ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ ᠲᠥᠪ ᠳᠤᠭᠳᠠᠭᠰᠠᠨ ᠴᠠᠭ ᠲᠠᠭᠠᠨ ᠠᠵᠢᠯᠯᠠᠵᠦ ᠤᠯᠠᠨ ᠳᠥᠮᠡᠨ ᠳᠤ ᠳᠦᠬᠦᠮ ᠤᠶᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2024/2/21
      2 ᠰᠠᠷ᠎ᠠ ᠶᠢᠨ 18᠎ ᠤ ᠡᠳᠦᠷ ᠪᠣᠯ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠠᠵᠢᠯ ᠤᠨ ᠪᠠᠶᠢᠷᠢᠨ ᠳᠤ ᠪᠠᠨ ᠭᠠᠷᠬᠤ ᠠᠩᠬᠠᠨ ᠤ ᠡᠳᠦᠷ ᠪᠣᠯᠣᠨ᠎ᠠ᠂ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠪᠥᠬᠦ ᠠᠵᠢᠯᠲᠠᠨ ᠠᠵᠢᠯᠴᠢᠨ ᠰᠡᠳᠬᠢᠯ ᠰᠠᠨᠠᠭ᠎ᠠ ᠪᠠᠨ ᠬᠤᠷᠢᠶᠠᠵᠤ᠂ ᠡᠷᠴᠢ ᠵᠣᠷᠢᠭ ᠢᠶᠠᠨ ᠬᠥᠪᠴᠢᠯᠡᠨ ᠳᠤᠭᠳᠠᠭᠰᠠᠨ ᠴᠠᠭ ᠲᠠᠭᠠᠨ ᠠᠵᠢᠯ ᠳᠠᠭᠠᠨ ᠭᠠᠷᠴᠤ᠂ ᠯᠣᠸ ᠵᠢᠯ ᠤᠨ ᠰᠢᠨ᠎ᠡ ᠠᠶᠠᠨ ᠢᠶᠠᠨ ᠡᠬᠢᠯᠡᠬᠦᠯᠦᠨ᠎ᠡ᠃      ᠴᠠᠭᠠᠨ ᠰᠠᠷ᠎ᠠ ᠶᠢᠨ ᠰᠢᠨ᠎ᠡ ᠶᠢᠨ ᠶᠢᠰᠦᠨ ᠳᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠣᠭᠲᠠᠭᠰᠠᠨ ᠴᠠᠭ ᠲᠠᠭᠠᠨ ᠡᠭᠦᠳᠡ ᠪᠠᠨ ᠨᠡᠭᠡᠭᠡᠵᠦ᠂ ᠠᠳᠡ ᠪᠠᠶᠢᠭ᠎ᠠ 39 ᠰᠠᠯᠠᠭ᠎ᠠ ᠮᠥᠴᠢᠷ ᠪᠦᠬᠦᠨ ᠢᠶᠠᠷ ᠢᠶᠠᠨ ᠬᠡᠪ ᠤᠨ ᠪᠠᠶᠢᠳᠠᠯ ᠢᠶᠠᠷ ᠠᠵᠢᠯᠯᠠᠨ᠂ ᠡᠯ᠎ᠡ ᠵᠠᠰᠠᠭ ᠤᠨ ᠶᠠᠪᠤᠳᠠᠯ ᠤᠨ ᠴᠣᠩᠬᠤᠪᠴᠢ ᠶᠢᠨ ᠠᠵᠢᠯᠲᠠᠳ ᠴᠤᠭ ᠵᠢᠪᠬᠤᠭ᠎ᠠ ᠲᠠᠢ ᠪᠠᠷ ᠣᠯᠠᠨ ᠲᠦᠮᠡᠨ᠂ ᠠᠵᠤ ᠠᠬᠤᠶᠢᠯᠠᠯ ᠳᠤ ᠢᠳᠡᠪᠬᠢᠲᠡᠢ ᠦᠢᠯᠡᠴᠢᠯᠡᠭᠡ ᠬᠠᠩᠭᠠᠨ᠎ᠠ᠃ ᠥᠷᠯᠥᠭᠡ ᠡᠷᠲᠡ ᠪᠠᠷ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠮᠠᠨᠢ ᠴᠦ ᠮᠠᠰᠢ ᠣᠯᠠᠨ ᠬᠠᠷᠠᠭᠳᠠᠨ᠎ᠠ᠃ᠰᠠᠭᠤᠭᠠᠯᠢ ᠠᠷᠠᠳ ᠶᠠᠩ ᠰᠢᠸ ᠯᠢ᠄ ︽ᠪᠢ ᠥᠨᠥᠳᠥᠷ ᠭᠡᠷ ᠪᠠᠶᠢᠰᠢᠩ ᠤᠨ ᠬᠥᠷᠥᠩᠭᠡ ᠶᠢᠨ ᠲᠤᠬᠠᠢ ᠬᠤᠯᠪᠣᠭᠳᠠᠯ ᠪᠦᠬᠦᠢ ᠮᠡᠳᠡᠭᠡ ᠵᠠᠩᠭᠢ ᠶᠢ ᠯᠠᠪᠯᠠᠵᠤ ᠥᠵᠡᠯ᠎ᠡ᠃ ᠠᠳᠡ ᠢᠷᠡᠭᠰᠡᠨ ᠤ ᠳᠠᠷᠠᠭ᠎ᠠ ᠡᠨᠡ ᠲᠢᠩᠬᠢᠮ ᠤᠨ ᠣᠷᠴᠢᠨ ᠲᠣᠭᠤᠷᠢᠨ ᠮᠠᠰᠢ ᠴᠡᠪᠡᠷ ᠳᠣᠬᠢᠯᠢᠭ ᠮᠠᠰᠢ ᠲᠠᠭᠠᠯᠠᠮᠵᠢᠲᠠᠢ ᠰᠠᠨᠠᠭᠳᠠᠯ᠎ᠠ᠃ ᠮᠥᠨᠴᠦ ᠠᠵᠢᠯᠲᠠᠳ ᠤᠨ ᠦᠢᠯᠡᠴᠢᠯᠡᠬᠦ ᠣᠪᠣᠷ ᠨᠢ ᠴᠦ ᠶᠡᠭᠡ ᠰᠠᠶᠢᠨ ᠪᠠᠶᠢᠨ᠎ᠠ᠃ ᠵᠠᠷᠢᠮ ᠣᠶᠢᠯᠠᠭᠠᠬᠤ ᠦᠭᠡᠢ ᠮᠠᠳᠠᠭ ᠲᠠᠢ ᠠᠰᠠᠭᠤᠯᠲᠠ ᠳᠤ ᠪᠦᠷ ᠢᠳᠡᠪᠬᠢᠲᠡᠢ ᠬᠠᠷᠢᠭᠤᠯᠲᠠ ᠥᠭᠴᠦ᠂ ᠠᠳᠡ ᠢᠷᠡᠵᠦ ᠤᠴᠢᠷ ᠶᠠᠪᠤᠳᠠᠯ ᠪᠦᠲᠦᠭᠡᠬᠦ ᠳᠤ ᠲᠤᠩ ᠠᠮᠠᠷᠬᠠᠨ ᠪᠣᠯᠣᠭᠰᠠᠨ ᠪᠠᠶᠢᠨ᠎ᠠ︾ ᠭᠡᠪᠡ᠃      ᠣᠶᠢᠯᠠᠭᠠᠭᠰᠠᠨ ᠢᠶᠠᠷ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠣᠳᠣᠬᠠᠨ ᠳᠤ 1500 ᠭᠠᠷᠤᠢ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠵᠦ᠂ ︽ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠲᠤᠰᠬᠠᠢ ᠣᠷᠣᠨ︾᠂ ︽ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠦᠢᠯᠡᠴᠢᠯᠡᠭᠡᠨ ᠤ ᠲᠤᠰᠬᠠᠢ ᠣᠷᠣᠨ︾᠂ ︽ᠣᠯᠠᠨ ᠨᠡᠶᠢᠲᠡ ᠶᠢᠨ ᠦᠢᠯᠡᠴᠢᠯᠡᠭᠡᠨ ᠤ ᠲᠤᠰᠬᠠᠢ ᠣᠷᠣᠨ︾ ᠪᠠ ︽ᠠᠵᠤ ᠠᠬᠤᠶᠢᠯᠠᠯ ᠤᠨ ᠪᠥᠬᠦ ᠲᠠᠯ᠎ᠠ ᠶᠢᠨ ᠦᠢᠯᠡᠴᠢᠯᠡᠭᠡᠨ ᠤ ᠲᠤᠰᠬᠠᠢ ᠣᠷᠣᠨ︾ ᠵᠡᠷᠭᠡ 4 ᠶᠡᠭᠡ ᠴᠢᠳᠠᠮᠵᠢ ᠶᠢᠨ ᠬᠤᠪᠢᠶᠠᠷᠢ ᠣᠷᠣᠨ ᠢ ᠲᠣᠬᠢᠷᠠᠭᠤᠯᠪᠠ᠃ ︽ᠰᠠᠭᠠᠳ ᠦᠭᠡᠢ ᠨᠡᠪᠲᠡᠷᠡᠬᠦ ᠵᠠᠮ︾᠎ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠴᠣᠩᠬᠤᠪᠴᠢ᠂ ᠨᠠᠰᠤᠲᠠᠶᠢᠴᠤᠳ ᠢ ᠬᠠᠪᠰᠤᠷᠤᠨ ᠵᠡᠮᠳᠡᠭᠴᠦᠳ ᠢ ᠲᠤᠰᠠᠯᠠᠬᠤ ᠴᠣᠩᠬᠤᠪᠴᠢ᠂ ᠡᠬᠡ ᠨᠢᠯᠬᠠᠰ ᠤᠨ ᠥᠷᠥᠭᠡ᠂ ᠡᠶᠡᠳᠡᠭᠦᠯᠬᠦ ᠥᠷᠥᠭᠡ᠂ ᠰᠠᠭᠠᠳ ᠦᠭᠡᠢ ᠨᠡᠪᠲᠡᠷᠡᠬᠦ ᠵᠠᠮ᠂ ᠣᠨᠴᠣᠭᠤᠢ ᠡᠲᠡᠭᠡᠳ ᠲᠤ ᠬᠠᠪᠰᠤᠷᠤᠨ ᠭᠦᠢᠴᠡᠳᠬᠡᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠺᠠᠷᠲ᠂ ᠴᠠᠭ ᠢ ᠤᠷᠲᠤᠳᠬᠠᠵᠤ ᠭᠦᠢᠴᠡᠳᠬᠡᠬᠦ᠂ ᠤᠷᠢᠳᠴᠢᠯᠠᠨ ᠪᠣᠯᠵᠤᠵᠤ ᠭᠦᠢᠴᠡᠳᠬᠡᠬᠦ᠂ ᠭᠡᠷ ᠲᠤᠨᠢ ᠬᠦᠷᠴᠦ ᠭᠦᠢᠴᠡᠳᠬᠡᠬᠦ ᠵᠡᠷᠭᠡ ᠠᠷᠠᠳ ᠲᠤ ᠲᠥᠬᠦᠮ ᠦᠵᠡᠭᠦᠯᠬᠦ ᠣᠯᠠᠨ ᠵᠦᠢᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠠᠪᠴᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠦᠢᠯᠡᠴᠢᠯᠡᠭᠡᠨ ᠤ ᠣᠨᠣᠯᠵᠢᠬᠤᠨ ᠢ ᠬᠡᠷᠡᠭᠵᠢᠭᠦᠯᠵᠦ᠂ ᠣᠯᠠᠨ ᠲᠦᠮᠡᠨ ᠤ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠣᠪᠴᠢᠶᠠᠨ ᠳᠠᠷᠤᠭ᠎ᠠ ᠱᠢ ᠢᠦᠢ ᠵᠢᠶᠦ᠋ᠨ᠄ ︽2023 ᠣᠨ ᠳᠤ᠂ ᠡᠵᠡᠨ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠠᠬᠢᠭᠤᠯᠬᠤ ᠪᠠᠷ ᠳᠡᠮᠵᠢᠨ᠂ ᠡᠯ᠎ᠡ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ᠃ ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠠᠶᠠᠯᠡᠬᠦᠯᠦᠨ᠂ ᠠᠵᠤ ᠠᠬᠤᠶᠢᠯᠠᠯ ᠤᠨ ᠣᠯᠠᠨ ᠲᠦᠮᠡᠨ ᠢ ᠲᠦᠷᠭᠡᠨ ᠤᠴᠢᠷ ᠶᠠᠪᠤᠳᠠᠯ ᠪᠦᠲᠦᠭᠡᠵᠦ᠂ ᠤᠴᠢᠷ ᠶᠠᠪᠤᠳᠠᠯ ᠪᠦᠲᠦᠭᠡᠬᠦ ᠳᠤ ᠠᠮᠠᠷ ᠪᠣᠯᠭᠠᠬᠤ ᠶᠢ ᠪᠠᠳᠤᠯᠠᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号