ᠰᠢᠩᠭᠡᠨ ᠬᠡᠢ ᠶᠢ ᠳᠤᠷ᠎ᠠ ᠪᠠᠷ ᠢᠶᠠᠨ ᠲᠡᠭᠡᠭᠡᠪᠦᠷᠢᠯᠡᠨ ᠬᠠᠳᠠᠭᠠᠯᠠᠵᠤ ᠪᠤᠯᠬᠤ ᠦᠭᠡᠢ
ᠨᠡᠶᠢᠲᠡᠯᠡᠭᠰᠡᠨ ᠴᠠᠭ᠄
2024/2/20
    ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠰᠢᠩᠭᠡᠵᠢᠯ ᠬᠡᠢ ᠶᠢ ᠬᠠᠤᠯᠢ ᠪᠤᠰᠤ ᠪᠠᠷ ᠬᠠᠳᠠᠭᠠᠯᠠᠭᠰᠠᠨ᠂ ᠳᠦᠭᠦᠷᠭᠡᠭᠰᠡᠨ᠂ ᠪᠣᠷᠣᠯᠠᠭᠤᠯᠤᠭᠰᠠᠨ ᠬᠡᠷᠡᠭ ᠢ ᠠᠮᠵᠢᠯᠲᠠ ᠲᠠᠢ ᠳᠡᠩᠨᠡᠨ ᠢᠯᠡᠷᠡᠭᠦᠯᠵᠡᠢ᠃ ᠡᠭᠦᠨ ᠳᠤ ᠲᠣᠮᠣ ᠭᠡᠯᠪᠡᠷᠢ ᠶᠢᠨ ᠰᠢᠩᠭᠡᠵᠢᠯ ᠬᠡᠢ ᠶᠢᠨ ᠰᠠᠪᠠ ᠶᠢᠨ 2 ᠮᠠᠰᠢᠨ ᠲᠡᠷᠭᠡ᠂ ᠰᠢᠩᠭᠡᠵᠢᠯ ᠬᠡᠢ ᠶᠢᠨ ᠰᠠᠪᠠ ᠶᠢ ᠲᠡᠭᠡᠭᠡᠪᠦᠷᠢᠯᠡᠬᠦ ᠸᠠᠭᠤᠨ ᠮᠠᠶ᠋ᠢᠭ ᠤᠨ 2 ᠠᠴᠢᠶᠠᠨ ᠤ ᠮᠠᠰᠢᠨ       ᠲᠡᠷᠭᠡ᠂ 1 ᠮᠠᠰᠢᠨ ᠲᠡᠷᠭᠡ᠂ 50 ᠺᠢᠯᠣᠭ᠍ᠷᠠᠮ ᠤᠨ ᠰᠢᠩᠭᠡᠵᠢᠯ ᠬᠡᠢ ᠶᠢᠨ ᠰᠠᠪᠠ 30᠂ 15 ᠺᠢᠯᠣᠭ᠍ᠷᠠᠮ ᠤᠨ ᠰᠢᠩᠭᠡᠵᠢᠯ ᠬᠡᠢ ᠶᠢᠨ ᠰᠠᠪᠠ 25᠎ ᠶᠢ ᠪᠠᠶᠢᠴᠠᠭᠠᠨ ᠭᠠᠷᠭᠠᠵᠤ᠂ ᠬᠠᠤᠯᠢ ᠪᠤᠰᠤ ᠪᠠᠷ ᠬᠠᠳᠠᠭᠠᠯᠠᠭᠰᠠᠨ ᠰᠢᠩᠭᠡᠵᠢᠯ ᠴᠢᠯᠠᠭᠤᠨ ᠲᠣᠰᠣᠨ ᠤ ᠰᠢᠲᠠᠮᠠᠬᠠᠢ ᠬᠡᠢ ᠪᠣᠯᠣᠨ ᠪᠠᠭᠠᠵᠢ ᠬᠡᠷᠡᠭᠰᠡᠯ ᠢ ᠲᠦᠷ ᠦᠯᠡᠳᠡᠭᠡᠨ ᠠᠪᠴᠤ᠂ ᠬᠡᠷᠡᠭ ᠲᠤ ᠬᠤᠯᠪᠣᠭᠳᠠᠭᠰᠠᠨ 3 ᠬᠥᠮᠥᠨ ᠢ ᠪᠠᠷᠢᠪᠴᠢᠯᠠᠵᠠᠢ᠃ ᠲᠠᠨᠢᠯᠴᠠᠭᠤᠯᠤᠭᠰᠠᠨ ᠢᠶᠠᠷ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠡᠳᠦᠷ ᠲᠤᠲᠤᠮ ᠤᠨ ᠠᠵᠢᠯ ᠤᠨ ᠲᠣᠭᠤᠷᠢᠨ ᠴᠠᠭᠳᠠᠬᠤ ᠶᠠᠪᠤᠴᠠ ᠳᠠᠭᠠᠨ᠂ ᠭᠦᠭᠡᠬᠤᠲᠠ ᠶᠢᠨ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠨᠢᠭᠡᠨ ᠲᠣᠰᠬᠤᠨ ᠤ ᠬᠤᠭᠤᠰᠤᠨ ᠬᠦᠷᠢᠶᠡᠨ ᠳᠤ ᠦᠷᠭᠦᠯᠵᠢ ᠲᠣᠮᠣ ᠭᠡᠯᠪᠡᠷᠢ ᠶᠢᠨ ᠰᠢᠩᠭᠡᠵᠢᠯ ᠬᠡᠢ ᠶᠢᠨ ᠰᠠᠪᠠ ᠶᠢᠨ ᠮᠠᠰᠢᠨ ᠲᠡᠷᠭᠡ ᠪᠠ ᠰᠢᠩᠭᠡᠵᠢᠯ ᠬᠡᠢ ᠶᠢᠨ ᠰᠠᠪᠠ ᠶᠢ ᠲᠡᠭᠡᠭᠡᠪᠦᠷᠢᠯᠡᠬᠦ ᠸᠠᠭᠤᠨ ᠮᠠᠶ᠋ᠢᠭ ᠤᠨ ᠠᠴᠢᠶᠠᠨ ᠤ ᠮᠠᠰᠢᠨ ᠲᠡᠷᠭᠡ ᠣᠷᠣᠵᠤ ᠭᠠᠷᠴᠤ ᠪᠠᠶᠢᠬᠤ ᠶᠢ ᠣᠯᠵᠤ ᠮᠠᠲᠠᠵᠠᠢ᠃ ᠴᠠᠭᠳᠠᠭ᠎ᠠ ᠨᠠᠷ ᠲᠣᠰ ᠭᠠᠵᠠᠷ ᠲᠤ ᠲᠠᠩᠨᠠᠨ ᠪᠠᠶᠢᠴᠠᠭᠠᠯᠲᠠ ᠬᠢᠵᠦ᠂ ᠲᠣᠰ ᠬᠤᠭᠤᠰᠤᠨ ᠬᠦᠷᠢᠶᠡᠨ ᠳᠣᠲᠣᠷ᠎ᠠ ᠰᠢᠩᠭᠡᠵᠢᠯ ᠬᠡᠢ ᠶᠢ ᠬᠠᠤᠯᠢ ᠪᠤᠰᠤ ᠪᠠᠷ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠤᠭᠰᠠᠨ ᠡᠭᠦᠷ ᠢ ᠢᠯᠡᠷᠡᠭᠦᠯᠵᠡᠢ᠃           ᠪᠠᠶᠢᠴᠠᠭᠠᠭᠰᠠᠨ ᠢᠶᠠᠷ᠂ ᠶᠠᠯ᠎ᠠ ᠶᠢᠨ ᠰᠡᠵᠢᠭᠲᠡᠨ ᠵᠣᠣ ᠣᠪᠣᠭᠲᠤ ᠵᠡᠷᠭᠡ 3 ᠬᠥᠮᠥᠨ ᠰᠤᠯᠠ ᠪᠠᠶᠢᠭ᠎ᠠ ᠬᠦᠷᠢᠶᠡᠨ ᠳᠤ ᠰᠢᠩᠭᠡᠵᠢᠯ ᠴᠢᠯᠠᠭᠤᠨ ᠲᠣᠰᠣᠨ ᠤ ᠰᠢᠲᠠᠮᠠᠬᠠᠢ ᠬᠡᠢ ᠶᠢ ᠬᠠᠤᠯᠢ ᠪᠤᠰᠤ ᠪᠠᠷ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠤᠭᠰᠠᠨ ᠪᠠᠶᠢᠨ᠎ᠠ᠃ ᠣᠳᠣᠬᠠᠨ ᠳᠤ᠂ ᠭᠦᠭᠡᠬᠤᠲᠠ ᠶᠢᠨ ᠰᠠᠶᠢᠬᠠᠨ ᠲᠣᠭᠤᠷᠢᠭ ᠤᠨ ᠴᠠᠭᠳᠠᠭᠠᠨ ᠤ ᠲᠠᠯ᠎ᠠ ᠶᠢᠨ ᠬᠢᠨ 3 ᠬᠥᠮᠥᠨ ᠢ ᠡᠵᠡᠮᠳᠡᠵᠦ᠂ ᠬᠡᠷᠡᠭ ᠢ ᠤᠯᠠᠮ ᠴᠢᠨᠠᠭᠰᠢᠳᠠ ᠳᠡᠩᠨᠡᠨ ᠰᠢᠢᠳᠪᠦᠷᠢᠯᠡᠵᠦ ᠪᠠᠶᠢᠨ᠎ᠠ᠃ ᠴᠠᠭᠳᠠᠭᠠᠨ ᠤ ᠰᠠᠨᠠᠭᠤᠯᠤᠮᠵᠢ᠄ ᠰᠢᠩᠭᠡᠵᠢᠯ ᠬᠡᠢ᠂ ᠴᠢᠶ᠋ᠢᠦ ᠲᠣᠰᠣ ᠵᠡᠷᠭᠡ ᠪᠣᠯ ᠠᠶᠤᠯᠲᠠᠢ ᠬᠢᠮᠢ ᠶᠢᠨ ᠪᠣᠳᠠᠰ ᠮᠥᠨ᠂ ᠤᠯᠤᠰ ᠠᠴᠠ ᠲᠡᠭᠦᠨ ᠤ ᠡᠵᠡᠩᠨᠡᠯᠲᠡ ᠳᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠳᠡᠭ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠣᠯᠣᠭᠰᠠᠨ ᠦᠭᠡᠢ ᠪᠣᠯ ᠳᠤᠷ᠎ᠠ ᠪᠠᠷ ᠢᠶᠠᠨ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠵᠤ ᠪᠤᠯᠬᠤ ᠦᠭᠡᠢ᠃ ᠠᠮᠢᠳᠤᠷᠠᠯ ᠳᠤᠮᠳᠠ ᠵᠠᠷᠢᠮ ᠬᠥᠮᠥᠨ ᠰᠢᠩᠭᠡᠵᠢᠯ ᠬᠡᠢ ᠶᠢ ᠳᠤᠷ᠎ᠠ ᠪᠠᠷ ᠢᠶᠠᠨ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠭᠦᠯᠵᠦ᠂ ᠰᠠᠨᠠᠭᠠᠨ ᠳᠤ ᠦᠭᠡᠢ ᠬᠡᠷᠡᠭ ᠭᠠᠷᠬᠤ ᠠᠴᠠ ᠰᠡᠷᠭᠡᠶᠢᠯᠡᠬᠦ ᠬᠡᠷᠡᠭᠲᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号