ᠡᠵᠡᠨ᠎ᠡ ᠬᠤᠰᠢᠭᠤᠨ ᠤ ᠬᠤᠶᠠᠷ ᠰᠠᠭᠤᠷᠢ ᠳᠤᠮᠳᠠ ᠬᠡᠯᠪᠡᠷᠢ ᠶᠢᠨ ᠤᠰᠤᠨ ᠬᠠᠭᠠᠯᠲᠠ ᠶᠢᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠪᠠ
ᠨᠡᠶᠢᠲᠡᠯᠡᠭᠰᠡᠨ ᠴᠠᠭ᠄
2024/12/9
    ᠲᠦᠷᠦᠭᠦᠬᠡᠨ᠂ 2024 ᠣᠨ ᠤ ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ ᠪᠣᠯᠬᠤ ᠬᠠᠷ᠎ᠠ ᠭᠤᠤᠯ ᠤᠨ ᠳᠤᠤᠷᠠᠳᠤ ᠤᠷᠤᠰᠬᠠᠯ ᠤᠨ ᠡᠵᠡᠨ᠎ᠡ ᠶᠢᠨ ᠬᠡᠰᠡᠭ ᠤᠨ ᠡᠮᠦᠨ᠎ᠡ ᠭᠤᠤᠯ ᠬᠤᠶᠢᠲᠦ ᠭᠤᠤᠯ ᠤᠨ ᠴᠢᠬᠤᠯᠠ ᠤᠰᠤᠨ ᠠᠰᠢᠭᠯᠠᠯᠲᠠ ᠶᠢᠨ ᠬᠦᠢᠰᠦ — ᠬᠠᠷ᠎ᠠ ᠰᠤᠬᠠᠢ ᠶᠢᠨ ᠬᠠᠰᠢᠯᠭ᠎ᠠ᠂ ᠴᠡᠴᠡᠭ ᠣᠪᠣᠭ᠎ᠠ ᠶᠢᠨ ᠤᠰᠤ ᠬᠤᠪᠢᠶᠠᠷᠠᠯᠠᠬᠤ ᠵᠠᠩᠭᠢᠯᠠᠭ᠎ᠠ ᠶᠢᠨ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠪᠠᠷᠢᠯᠭ᠎ᠠ ᠶᠢ ᠨᠢᠭᠡᠨᠲᠡ ᠪᠦᠲᠦᠭᠡᠨ ᠪᠠᠶᠢᠭᠤᠯᠵᠤ ᠳᠠᠭᠤᠰᠬᠠᠭᠰᠠᠨ ᠪᠥᠭᠡᠳ ᠤᠰᠤ ᠶᠠᠪᠤᠭᠤᠯᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃    ᠰᠤᠷᠪᠤᠯᠵᠢᠯᠠᠭᠴᠢ ᠬᠠᠷ᠎ᠠ ᠰᠤᠬᠠᠢ ᠶᠢᠨ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠯᠡᠬᠦ ᠪᠠᠷᠢᠯᠭ᠎ᠠ ᠶᠢᠨ ᠠᠬᠤᠢ ᠲᠠᠯᠠᠪᠠᠢ ᠳᠤ᠂ ᠤᠰᠤᠨ ᠬᠠᠰᠢᠯᠭ᠎ᠠ ᠶᠢᠨ ᠭᠤᠣᠯ ᠴᠣᠭᠴᠠ ᠶᠢᠨ ᠪᠠᠷᠢᠯᠭ᠎ᠠ ᠪᠦᠬᠦᠨ ᠢᠶᠠᠷ ᠢᠶᠠᠨ ᠳᠠᠭᠤᠰᠴᠤ᠂ ᠴᠣ ᠰᠢᠨ᠎ᠡ ᠤᠰᠤᠨ ᠠᠰᠢᠭᠯᠠᠯᠲᠠ ᠶᠢᠨ ᠲᠥᠬᠦᠭᠡᠷᠦᠮᠵᠢ ᠲᠠᠢ ᠪᠤᠯᠵᠤ᠂ ᠠᠵᠢᠯᠴᠢᠳ ᠬᠠᠮᠠᠭᠠᠯᠠᠯᠲᠠ ᠶᠢᠨ ᠬᠠᠰᠢᠯᠭ᠎ᠠ ᠶᠢ ᠬᠢᠬᠦ ᠪᠠ ᠰᠢᠷ ᠰᠦᠷᠴᠢᠨ ᠶᠠᠭᠠᠷᠠᠯᠳᠤᠵᠤ᠂ ᠠᠵᠢᠯ ᠤᠨ ᠰᠢᠪᠲᠤᠷᠭᠠᠨ ᠳᠠᠭᠠᠨ ᠤᠷᠤᠭᠰᠠᠨ ᠪᠠᠶᠢᠯ᠎ᠠ᠃    ᠬᠠᠷ᠎ᠠ ᠰᠤᠬᠠᠢ ᠶᠢᠨ ᠤᠰᠤᠨ ᠬᠠᠰᠢᠯᠭ᠎ᠠ᠂ ᠴᠡᠴᠡᠭ ᠣᠪᠣᠭᠠᠨ ᠳᠠᠬᠢ ᠤᠰᠤ ᠬᠤᠪᠢᠶᠠᠷᠠᠯᠠᠬᠤ ᠬᠦᠢᠰᠦ ᠨᠢ ᠳᠤᠮᠳᠠ ᠬᠡᠯᠪᠡᠷᠢ ᠶᠢᠨ ᠤᠰᠤᠨ ᠬᠠᠭᠠᠯᠲᠠ ᠪᠠᠶᠢᠵᠤ᠂ ᠳᠡᠭᠡᠷ᠎ᠡ ᠵᠠᠭᠤᠨ ᠤ ᠨᠠᠶᠠᠭᠠᠳ ᠣᠨ ᠳᠤ ᠪᠠᠶᠢᠭᠤᠯᠤᠭᠳᠠᠭᠰᠠᠨ ᠎ ᠨᠢ ᠬᠠᠷ᠎ᠠ ᠭᠤᠤᠯ ᠤᠨ ᠦᠶᠡᠷ ᠢ ᠰᠡᠷᠭᠡᠶᠢᠯᠡᠬᠦ᠂ ᠬᠠᠳᠤᠯᠠᠩ ᠪᠡᠯᠴᠢᠭᠡᠷ ᠤᠨ ᠤᠰᠤᠯᠠᠯᠲᠠ ᠵᠡᠷᠭᠡ ᠳᠤ ᠴᠢᠬᠤᠯᠠ ᠦᠢᠯᠡᠳᠦᠯ ᠦᠵᠡᠭᠦᠯᠵᠦ᠂ ᠤᠰᠤᠨ ᠬᠠᠭᠠᠯᠲᠠ ᠨᠢ 40 ᠭᠠᠷᠤᠶ ᠵᠢᠯ ᠤᠨ ᠠᠵᠢᠯᠯᠠᠭᠠᠨ ᠢᠶᠠᠷ ᠳᠡᠮᠵᠢᠨ᠂ ᠲᠥᠬᠦᠭᠡᠷᠦᠮᠵᠢ ᠨᠢ ᠬᠠᠭᠤᠴᠢᠷᠠᠵᠤ ᠡᠪᠳᠡᠷᠡᠨ ᠣᠯᠠᠨ ᠪᠠᠶᠢᠳᠠᠯ ᠢᠯᠡᠷᠡᠵᠦ᠂ ᠤᠰᠤ ᠬᠠᠭᠠᠵᠤ ᠤᠷᠤᠰᠬᠠᠯ ᠥᠩᠭᠡᠷᠡᠬᠦ ᠴᠢᠳᠠᠪᠤᠷᠢ ᠨᠢ ᠬᠦᠷᠦᠯᠴᠡᠬᠦ ᠥᠬᠡᠶ ᠵᠡᠷᠭᠡ ᠳᠠᠯᠳᠠ ᠬᠡᠮ ᠤᠷᠤᠰᠢᠨ᠂ ᠬᠠᠷ᠎ᠠ ᠭᠤᠤᠯ ᠤᠨ ᠤᠰᠤ ᠳᠠᠮᠵᠢᠭᠤᠯᠬᠤ ᠠᠮᠤᠷ ᠲᠦᠪᠰᠢᠨ ᠪᠠ ᠠᠮᠢ ᠠᠬᠤᠶ ᠶᠢᠨ ᠤᠰᠤᠯᠠᠯᠲᠠ ᠶᠢ ᠬᠦᠨᠳᠦ ᠨᠣᠴᠢᠲᠠᠶ ᠨᠥᠯᠥᠭᠡᠯᠡᠭᠰᠡᠨ ᠪᠠᠶᠢᠨ᠎ᠠ᠃    ᠤᠰᠤᠨ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠢ ᠡᠨᠡ ᠵᠢᠯ ᠤᠨ 4 ᠰᠠᠷ᠎ᠠ ᠠᠴᠠ ᠡᠬᠢᠯᠡᠨ ᠬᠡᠷᠡᠭᠵᠢᠭᠦᠯᠵᠦ᠂ ᠭᠤᠤᠯᠳᠠᠭᠤ ᠤᠰᠤᠨ ᠬᠠᠭᠠᠯᠲᠠ ᠶᠢᠨ ᠲᠤᠯᠭᠠᠭᠤᠷ᠂ ᠵᠢᠶᠠᠰᠠ᠂ ᠳᠡᠭᠡᠳᠦ ᠳᠤᠤᠷᠠᠳᠤ ᠤᠷᠤᠰᠬᠠᠯ ᠤᠨ ᠵᠢᠭᠦᠷᠲᠦ ᠬᠡᠷᠡᠮ᠂ ᠳᠡᠪᠢᠰᠦᠭᠰᠡᠨ᠂ ᠬᠦᠴᠦ ᠪᠠᠭᠤᠷᠠᠭᠤᠯᠬᠤ ᠲᠠᠲᠠᠭᠠᠯ ᠵᠡᠷᠭᠡ ᠭᠠᠵᠠᠷ ᠢ ᠨᠤᠷᠠᠭᠠᠨ ᠳᠠᠬᠢᠨ ᠪᠠᠶᠢᠭᠤᠯᠵᠤ᠂ 8 ᠰᠠᠷ᠎ᠠ ᠶᠢᠨ ᠴᠠᠭ ᠢ ᠬᠡᠷᠡᠭᠰᠡᠨ᠂ 12 ᠰᠠᠷ᠎ᠠ ᠶᠢᠨ ᠡᠬᠢ ᠪᠠᠷ ᠨᠢᠭᠡᠨᠲᠡ ᠪᠥᠲᠥᠭᠡᠨ ᠪᠠᠶᠢᠭᠤᠯᠵᠤ ᠳᠠᠭᠤᠰᠬᠠᠪᠠ᠃ ᠬᠠᠷ᠎ᠠ ᠰᠤᠬᠠᠢ ᠶᠢᠨ ᠤᠰᠤᠨ ᠬᠠᠰᠢᠯᠭ᠎ᠠ ᠨᠢ 2 ᠰᠠᠭᠤᠷᠢ ᠬᠠᠰᠢᠯᠭ᠎ᠠ ᠪᠠᠷ       ᠪᠦᠷᠢᠯᠳᠦᠵᠦ᠂ ᠨᠡᠶᠢᠲᠡ 8 ᠰᠦᠪᠡ ᠲᠠᠢ ᠤᠰᠤ ᠲᠠᠲᠠᠬᠤ ᠬᠠᠭᠠᠯᠲᠠ ᠲᠠᠢ᠂ ᠴᠡᠴᠡᠭ ᠤᠪᠤᠭ᠎ᠠ ᠶᠢᠨ  ᠤᠰᠤᠨ ᠬᠤᠪᠢᠶᠠᠷᠠᠯᠲᠠ ᠶᠢᠨ ᠬᠦᠢᠰᠦ ᠨᠢ 4 ᠰᠠᠭᠤᠷᠢ ᠬᠠᠰᠢᠯᠭ᠎ᠠ ᠪᠠᠷ ᠪᠦᠷᠢᠯᠳᠦᠵᠦ᠂ ᠨᠡᠶᠢᠲᠡ 7 ᠰᠦᠪᠡ ᠤᠰᠤ ᠲᠠᠲᠠᠬᠤ ᠬᠠᠰᠢᠯᠭ᠎ᠠ ᠲᠠᠢ᠃ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠨ᠂ ᠬᠤᠶᠠᠷ ᠰᠠᠭᠤᠷᠢ ᠤᠰᠤᠨ ᠬᠠᠰᠢᠯᠭ᠎ᠠ ᠶᠢᠨ ᠠᠵᠢᠯᠯᠠᠭᠠᠨ ᠤ ᠠᠮᠦᠷ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃    ᠡᠵᠡᠨ᠎ᠡ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠳ᠋ᠧᠩ ᠷᠦᠢ           ᠴᠢᠩ ᠄ ︽ᠣᠳᠣᠬᠠᠨ ᠳᠤ ᠤᠰᠤᠨ ᠬᠠᠰᠢᠯᠭ᠎ᠠ ᠶᠢᠨ ᠭᠤᠣᠯ ᠪᠠᠷᠢᠯᠭ᠎ᠠ ᠪᠦᠬᠦᠨ ᠢᠶᠠᠷ ᠢᠶᠠᠨ ᠳᠠᠭᠤᠰᠴᠤ᠂ ᠤᠰᠤᠨ ᠬᠠᠰᠢᠯᠭ᠎ᠠ ᠶᠢᠨ ᠭᠡᠮ ᠰᠣᠭᠤᠭ ᠢ ᠠᠷᠢᠯᠭᠠᠵᠤ᠂ ᠪᠠᠷᠢᠯᠭ᠎ᠠ ᠶᠢᠨ ᠠᠮᠤᠷ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠤᠳᠤ ᠨᠢᠭᠡᠨᠲᠡ ᠡᠨᠡᠬᠦ ᠤᠰᠤ ᠬᠤᠪᠢᠶᠠᠷᠠᠯᠠᠬᠤ ᠨᠥᠬᠦᠴᠡᠯ ᠢ ᠪᠦᠷᠢᠯᠳᠦᠭᠦᠯᠵᠡᠢ᠃ ᠲᠣᠰ ᠢᠨᠵᠧᠨᠧᠷᠢᠩ ᠢ ᠤᠷᠤᠭᠰᠢᠲᠠᠶ ᠬᠡᠷᠡᠭᠵᠢᠭᠦᠯᠦᠭᠰᠡᠨ ᠨᠢ ᠡᠮᠦᠨ᠎ᠡ ᠭᠤᠤᠯ ᠬᠤᠶᠢᠲᠦ ᠭᠤᠤᠯ ᠤᠨ ᠳᠤᠤᠷᠠᠳᠤ ᠤᠷᠤᠰᠬᠠᠯ ᠤᠨ 61.9 ᠲᠦᠮᠡᠨ ᠮᠥ ᠪᠠᠶᠢᠭᠠᠯᠢ ᠶᠢᠨ ᠣᠶ ᠰᠢᠭᠤᠶ ᠡᠪᠡᠰᠦᠲᠦ ᠭᠠᠵᠠᠷ ᠤᠨ ᠤᠰᠤᠯᠠᠯᠲᠠ ᠶᠢᠨ ᠡᠭᠦᠷᠭᠡ ᠶᠢ ᠪᠦᠲᠦᠮᠵᠢᠲᠡᠶ ᠪᠠᠲᠤᠯᠠᠬᠤ ᠶᠢᠨ ᠬᠠᠮᠲᠤ ᠬᠠᠷ᠎ᠠ ᠭᠤᠤᠯ ᠤᠨ ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠡᠵᠡᠮᠳᠡᠬᠦ᠂ ᠰᠤᠪᠨᠠᠭᠤᠷ ᠤᠨ ᠠᠮᠢ ᠠᠬᠤᠶ ᠶᠢᠨ ᠤᠰᠤ ᠲᠣᠬᠢᠷᠠᠭᠤᠯᠬᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠲᠤ ᠪᠠᠬᠢ ᠤᠰᠤᠨ ᠠᠰᠢᠭᠯᠠᠯᠲᠠ ᠶᠢᠨ ᠰᠠᠭᠤᠷᠢ ᠶᠢ ᠬᠠᠩᠭᠠᠬᠤ ᠪᠣᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号