ᠤᠰᠤᠨ ᠠᠰᠢᠭᠯᠠᠯᠲᠠ ᠶᠢᠨ ᠪᠠᠷᠢᠯᠭ᠎ᠠ᠂ ᠤᠰᠤ ᠲᠠᠲᠠᠬᠤ ᠡᠭᠦᠳᠡᠨ ᠳᠤ | ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠳᠤᠷ᠎ᠠ ᠪᠠᠷ ᠢᠶᠠᠨ | ᠰᠢᠷᠣᠶ ᠶᠢᠨ ᠬᠠᠰᠢᠯᠭ᠎ᠠ ᠴᠣᠬᠢᠬᠤ᠂ ᠳᠤᠷ᠎ᠠ ᠪᠠᠷ ᠢᠶᠠᠨ ᠬᠠᠭᠠᠯᠲᠠ ᠨᠡᠭᠡᠭᠡᠵᠦ ᠤᠰᠤ ᠲᠠᠲᠠᠬᠤ ᠵᠡᠷᠭᠡ ᠦᠢᠯᠡ | ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠤᠰᠤᠯᠠᠯᠲᠠ ᠶᠢᠨ ᠡᠮᠬᠢ ᠳᠢᠭᠯᠢᠮ ᠢ ᠦᠨᠡᠨᠬᠦ ᠰᠠᠶᠢᠲᠤᠷ | ᠪᠠᠲᠤᠯᠠᠬᠤ ᠬᠡᠷᠡᠭᠲᠡᠶ᠃ | ︵ᠭᠤᠷᠪᠠ︶ ᠤᠰᠤᠨ ᠤ ᠬᠡᠮᠵᠢᠶ᠎ᠡ ᠶᠢ ᠨᠠᠷᠢᠯᠢᠭᠵᠢᠭᠤᠯᠤᠨ ᠲᠣᠬᠢᠷᠠᠭᠤᠯᠬᠤ ᠬᠠᠮᠢᠶᠠᠷᠤᠯᠲᠠ ᠶᠢ | ᠴᠢᠩᠭᠠᠷᠠᠭᠤᠯᠤᠨ᠎ᠠ | ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ᠂ ᠬᠠᠷ᠎ᠠ ᠭᠤᠤᠯ ᠤᠨ ᠡᠵᠡᠨ᠎ᠡ ᠶᠢᠨ ᠤᠰᠤᠯᠠᠯᠲᠠ ᠶᠢᠨ | ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠨᠢ ᠳᠡᠭᠡᠳᠦ ᠤᠷᠤᠰᠬᠠᠯ ᠤᠨ ᠪᠣᠷᠣᠭᠠᠨ ᠤᠰᠤᠨ ᠤ | ᠪᠠᠶᠢᠳᠠᠯ ᠤᠨ ᠬᠤᠪᠢᠷᠠᠯᠲᠠ ᠶᠢᠨ ᠶᠠᠪᠤᠴᠠ ᠶᠢ ᠨᠢᠭᠲᠠ ᠠᠩᠬᠠᠷᠴᠤ᠂ ᠰᠤᠪᠨᠠᠭᠤᠷ ᠤᠨ ᠤᠰᠤ ᠨᠥᠬᠦᠪᠥᠷᠢᠯᠡᠬᠦ ᠪᠠ ᠠᠮᠢ | ᠠᠬᠤᠶ ᠶᠢᠨ ᠤᠰᠤᠯᠠᠯᠲᠠ ᠶᠢᠨ ᠤᠰᠤ ᠬᠡᠷᠡᠭᠯᠡᠬᠦ ᠬᠡᠷᠡᠭᠴᠡᠭᠡ ᠶᠢ ᠨᠢᠭᠡᠳᠦᠯᠲᠡᠶ ᠲᠥᠯᠥᠪᠯᠡᠨ᠂ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠭᠤᠤᠯ ᠤᠨ ᠵᠠᠮ ᠤᠨ ᠤᠰᠤ ᠳᠠᠮᠵᠢᠭᠤᠯᠬᠤ ᠦᠷ᠎ᠡ ᠪᠦᠲᠦᠮᠵᠢ ᠶᠢ ᠴᠢᠷᠮᠠᠶᠢᠨ | ᠳᠡᠭᠡᠭᠰᠢᠯᠡᠭᠦᠯᠵᠦ᠂ ᠬᠢᠵᠠᠭᠠᠷ ᠲᠠᠢ ᠤᠰᠤᠨ ᠤ ᠡᠬᠢ ᠪᠠᠶᠠᠯᠢᠭ ᠤᠨ ᠬᠠᠮᠤᠭ ᠤᠨ ᠶᠡᠭᠡ ᠦᠷ᠎ᠡ ᠠᠰᠢᠭ ᠢ | ᠪᠠᠳᠠᠷᠠᠭᠤᠯᠬᠤ ᠶᠢ ᠪᠠᠲᠤᠯᠠᠬᠤ ᠬᠡᠷᠡᠭᠲᠡᠶ᠃ ᠡᠯ᠎ᠡ ᠰᠤᠮᠤ ᠪᠠᠯᠭᠠᠰᠤ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ | ᠤᠳ ︽ᠠᠮᠢ ᠠᠬᠤᠶ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ︾ ᠵᠠᠷᠴᠢᠮ ᠶᠣᠰᠣᠭᠠᠷ᠂ | ︽ᠲᠥᠪᠯᠡᠷᠡᠭᠰᠡᠨ ᠤᠰᠤᠨ ᠤ ᠬᠡᠮᠵᠢᠶ᠎ᠡ ᠶᠢ ᠣᠷᠣᠨ ᠬᠤᠪᠢᠶᠠᠨ ᠡᠭᠡᠯᠵᠢᠯᠡᠨ ᠤᠰᠤᠯᠠᠬᠤ︾ ᠠᠷᠭ᠎ᠠ ᠬᠡᠮᠵᠢᠶ᠎ᠡ ᠶᠢ | ᠠᠪᠴᠤ᠂ ᠤᠰᠤᠯᠠᠯᠲᠠ ᠶᠢᠨ ᠡᠭᠦᠷᠭᠡ ᠬᠠᠷᠠᠯᠲᠠ ᠶᠢ ᠵᠦᠶ ᠵᠣᠬᠢᠰᠲᠠᠶ ᠲᠣᠭᠲᠠᠭᠠᠨ᠂ ᠠᠮᠢ ᠠᠬᠤᠶ ᠶᠢᠨ ᠪᠤᠰᠤ ᠤᠰᠤ | ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ | ︵ᠲᠦᠷᠪᠡ︶ ᠤᠰᠤᠨ ᠤ ᠬᠡᠮᠵᠢᠶ᠎ᠡ ᠶᠢ ᠲᠣᠬᠢᠷᠠᠭᠤᠯᠬᠤ ᠰᠠᠬᠢᠯᠭ᠎ᠠ ᠪᠠᠲᠤ | ᠡᠯ᠎ᠡ ᠰᠤᠮᠤ ᠪᠠᠯᠭᠠᠰᠤ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ︽2023 - 2024 ᠣᠨ ᠤ ᠤᠰᠤ ᠲᠤᠬᠢᠷᠠᠭᠤᠯᠬᠤ ᠵᠠᠩᠭᠢᠯᠠᠭ᠎ᠠ ᠶᠢᠨ | ᠬᠤᠭᠤᠴᠠᠭᠠᠨ ᠤ 8 ᠰᠠᠷ᠎ᠠ ᠶᠢᠨ ᠤᠰᠤᠨ ᠤ ᠬᠡᠮᠵᠢᠶ᠎ᠡ ᠶᠢ ᠳᠣᠭᠢᠷᠠᠭᠤᠯᠬᠤ ᠠᠵᠢᠯ ᠤᠨ ᠲᠤᠬᠠᠶ ᠮᠡᠳᠡᠭᠳᠡᠯ︾ ᠤᠨ | ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠨᠡᠶᠢᠲᠡᠯᠡᠭᠰᠡᠨ ᠤᠰᠤᠨ ᠤ ᠬᠡᠮᠵᠢᠶ᠎ᠡ ᠶᠢ ᠳᠣᠭᠢᠷᠠᠭᠤᠯᠬᠤ ᠲᠥᠰᠦᠯ ᠪᠣᠯᠤᠨ ᠳᠣᠭᠢᠷᠠᠭᠤᠯᠬᠤ ᠵᠠᠷᠯᠢᠭ ᠢ ᠴᠢᠩᠭ᠎ᠠ | ᠬᠡᠷᠡᠭᠵᠢᠭᠦᠯᠵᠦ᠂ ᠤᠰᠤᠨ ᠤ ᠬᠡᠮᠵᠢᠶ᠎ᠡ ᠶᠢ ᠳᠣᠭᠢᠷᠠᠭᠤᠯᠬᠤ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠬᠤ | ᠬᠡᠷᠡᠭᠲᠡᠶ᠃ ᠲᠣᠭᠲᠠᠭᠠᠯ ᠠᠴᠠ ᠵᠥᠷᠢᠴᠡᠨ ᠤᠰᠤ ᠲᠠᠲᠠᠬᠤ ᠪᠠ ᠲᠣᠬᠢᠷᠠᠭᠤᠯᠬᠤ ᠵᠠᠷᠯᠢᠭ ᠢ ᠬᠡᠷᠡᠭᠵᠢᠭᠦᠯᠬᠦ ᠦᠭᠡᠶ | ᠦᠢᠯᠡ ᠠᠵᠢᠯᠯᠠᠭ᠎ᠠ ᠶᠢ ᠡᠯ᠎ᠡ ᠰᠠᠯᠠᠭ᠎ᠠ ᠮᠥᠴᠢᠷ ᠪᠣᠯᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠵᠠᠰᠠᠭ ᠵᠠᠬᠢᠷᠭᠠᠨ ᠤ | ᠬᠠᠷᠢᠭᠤᠴᠠᠯᠭᠠᠲᠠᠨ ᠳᠤ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ | ᠰᠢᠢᠳᠪᠦᠷᠢᠯᠡᠬᠦ ᠬᠡᠷᠡᠭᠲᠡᠶ᠃ | 2024 ᠣᠨ ᠤ 8 ᠰᠠᠷ᠎ᠠ ᠶᠢᠨ 5 ᠤ ᠡᠳᠦᠷ | |