12 ᠰᠠᠷ᠎ᠠ ᠶᠢᠨ 5 ᠤ ᠡᠳᠦᠷ ᠪᠣᠯ ᠤᠯᠠᠨ ᠤᠯᠤᠰ ᠤᠨ ᠰᠠᠶᠢᠨ ᠲᠤᠷᠠᠴᠤᠳ ᠤᠨ ᠡᠳᠦᠷ ᠪᠣᠯᠤᠨ᠎ᠠ᠃ ᠬᠤᠪᠢ | ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠪᠦᠯᠬᠦᠮᠳᠠᠨ ᠲᠠᠪᠰᠢᠬᠤ ᠰᠠᠶᠢᠨ | ᠳᠤᠷ᠎ᠠ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠳᠣᠰᠠᠳᠠ᠂ 12 ᠰᠠᠷ᠎ᠠ ᠶᠢᠨ 4 ᠤ ᠡᠳᠦᠷ᠂ ᠡᠵᠡᠨ᠎ᠡ | ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠢ ︽ᠰᠠᠶᠢᠨ ᠳᠤᠷ᠎ᠠ ᠶᠢᠨ ᠬᠦᠴᠦᠨ | ᠴᠢᠳᠠᠯ ᠢᠶᠠᠨ ᠡᠷᠭᠦᠵᠦ᠂ ᠰᠠᠶᠢᠨ ᠰᠠᠶᠢᠬᠠᠨ ᠠᠮᠢᠳᠤᠷᠠᠯ ᠢ ᠬᠠᠮᠳᠤᠪᠡᠷ ᠴᠣᠭᠴᠠᠯᠠᠶ᠎ᠠ︾ ᠡᠵᠡᠨ᠎ᠡ ᠬᠤᠰᠢᠭᠤᠨ ᠤ | ︽12. 5︾ ᠣᠯᠠᠨ ᠤᠯᠤᠰ ᠤᠨ ᠰᠠᠶᠢᠨ ᠲᠤᠷᠠᠴᠤᠳ ᠤᠨ ᠡᠳᠦᠷ ᠤᠨ ᠭᠤᠤᠯ ᠰᠡᠳᠦᠪᠲᠦ ᠰᠠᠶᠢᠨ ᠳᠤᠷ᠎ᠠ ᠶᠢᠨ | ᠦᠢᠯᠡᠴᠢᠯᠡᠭᠡᠨ ᠤ ᠰᠢᠷᠢᠰ ᠠᠵᠢᠯᠯᠠᠭ᠎ᠠ ᠶᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠦ᠋ ᠶᠦᠩ ᠭᠠᠩ ᠬᠤᠷᠠᠯ ᠳᠤ ᠣᠷᠣᠯᠴᠠᠵᠤ ᠪᠠᠶᠠᠷ ᠤᠨ | ᠦᠭᠡ ᠬᠡᠯᠡᠵᠦ᠂ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠰᠠᠶᠢᠨ ᠲᠤᠷᠠᠴᠤᠳ ᠵᠢᠴᠢ ᠪᠥᠬᠦ ᠬᠤᠰᠢᠭᠤᠨ ᠤ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠣᠯᠤᠭᠰᠠᠨ ᠬᠠᠮᠲᠤᠯᠢᠭ ᠤᠨ ᠲᠦᠷᠭᠡᠨ ᠬᠦᠷᠭᠡᠯᠲᠡ ᠶᠢᠨ | ᠲᠣᠬᠢᠷᠠᠭᠤᠯᠤᠨ ᠬᠦᠷᠭᠡᠭᠴᠢ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠠᠵᠢᠯᠯᠠᠭ᠎ᠠ ᠳᠤ ᠣᠷᠣᠯᠴᠠᠵᠠᠶ᠃ | ᠠᠵᠢᠯᠯᠠᠭ᠎ᠠ ᠳᠤ᠂ ᠭᠤᠤᠯᠯᠠᠨ ᠡᠷᠭᠢᠯᠡᠭᠰᠡᠨ ᠲᠠᠯ᠎ᠠ ᠠᠴᠠ ᠡᠵᠡᠨ᠎ᠡ ᠬᠤᠰᠢᠭᠤᠨ ᠤ ᠰᠢᠨ᠎ᠡ ᠡᠵᠡᠩᠨᠡᠯᠲᠡ ᠶᠢᠨ | ᠬᠡᠯᠪᠡᠷᠢ᠂ ᠰᠢᠨ᠎ᠡ ᠠᠵᠢᠯ ᠣᠯᠭᠤᠯᠲᠠ ᠶᠢᠨ ᠪᠦᠯᠬᠦᠮ ᠤᠨ《ᠲᠤᠤᠷᠠᠶ ᠶᠢᠨ ᠬᠦᠷᠭᠡᠭᠴᠢ》 ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠶᠢ ᠡᠭᠦᠰᠭᠡᠨ ᠪᠠᠶᠢᠭᠤᠯᠵᠤ᠂ ᠠᠬᠤᠢ ᠲᠠᠯᠠᠪᠠᠶ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠳᠤ ᠲᠤᠭ ᠣᠯᠭᠤᠨ᠂ ᠲᠦᠷᠭᠡᠨ ᠬᠦᠷᠭᠡᠯᠲᠡ ᠶᠢᠨ ᠲᠥᠯᠥᠭᠡᠯᠡᠭᠴᠢ ᠠᠴᠠ ︽ᠪᠣᠯᠪᠠᠰᠤᠨ ᠬᠦᠷᠭᠡᠭᠴᠢ︾ ᠂ | ︽ᠰᠠᠶᠢᠨ ᠳᠤᠷ᠎ᠠ ᠶᠢᠨ ᠬᠦᠷᠭᠡᠭᠴᠢ︾᠂ ︽ᠵᠠᠰᠠᠯᠲᠠ ᠶᠢᠨ ᠬᠦᠷᠭᠡᠭᠴᠢ︾ ᠪᠣᠯᠬᠤ ᠪᠠᠷ ᠴᠢᠷᠮᠠᠶᠢᠨ ᠠᠵᠢᠯᠯᠠᠬᠤ | ᠰᠠᠨᠠᠭᠠᠴᠢᠯᠠᠭ᠎ᠠ ᠨᠡᠶᠢᠲᠡᠯᠡᠭᠰᠡᠨ ᠪᠥᠭᠡᠳ ᠠᠵᠢᠯᠯᠠᠭ᠎ᠠ ᠳᠤ ᠣᠷᠣᠯᠴᠠᠭᠰᠠᠨ ᠲᠦᠷᠭᠡᠨ ᠬᠦᠷᠭᠡᠭᠴᠢ᠂ ᠵᠠᠬᠢᠶᠠᠯᠠᠭ᠎ᠠ ᠶᠢᠨ | ᠬᠤᠭᠤᠯᠠ ᠬᠦᠷᠭᠡᠭᠴᠢᠳ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ︽ᠬᠤᠪᠢ ᠬᠤᠷᠠᠮᠳᠤᠭᠤᠯᠤᠭᠰᠠᠨ | ᠬᠠᠳᠠᠭᠠᠯᠠᠮᠵᠢ ᠶᠢᠨ ᠳᠡᠪᠲᠡᠷ︾ ᠪᠠ ᠳᠤᠯᠠᠭᠠᠯᠠᠬᠤ ᠪᠡᠭᠡᠯᠡᠶ᠂ ᠪᠠᠴᠢᠮ ᠠᠪᠤᠷᠠᠯᠳᠠ ᠶᠢᠨ ᠪᠣᠭᠴᠣ᠂ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠪᠠᠭᠲᠠᠭᠠᠭᠰᠠᠨ ︽ᠭᠠᠷ ᠪᠡᠯᠡᠭ︾ ᠬᠦᠷᠭᠡᠪᠡ᠃ | ᠳᠠᠷᠠᠭ᠎ᠠ ᠪᠠᠷ ᠨᠢ ᠰᠠᠶᠢᠨ ᠳᠤᠷᠠᠴᠤᠳ ᠲᠤ ᠳᠠᠶᠢᠯᠣᠮᠵᠢ ᠶᠢᠨ ᠬᠢᠴᠢᠶᠠᠯ ᠤᠷᠤᠵᠤ᠂ ᠶᠡᠷᠦᠩᠬᠡᠢ ᠱᠦᠵᠢ ᠰᠢ ᠶᠢᠨ | ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠤᠨ ᠲᠥᠪ ᠤᠨ ᠨᠡᠶᠢᠭᠡᠮ ᠤᠨ ᠠᠵᠢᠯ ᠤᠨ | ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢᠴᠢ ᠪᠠ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠴᠢ ᠶᠢ ᠣᠨᠴᠠᠭᠠᠶᠢᠯᠠᠨ | ᠤᠷᠢᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠤᠯᠬᠤ ᠪᠦᠯᠬᠦᠮ ᠳᠤ ᠬᠠᠤᠯᠢ ᠴᠠᠭᠠᠵᠠ ᠶᠢᠨ | ᠲᠤᠰᠠᠯᠠᠮᠵᠢ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠵᠡᠷᠭᠡ ᠬᠠᠯᠠᠮᠰᠤᠭ ᠠᠵᠢᠯᠯᠠᠭ᠎ᠠ | ᠥᠷᠨᠢᠬᠦᠯᠪᠡ᠃ | ᠡᠵᠡᠨ᠎ᠡ ᠬᠤᠰᠢᠭᠤᠨ ᠤ ᠮᠧᠶ ᠲᠤᠸᠠᠨ ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠭᠧ ᠵᠢᠶᠦ᠋ᠨ | ᠽᠤ᠋᠄ ︽ᠥᠨᠥᠳᠦᠷ ᠮᠠᠨ ᠤ ᠳᠦᠷᠭᠡᠨ ᠬᠦᠷᠭᠡᠭᠴᠢ ᠨᠠᠷ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ | ᠪᠠᠶᠢᠭᠤᠯᠵᠤ᠂ ᠨᠠᠳᠠ ᠳᠤ ᠶᠡᠭᠡ ᠳᠠᠭᠠᠯᠠᠭᠳᠠᠯᠠ᠃ ᠪᠢᠳᠡ ᠡᠩ ᠤᠨ ᠥᠶ᠎ᠠ ᠳᠤ ᠵᠠᠷᠢᠮ ᠡᠷᠬᠡ ᠠᠰᠢᠭ ᠤᠨ | ᠬᠤᠬᠢᠷᠠᠯ ᠳᠤ ᠤᠴᠠᠷᠠᠬᠤ ᠪᠠᠶᠢᠳᠠᠯ ᠳᠣᠬᠢᠶᠠᠯᠳᠤᠳᠠᠭ᠃ ᠥᠨᠥᠳᠦᠷ ᠤᠨ ᠬᠠᠤᠯᠢ ᠲᠠᠶᠢᠯᠤᠮᠵᠢ ᠶᠢ ᠰᠣᠨᠣᠰᠤᠭᠠᠳ ᠪᠢ | ᠪᠠᠰᠠ ᠬᠡᠷᠬᠢᠨ ᠥᠪᠡᠷ ᠢ ᠪᠠᠨ ᠬᠠᠮᠠᠭᠠᠯᠠᠬᠤ᠂ ᠳᠡᠯ᠎ᠠ ᠪᠠᠷ ᠤᠯᠠᠮ ᠨᠢᠭᠡ ᠠᠯᠬᠤᠮ ᠤᠶᠢᠯᠠᠭᠠᠯᠳᠠ ᠲᠠᠢ ᠪᠣᠯᠵᠤ᠂ | ᠬᠤᠶᠢᠰᠢᠳᠠ ᠶᠢᠨ ᠠᠵᠢᠯᠯᠠᠬᠤ ᠳᠤ ᠨᠠᠩ ᠰᠠᠨᠠᠭ᠎ᠠ ᠠᠮᠤᠷ ᠪᠣᠯᠣᠭᠰᠠᠨ᠃ ᠬᠤᠵᠢᠮ ᠪᠢ ᠪᠠᠰᠠ ᠰᠠᠶᠢᠨ ᠳᠤᠷ᠎ᠠ ᠶᠢᠨ | ᠦᠢᠯᠡᠴᠢᠯᠡᠭᠡᠨ ᠳᠤ ᠢᠳᠡᠪᠬᠢᠲᠡᠢ ᠣᠷᠣᠯᠴᠠᠵᠤ᠂ ᠥᠪᠡᠷ ᠤᠨ ᠦᠢᠯᠡ ᠠᠵᠢᠯᠯᠠᠭ᠎ᠠ ᠪᠠᠷ ᠢᠶᠠᠨ ᠡᠵᠡᠨ᠎ᠡ | ᠬᠤᠰᠢᠭᠤᠨ ᠳᠤ ᠬᠤᠪᠢ ᠨᠡᠮᠡᠷᠢ ᠪᠠᠨ ᠦᠵᠡᠭᠦᠯᠦᠨ᠎ᠡ︾ ᠭᠡᠪᠡ᠃ | ᠰᠠᠶᠢᠨ ᠳᠤᠷ᠎ᠠ ᠶᠢᠨ ᠳᠦᠷᠭᠡᠨ ᠬᠦᠷᠭᠡᠭᠴᠢᠳ ᠤᠨ ᠵᠡᠭᠡᠯᠢ ᠭᠤᠳᠤᠮᠵᠢ ᠪᠠᠷ ᠰᠦᠯᠵᠢᠯᠳᠦᠵᠦ᠂ ᠨᠡᠶᠢᠭᠡᠮ ᠤᠨ | ᠪᠠᠶᠢᠳᠠᠯ ᠪᠠ ᠠᠷᠠᠳ ᠤᠨ ᠰᠠᠨᠠᠭ᠎ᠠ ᠶᠢ ᠣᠶᠢᠯᠠᠭᠠᠬᠤ ᠥᠪᠡᠷᠮᠢᠴᠡ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ | ᠳᠤᠰᠠᠳᠠ᠂ ᠣᠨᠴᠠᠭᠠᠶᠢᠯᠠᠨ 2 ᠰᠠᠶᠢᠨ ᠳᠤᠷ᠎ᠠ ᠶᠢᠨ ᠳᠦᠷᠭᠡᠨ ᠬᠦᠷᠭᠡᠭᠴᠢᠳ ᠳᠤ《ᠠᠷᠠᠳ ᠲᠦᠮᠡᠨ ᠤ ᠰᠠᠨᠠᠭᠤᠯᠭ᠎ᠠ | ᠡᠯᠰᠡᠭᠴᠢ》 ᠶᠢᠨ ᠪᠡᠶ᠎ᠡ ᠬᠡᠮ ᠢ ᠣᠯᠭᠤᠪᠠ᠃ ᠲᠤᠬᠠᠶ ᠶᠢᠨ ᠲᠠᠯᠠᠪᠠᠶ ᠳᠤ ᠪᠠᠰᠠ ᠠᠵᠢᠯ ᠣᠯᠤᠭᠰᠠᠨ ᠰᠢᠨ᠎ᠡ | ᠬᠠᠮᠲᠤᠯᠢᠭ ᠤᠨ ᠰᠠᠨᠠᠯ ᠰᠠᠨᠠᠭᠤᠯᠭ᠎ᠠ ᠳᠤ ᠠᠰᠠᠭᠤᠯᠲᠠ ᠶᠢᠨ ᠬᠠᠭᠤᠳᠠᠰᠤ ᠲᠠᠷᠬᠠᠭᠠᠵᠤ᠂ ᠬᠠᠪᠰᠤᠷᠤᠨ ᠲᠡᠳᠬᠦᠬᠦ᠂ | ᠪᠣᠯᠪᠠᠰᠤᠷᠠᠯ ᠬᠦᠷᠲᠡᠭᠡᠬᠦ᠂ ᠠᠵᠢᠯᠯᠠᠭ᠎ᠠ ᠥᠷᠨᠢᠭᠦᠯᠬᠦ᠂ ᠥᠷᠲᠡᠭᠡ᠂ ᠰᠠᠶᠢᠨ ᠳᠤᠷ᠎ᠠ ᠶᠢᠨ ᠦᠢᠯᠡᠴᠢᠯᠡᠭᠡ᠂ ᠦᠨᠳᠦᠰᠦᠨ | ᠱᠠᠲᠤᠨ ᠤ ᠵᠠᠰᠠᠯᠲᠠ ᠵᠡᠷᠭᠡ ᠵᠢᠷᠭᠤᠭᠠᠨ ᠲᠠᠯ᠎ᠠ ᠠᠴᠠ ᠲᠦᠷᠭᠡᠨ ᠬᠦᠷᠭᠡᠭᠴᠢ᠂ ᠵᠠᠬᠢᠶᠠᠯᠠᠭ᠎ᠠ ᠶᠢᠨ ᠬᠤᠭᠤᠯᠠ | ᠬᠦᠷᠭᠡᠭᠴᠢ ᠶᠢᠨ ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠴᠤᠭᠯᠠᠭᠤᠯᠪᠠ᠃ ᠬᠥᠳᠡᠯᠭᠡᠭᠡᠨ ᠨᠢ ᠪᠠᠰᠠ ︽ᠬᠤᠪᠢ | ᠬᠤᠷᠠᠮᠳᠤᠭᠤᠯᠵᠤ ᠮᠥᠩᠭᠦ ᠰᠣᠯᠢᠵᠤ ᠴᠢᠳᠠᠪᠤᠷᠢ ᠣᠯᠭᠤᠬᠤ︾ ᠠᠷᠭ᠎ᠠ ᠬᠡᠯᠪᠡᠷᠢ ᠶᠢ ᠰᠢᠨᠡᠴᠢᠯᠡᠬᠦ ᠪᠠᠷ ᠳᠠᠮᠵᠢᠭᠤᠯᠤᠨ᠂ | ᠤᠷᠮᠠᠰᠢᠭᠤᠯᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽ᠲᠤᠤᠷᠠᠶ ᠶᠢᠨ ᠬᠦᠷᠭᠡᠭᠴᠢ︾ ᠶᠢᠨ | ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠠᠷᠭ᠎ᠠ ᠪᠠ ︽ᠬᠤᠪᠢ ᠬᠤᠷᠠᠮᠳᠤᠭᠤᠯᠬᠤ ᠬᠠᠳᠠᠭᠠᠯᠠᠮᠵᠢ ᠶᠢᠨ | ᠳᠡᠪᠲᠡᠷ︾ ᠢ ᠭᠠᠷᠭᠠᠵᠤ᠂ ︽ᠭᠠᠷ ᠤᠨ ᠠᠶ᠎ᠠ ᠪᠠᠷ ᠬᠠᠪᠰᠤᠷᠬᠤ︾ ᠰᠠᠶᠢᠨ ᠳᠤᠷ᠎ᠠ ᠶᠢᠨ ᠦᠢᠯᠡᠴᠢᠯᠡᠭᠡ᠂ | ︽ᠭᠠᠷ ᠤᠨ ᠠᠶ᠎ᠠ ᠪᠠᠷ ᠰᠡᠭᠦᠳᠡᠷᠯᠡᠬᠦ︾ ᠦᠨᠳᠦᠰᠦᠨ ᠱᠠᠲᠤᠨ ᠤ ᠵᠠᠰᠠᠯᠲᠠ᠂ ︽ᠲᠡᠷᠢᠭᠦᠨ ᠳᠤ ᠣᠷᠣᠬᠤ ᠪᠠᠷ | ᠮᠡᠷᠡᠶᠢᠨ ᠴᠢᠷᠮᠠᠶᠢᠬᠤ︾ ᠰᠤᠷᠤᠯᠴᠠᠯᠭ᠎ᠠ ᠶᠢ ᠳᠡᠭᠡᠭᠰᠢᠯᠡᠭᠦᠯᠬᠦ ᠵᠡᠷᠭᠡ ᠭᠤᠷᠪᠠᠨ ᠲᠥᠷᠥᠯ ᠤᠨ 12 ᠬᠤᠪᠢ | ᠬᠤᠷᠠᠮᠳᠤᠭᠤᠯᠬᠤ ᠠᠵᠢᠯᠯᠠᠭ᠎ᠠ ᠶᠢ ᠥᠷᠨᠢᠭᠦᠯᠵᠦ᠂ ᠠᠵᠢᠯ ᠤᠨ ᠶᠠᠪᠤᠴᠠ ᠳᠤ ᠢᠯᠡᠷᠡᠭᠦᠯᠦᠭᠰᠡᠨ ᠠᠶᠤᠯ ᠥᠬᠡᠶ | ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠵᠡᠷᠭᠡ | ᠠᠰᠠᠭᠤᠳᠠᠯ ᠢ ᠭᠠᠷ ᠤᠨ ᠠᠶ᠎ᠠ ᠪᠠᠷ ᠰᠡᠭᠦᠳᠡᠷᠯᠡᠬᠦ ᠬᠡᠯᠪᠡᠷᠢ ᠪᠠᠷ ᠲᠠᠰᠤᠷᠠᠯᠲᠠ ᠥᠬᠡᠶ ᠴᠤᠭᠯᠠᠭᠤᠯᠤᠨ᠎ᠠ᠃ | ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ | ᠠᠯᠲᠠᠨᠭᠤᠸᠠ᠄ ︽ᠥᠨᠥᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠨᠠᠩ ᠣᠯᠠᠨ ᠲᠦᠷᠭᠡᠨ ᠬᠦᠷᠭᠡᠭᠴᠢ᠂ | ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠶᠢ ᠤᠷᠢᠶᠠᠯᠠᠨ ᠪᠣᠯᠪᠠᠰᠤᠨ ᠣᠶᠢᠯᠡ ᠠᠵᠢᠯᠯᠠᠭ᠎ᠠ ᠶᠢᠨ | ᠦᠢᠯᠡᠳᠦᠯᠭᠡᠵᠢᠭᠦᠯᠦᠭᠴᠢ᠂ ᠵᠠᠮ ᠨᠡᠪᠲᠡᠷᠡᠯᠭᠡ ᠶᠢᠨ ᠡᠮᠬᠢ ᠳᠢᠭᠯᠢᠮ ᠢ ᠬᠠᠮᠠᠭᠠᠯᠠᠬᠤ ᠵᠢᠱᠢᠶ᠎ᠡ ᠦᠵᠡᠭᠦᠯᠦᠭᠴᠢ᠂ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠭᠴᠢ ᠪᠣᠯᠭᠠᠵᠤ᠂ ᠵᠡᠭᠡᠯᠢ ᠳᠡᠭᠡᠷᠡᠬᠢ ᠨᠡᠭᠦᠳᠡᠯ | ︽ᠬᠠᠷᠠᠭᠤᠯ︾᠂ ︽ᠬᠠᠶᠢᠭᠤᠯ︾ ᠪᠣᠯᠬᠤ ᠶᠢ ᠬᠦᠰᠡᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠬᠤᠪᠢ | ᠬᠤᠷᠠᠮᠳᠤᠭᠤᠯᠵᠤ ᠰᠣᠯᠢᠬᠤ ᠬᠡᠯᠪᠡᠷᠢ ᠪᠠᠷ ᠳᠠᠮᠵᠢᠭᠤᠯᠤᠨ᠂ ᠰᠢᠨ᠎ᠡ ᠠᠵᠢᠯ ᠣᠯᠤᠭᠰᠠᠨ ᠬᠥᠮᠦᠰ ᠤᠨ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠬᠤ ᠶᠢ ᠲᠠᠰᠤᠷᠠᠯᠲᠠ ᠥᠬᠡᠶ ᠵᠣᠷᠢᠭᠵᠢᠭᠤᠯᠬᠤ ᠶᠢᠨ ᠬᠠᠮᠲᠤ᠂ ᠰᠢᠨ᠎ᠡ | ᠡᠵᠡᠩᠨᠡᠯᠲᠡ ᠶᠢᠨ ᠬᠡᠯᠪᠡᠷᠢ ᠰᠢᠨ᠎ᠡ ᠠᠵᠢᠯ ᠣᠯᠤᠭᠰᠠᠨ ᠬᠥᠮᠦᠰ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ | ᠨᠠᠩ ᠣᠯᠠᠨ ᠦᠨᠡᠨ ᠠᠷᠭ᠎ᠠ ᠪᠣᠳᠠᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠤᠨ ᠪᠠᠶᠢᠷᠢ ᠳᠡᠭᠡᠷ᠎ᠡ ᠪᠠᠨ | ᠰᠢᠷᠭᠠᠭᠤ ᠠᠵᠢᠯᠯᠠᠵᠤ ᠪᠠᠶᠢᠭ᠎ᠠ ᠬᠤᠭᠤᠯᠠ ᠬᠦᠷᠭᠡᠭᠴᠢ᠂ ᠲᠦᠷᠭᠡᠨ ᠬᠦᠷᠭᠡᠭᠴᠢ ᠨᠢᠭᠡᠪᠦᠷᠢ ᠶᠢ ᠬᠠᠯᠠᠮᠵᠢᠯᠠᠨ | ᠬᠠᠶᠢᠷᠠᠯᠠᠵᠤ᠂ ᠲᠡᠳᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ | ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ | ᠬᠡᠯᠲᠡᠰ ᠨᠢ ︽ᠳᠠᠶᠢᠴᠢᠯᠠᠯᠲᠠ ᠳᠤ ᠪᠥᠬᠦ ᠲᠠᠯ᠎ᠠ ᠪᠠᠷ ᠣᠷᠣᠯᠴᠠᠬᠤ᠂ ᠣᠨᠣᠪᠴᠢᠲᠠᠶ ᠪᠠᠷ ᠪᠠᠶᠢᠷᠢ ᠲᠣᠭᠲᠠᠭᠠᠨ | ᠦᠢᠯᠡᠴᠢᠯᠡᠬᠦ᠂ ᠠᠮᠢᠳᠤᠯᠢᠭ ᠢᠶᠠᠷ ᠵᠣᠬᠢᠶᠠᠨ ᠪᠠᠶᠢᠭᠤᠯᠬᠤ᠂ ᠬᠦᠴᠦᠲᠠᠢ ᠪᠠᠲᠤᠯᠠᠭ᠎ᠠ ᠬᠠᠩᠭᠠᠬᠤ︾ ᠵᠡᠷᠭᠡ | ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ︽ᠲᠤᠤᠷᠠᠶ ᠶᠢᠨ ᠬᠦᠷᠭᠡᠭᠴᠢ ᠶᠢᠨ | ᠰᠤᠷᠤᠯᠴᠠᠬᠤ ᠳᠢᠩᠬᠢᠮ︾᠂ ᠰᠠᠶᠢᠨ ᠳᠤᠷ᠎ᠠ ᠶᠢᠨ ᠦᠢᠯᠡᠴᠢᠯᠡᠭᠡ᠂ ᠬᠤᠪᠢ ᠬᠤᠷᠠᠮᠳᠤᠭᠤᠯᠵᠤ ᠰᠣᠯᠢᠬᠤ ᠵᠡᠷᠭᠡ | ᠠᠵᠢᠯᠯᠠᠭ᠎ᠠ ᠪᠠᠷ ᠳᠠᠮᠵᠢᠭᠤᠯᠤᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠥᠬᠦᠶ ᠰᠢᠨ᠎ᠡ ᠠᠵᠢᠯ ᠣᠯᠤᠭᠰᠠᠳ ᠲᠤ | ᠨᠡᠶᠢᠭᠡᠮ ᠤᠨ ᠵᠠᠰᠠᠯᠲᠠ ᠳᠤ ᠣᠷᠣᠯᠴᠠᠬᠤ ᠲᠠᠪᠴᠠᠩ ᠢ ᠪᠠᠶᠢᠭᠤᠯᠵᠤ᠂ ᠪᠥᠬᠦ ᠬᠤᠰᠢᠭᠤᠨ ᠤ 13 ᠰᠡᠳᠬᠢᠯ ᠢ | ᠳᠣᠯᠠᠭᠠᠴᠠᠭᠠᠤᠯᠬᠤ ᠰᠢᠨ᠎ᠡ ᠥᠷᠲᠡᠭᠡ ᠪᠠᠷ ᠭᠤᠤᠯ ᠪᠣᠯᠭᠠᠨ᠂ ᠰᠢᠨ᠎ᠡ ᠠᠵᠢᠯ ᠣᠯᠤᠭᠰᠠᠳ ᠲᠤ ᠵᠤᠰᠠᠯᠠᠩ᠂ ᠳᠦᠷ | ᠠᠮᠠᠷᠠᠬᠤ ᠵᠡᠷᠭᠡ ᠦᠢᠯᠡᠴᠢᠯᠡᠭᠡ ᠶᠢ ᠬᠠᠩᠭᠠᠵᠤ᠂ ︽ᠳᠦᠷᠭᠡᠨ ᠬᠦᠷᠭᠡᠭᠴᠢ︾ ᠢ ︽ᠨᠡᠭᠦᠳᠡᠯ ᠤᠬᠠᠭᠤᠯᠤᠭᠴᠢ︾᠂ | ︽ᠠᠮᠤᠷ ᠲᠦᠪᠰᠢᠨ ᠢᠶᠠᠷ ᠲᠣᠬᠢᠷᠠᠭᠤᠯᠤᠨ ᠬᠦᠷᠭᠡᠭᠴᠢ︾᠂ ︽ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠴᠢ︾ | ᠪᠣᠯᠭᠠᠨ ᠬᠤᠪᠢᠷᠠᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠣᠯᠭᠤᠯᠲᠠ ᠶᠢᠨ | ᠬᠠᠮᠲᠤᠯᠢᠭ ᠤᠨ ᠠᠮᠢᠳᠤᠯᠢᠭ ᠬᠦᠴᠦᠨ ᠢ ᠬᠥᠭᠵᠢᠭᠡᠵᠦ᠂ ᠦᠨᠳᠦᠰᠦᠨ ᠱᠠᠲᠤᠨ ᠤ ᠵᠠᠰᠠᠯᠲᠠ ᠳᠤ ︽ᠰᠢᠨ᠎ᠡ︾ | ᠬᠦᠴᠦᠨ ᠨᠡᠮᠡᠷᠢᠯᠡᠨ᠎ᠡ᠃ |