ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠭᠠᠯ ᠤᠨ ᠠᠶᠤᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/2/25
      ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠠᠯᠪᠠᠨ ᠭᠡᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      1 ᠰᠠᠷ᠎ᠠ ᠶᠢᠨ 19᠎ ᠤ ᠤᠷᠤᠢ᠂ ᠹᠠᠩᠴᠧᠩ ᠰᠢᠶᠠᠨ ᠤ ᠳ᠋ᠦ᠋ ᠱᠦ ᠪᠠᠯᠭᠠᠰᠤᠨ ᠤ ᠶᠠᠨ ᠱᠠᠨ ᠫᠦ᠋ ᠲᠣᠰᠬᠤᠨ ᠤ ᠴᠢᠳᠠᠪᠤᠷᠢᠲᠠᠨ ᠤ ᠰᠤᠷᠭᠠᠭᠤᠯᠢ ᠶᠢᠨ ᠪᠠᠶᠢᠷᠢ ᠳᠤ ᠭᠠᠯ ᠭᠠᠷᠴᠤ᠂ 13 ᠬᠥᠮᠦᠨ ᠠᠲᠠᠵᠤ᠂ 4 ᠬᠥᠮᠦᠨ       ᠰᠢᠷᠬᠠᠲᠤᠪᠠ᠃ 1 ᠰᠠᠷ᠎ᠠ ᠶᠢᠨ 24᠎ ᠤ ᠡᠳᠦᠷ ᠤᠨ 15 ᠴᠠᠭ 30 ᠮᠢᠨᠦ᠋ᠲ ᠤᠨ ᠦᠶ᠎ᠡ ᠪᠠᠷ᠂ ᠵᠢᠶᠠᠩᠰᠢ ᠶᠢᠨ ᠰᠢᠨ ᠢᠦᠶ ᠬᠤᠲᠠ ᠶᠢᠨ ᠢᠦᠶ ᠱᠦᠶ ᠲᠣᠭᠤᠷᠢᠭ ᠤᠨ ᠨᠢᠭᠡᠳᠦᠭᠡᠷ ᠵᠡᠭᠡᠯᠢ ᠶᠢᠨ ᠳᠡᠯᠭᠡᠭᠦᠷ ᠲᠤ ᠭᠠᠯ ᠤᠨ ᠠᠶᠤᠯ ᠭᠠᠷᠴᠤ᠂ 39 ᠬᠥᠮᠦᠨ ᠠᠳᠡᠵᠦ᠂ 9 ᠬᠥᠮᠦᠨ ᠰᠢᠷᠬᠠᠲᠤᠪᠠ᠃ ᠣᠶᠢᠷ᠎ᠠ ᠶᠢᠨ ᠬᠤᠭᠤᠴᠠᠭᠠᠨ ᠳᠤ ᠣᠯᠠᠨ ᠭᠠᠵᠠᠷ ᠲᠤ ᠭᠠᠯ ᠤᠨ ᠭᠠᠮᠰᠢᠭ ᠡᠭᠦᠰᠴᠦ᠂ ᠬᠥᠮᠦᠨ ᠦᠬᠦᠵᠦ ᠰᠢᠷᠬᠠᠲᠤᠭᠰᠠᠨ ᠶᠠᠪᠤᠳᠠᠯ ᠠᠴᠠ ᠪᠣᠯᠵᠤ᠂ ᠶᠡᠷᠦᠩᠬᠡᠶ ᠱᠦᠵᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠦᠨᠵᠡᠭᠡᠢ ᠰᠤᠷᠭᠠᠮᠵᠢ ᠠᠪᠴᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠰᠡᠳᠬᠢᠴᠡ ᠶᠢ ᠲᠡᠪᠴᠢᠵᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠳᠠᠯᠳᠠ ᠭᠡᠮ ᠢ ᠬᠢᠨᠠᠮᠠᠭᠠᠶ ᠵᠢᠭᠰᠠᠭᠠᠨ ᠪᠠᠶᠢᠴᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠣᠯᠠᠨ ᠭᠠᠷᠬᠤ ᠬᠠᠨᠳᠤᠰᠢ ᠶᠢ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ ᠭᠠᠯ ᠤᠨ ᠭᠠᠮᠰᠢᠭ ᠤᠨ ᠠᠳᠡᠯ ᠠᠴᠠ ᠨᠠᠷᠢᠨ ᠬᠢᠨᠠᠮᠠᠭᠠᠢ ᠰᠤᠷᠭᠠᠮᠵᠢ ᠠᠪᠴᠤ᠂ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ      ᠣᠳᠣᠬᠠᠨ ᠳᠤ ᠶᠠᠭ ᠰᠠᠶᠢᠬᠠᠨ ᠡᠪᠦᠯ ᠤᠨ ᠤᠯᠠᠷᠢᠯ ᠪᠠᠶᠢᠵᠤ᠂ ᠲᠩᠷᠢ ᠬᠦᠢᠲᠡᠨ ᠪᠣᠳᠠᠰ ᠭᠠᠩ ᠬᠠᠭᠤᠷᠠᠶ᠂ ᠭᠠᠯ ᠤᠨ ᠭᠠᠮᠰᠢᠭ ᠣᠯᠠᠨ ᠡᠭᠦᠰᠬᠦ ᠬᠤᠭᠤᠴᠠᠭᠠᠨ ᠳᠤ ᠣᠷᠣᠰᠢᠵᠤ᠂ ᠭᠠᠮᠰᠢᠭ ᠡᠭᠦᠰᠬᠦ ᠬᠦᠴᠦᠨ ᠵᠦᠢᠯ ᠨᠡᠮᠡᠭᠳᠡᠵᠦ᠂ ᠠᠮᠤᠷ ᠲᠦᠪᠰᠢᠨ ᠤ ᠪᠠᠶᠢᠳᠠᠯ ᠬᠦᠨᠳᠦ ᠬᠡᠴᠡᠭᠦᠦ ᠪᠥᠭᠡᠳ ᠪᠤᠳᠤᠯᠢᠶᠠᠨᠲᠠᠶ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠠᠯᠠᠭᠤᠯᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠶ ᠪᠠ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠭ ᠪᠣᠳᠠᠲᠠᠶ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠡᠭᠦᠷᠭᠡ ᠶᠢ ᠪᠣᠳᠠᠲᠠᠶ ᠨᠢᠭᠡᠴᠢ ᠪᠠ ᠠᠵᠢᠯᠲᠠᠨ ᠳᠤ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ       ︽ᠭᠤᠷᠪᠠ ᠶᠢ ᠵᠠᠪᠠᠯ ᠬᠠᠮᠢᠶᠠᠷᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠠᠵᠢᠯ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ︽ᠭᠠᠪᠰᠢᠭᠠᠢ ᠬᠥᠮᠦᠨ︾᠎ ᠢ ᠪᠤᠶᠢᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠢ ᠡᠳᠦᠷ ᠲᠤᠲᠤᠮ ᠤᠨ ᠲᠤᠬᠠᠶᠢᠯᠠᠭᠰᠠᠨ ᠠᠵᠢᠯ ᠳᠤ ᠣᠷᠣᠭᠤᠯᠵᠤ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠪᠠᠶᠢᠴᠠᠭᠠᠬᠤ ᠬᠡᠷᠡᠭᠲᠡᠶ᠃ ᠮᠦᠨᠴᠤ ᠨᠡᠶᠢᠭᠡᠮ ᠤᠨ ᠨᠢᠭᠡᠴᠡ ᠶᠢ ᠰᠢᠮᠳᠠᠭᠤᠯᠵᠤ ᠪᠠᠶᠢᠭᠠᠳ ︽ᠳᠥᠷᠪᠡᠨ ᠴᠢᠳᠠᠪᠤᠷᠢ︾᠎ ᠶᠢᠨ ᠪᠠᠶᠢᠭᠤᠯᠤᠯᠲᠠ ᠪᠠ ︽ᠨᠢᠭᠡ ᠶᠢ ᠮᠡᠳᠡᠬᠦ ᠭᠤᠷᠪᠠᠨ ᠬᠤᠷᠠᠯ︾᠎ ᠢ ᠲᠦᠭᠡᠮᠡᠯᠵᠢᠭᠦᠯᠬᠦ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ᠂ ᠭᠠᠯ ᠤᠨᠲᠠᠷᠠᠭᠠᠬᠤ ᠤᠬᠠᠭᠤᠯᠭ᠎ᠠ᠂ ᠲᠠᠷᠬᠠᠭᠠᠬᠤ ᠰᠣᠷᠢᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠪᠠᠨ ᠥᠪᠡᠰᠦᠪᠡᠨ ᠪᠠᠶᠢᠴᠠᠭᠠᠬᠤ ᠶᠢ ᠪᠣᠳᠠᠲᠠᠶᠢᠵᠢᠭᠤᠯᠬᠤ᠂ ᠳᠠᠯᠳᠠ ᠬᠡᠮ ᠢ ᠥᠪᠡᠰᠦᠪᠡᠨ ᠠᠷᠢᠯᠭᠠᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠶᠠᠷ᠂ ᠦᠨᠡᠨᠬᠦ‍ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠳᠲᠡᠷ ᠲᠦᠷᠭᠡᠨ ᠥᠷᠨᠢᠭᠦᠯᠬᠦ ᠬᠡᠷᠡᠭᠲᠡᠶ      ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠳ ᠭᠠᠯ ᠤᠨ ᠠᠶᠤᠯ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠡᠪᠦᠯ ᠬᠠᠪᠤᠷ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠶᠢ ᠭᠦᠨᠵᠡᠭᠡᠶ ᠠᠬᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠨᠣᠴᠣᠮᠠᠲᠠᠭᠠᠶ ᠰᠢᠲᠠᠯᠲᠠ ᠶᠢᠨ ᠮᠠᠲ᠋ᠧᠷᠢᠶᠠᠯ ᠢ ᠲᠣᠭᠲᠠᠭᠠᠯ ᠠᠴᠠ ᠵᠥᠷᠢᠴᠡᠨ ᠬᠡᠷᠡᠭᠯᠡᠬᠦ᠂ ᠲᠣᠭᠲᠠᠭᠠᠯ ᠠᠴᠠ ᠵᠥᠷᠢᠴᠡᠨ ᠭᠠᠯ ᠭᠠᠩᠨᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠲᠡᠶ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ︽ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ︾᠎ ᠶᠢᠨ ᠲᠤᠭᠲᠠᠭᠠᠯ ᠠᠴᠠ ᠵᠥᠷᠢᠴᠡᠭᠰᠡᠨ ᠲᠡᠷᠭᠡ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠳᠭᠠᠨ᠎ᠠ᠃ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠳ ᠣᠳᠣᠨ ᠲᠠᠰ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ ᠤᠨ ᠵᠠᠬ᠎ᠠ ᠳᠡᠯᠭᠡᠭᠦᠷ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠲᠠᠯᠠᠪᠤᠷ ᠭᠠᠵᠠᠷ᠂ ᠦᠵᠡᠮᠵᠢ ᠶᠢᠨ ᠣᠷᠣᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠡ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠶ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂ ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠷᠠᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠰᠤᠷᠤᠭᠴᠢᠳ ᠤᠨ ᠪᠠᠶᠢᠷᠢ᠂ ᠬᠤᠭᠤᠯᠠᠨ ᠭᠡᠷ᠂ ᠰᠢᠲᠠᠮᠠᠬᠠᠢ ᠬᠡᠢ ᠶᠢᠨ ᠲᠥᠬᠦᠭᠡᠷᠦᠮᠵᠢ᠂ ᠴᠠᠬᠢᠯᠭᠠᠨ ᠬᠠᠩᠭᠠᠬᠤ ᠲᠥᠬᠦᠭᠡᠷᠦᠮᠵᠢ ᠵᠡᠷᠭᠡ ᠬᠦᠮᠦᠰ ᠬᠤᠷᠠᠨ ᠴᠤᠭᠯᠠᠷᠠᠭᠰᠠᠨ ᠲᠠᠯᠠᠪᠤᠷ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠠᠳᠡᠯ ᠭᠠᠷᠴᠤ ᠮᠡᠳᠡᠬᠦ ᠲᠠᠯᠠᠪᠤᠷ ᠭᠠᠵᠠᠷ ᠲᠤ ᠭᠤᠣᠯᠳᠠᠯᠭ᠎ᠠ ᠲᠠᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠰᠤᠷᠭᠠᠭᠤᠯᠢ ᠶᠢ ᠰᠢᠮᠳᠠᠭᠤᠯᠤᠨ ᠭᠠᠯ ᠤᠨᠲᠠᠷᠠᠭᠠᠬᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠳᠦᠷᠢᠮ ᠢ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠬᠤ ᠰᠣᠷᠢᠯᠲᠠ ᠶᠢ ᠰᠠᠶᠢᠲᠤᠷ ᠥᠷᠨᠢᠭᠦᠯᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠵᠣᠴᠢᠳ ᠤᠨ ᠪᠠᠭᠤᠳᠠᠯ᠂ ᠡᠮᠨᠡᠯᠭᠡ ᠶᠢᠨ ᠬᠤᠷᠢᠶ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠠᠰᠠᠬᠤ ᠠᠵᠢᠯ ᠢ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠦᠷᠢᠮ ᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠢᠯᠠᠩᠭᠤᠶ᠎ᠠ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠤᠳ ᠨᠣᠴᠣᠮᠠᠲᠠᠭᠠᠶ ᠳᠡᠯᠪᠡᠷᠡᠮᠡᠲᠡᠭᠡᠶ ᠨᠢᠭᠡᠴᠡ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠨᠣᠴᠣᠮᠠᠲᠠᠭᠠᠶ ᠲᠡᠰᠦᠷᠡᠮᠡᠲᠡᠭᠡᠶ ᠠᠶᠤᠯᠲᠠᠶ ᠡᠳ᠋ ᠢ ᠦᠢᠯᠡᠳᠪᠦᠷᠢᠯᠡᠬᠦ᠂ ᠬᠠᠳᠠᠭᠠᠯᠠᠬᠤ᠂ ᠡᠵᠡᠩᠨᠡᠬᠦ ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠷᠢᠨ ᠪᠦᠲᠦᠨ ᠪᠥᠭᠡᠳ ᠪᠦᠲᠦᠮᠵᠢᠲᠡᠶ ᠵᠡᠷᠭᠡ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠶ ᠳᠤᠨᠢ ᠰᠢᠮᠳᠠᠭᠤᠯᠤᠨ ᠠᠷᠢᠯᠭᠠᠬᠤ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠠᠷᠬᠠᠭᠠᠬᠤ ᠵᠠᠮ ᠪᠠ ᠠᠮᠤᠷ ᠲᠦᠪᠰᠢᠨ ᠭᠠᠷᠬᠤ ᠡᠭᠦᠳᠡ ᠶᠢ ᠬᠠᠭᠠᠭᠰᠠᠨ ᠡᠰᠡᠬᠦ᠂ ᠪᠥᠭᠯᠡᠷᠡᠭᠰᠡᠨ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠶᠢ ᠡᠪᠳᠡᠵᠦ ᠬᠡᠷᠡᠭᠯᠡᠭᠰᠡᠨ ᠡᠰᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ᠂ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠡᠰᠡᠬᠦ ᠵᠡᠷᠭᠡ ᠲᠣᠪᠤᠶᠢᠮ᠎ᠠ ᠲᠦᠭᠰᠢᠭᠦᠷᠢ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠪᠡᠯᠡᠳᠬᠡᠯ ᠲᠥᠰᠦᠯ ᠢ ᠵᠢᠯᠣᠭᠤᠳᠤᠨ ᠰᠢᠮᠳᠠᠭᠤᠯᠵᠤ ᠲᠡᠭᠦᠯᠳᠡᠷᠵᠢᠭᠦᠯᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠤᠭᠤᠳ ᠡᠯ᠎ᠡ ᠲᠣᠮᠢᠯᠠᠭᠰᠠᠨ ᠰᠠᠯᠪᠤᠷᠢ ᠶᠢ ᠰᠢᠮᠳᠠᠭᠤᠯᠵᠤ ᠪᠠᠶᠢᠭᠠᠳ ︽ᠣᠯᠠᠨ ᠢᠶᠠᠷ ᠢᠶᠠᠨ ᠭᠡᠷ ᠲᠦᠷᠢᠶᠡᠰᠦᠯᠡᠭᠦᠯᠬᠦ︾᠂       ︽ᠣᠯᠠᠨ ᠢ ᠨᠢᠭᠡᠳᠬᠡᠬᠦ︾᠂ ︽ᠶᠢᠰᠦᠨ ᠪᠠᠭ᠎ᠠ ᠭᠠᠵᠠᠷ ᠲᠠᠯᠠᠪᠤᠷ︾ ᠵᠡᠷᠭᠡ ᠨᠢᠭᠡᠴᠡ ᠶᠢᠨ ᠭᠠᠵᠠᠷ ᠲᠠᠯᠠᠪᠤᠷ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠶᠢᠴᠠᠭᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠭᠠᠴᠠᠭ᠎ᠠ ︵ᠨᠡᠶᠢᠭᠡᠮ ᠲᠣᠭᠤᠷᠢᠭ︶᠎ ᠤ ᠰᠠᠭᠤᠭᠠᠯᠢ ᠠᠷᠠᠳ ᠤᠨ ᠵᠥᠪᠯᠡᠯ ᠤᠨ ᠦᠨᠳᠦᠰᠦᠨ ᠱᠠᠲᠤᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠠᠵᠤ ᠦᠢᠯᠡᠳᠪᠦᠷᠢ ᠠᠷᠠᠯᠵᠢᠶᠠᠨ ᠤ ᠰᠠᠯᠠᠭ᠎ᠠ ᠮᠥᠴᠢᠷ ︵ᠡᠪᠯᠡᠯ ᠤᠨ ᠬᠤᠷᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ︶᠎ ᠨᠢ ᠲᠣᠮᠣ ᠬᠡᠯᠪᠡᠷᠢ ᠶᠢᠨ ᠬᠤᠳᠠᠯᠳᠤᠭᠠᠨ ᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ︵ᠭᠦᠩ ᠴᠢᠩ ᠭᠠᠳᠠᠭᠠᠳᠤ ᠠᠷᠠᠯᠵᠢᠶᠠᠨ ᠤ ᠵᠠᠬ᠎ᠠ ᠳᠡᠯᠭᠡᠭᠦᠷ︶᠎ ᠶᠢᠨ ᠪᠠᠶᠢᠴᠠᠭᠠᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠨᠢᠭᠡᠴᠡ ᠶᠢ ᠰᠢᠮᠳᠠᠭᠤᠯᠵᠤ ᠪᠠᠶᠢᠭᠠᠳ ᠲᠦᠷ ᠴᠠᠭ ᠤᠨ ᠳᠡᠯᠭᠡᠨ ᠦᠵᠡᠭᠦᠯᠬᠦ ᠶᠢ ᠵᠢᠷᠤᠮᠵᠢᠭᠤᠯᠤᠨ᠂ ᠲᠤᠬᠠᠶ ᠶᠢᠨ ᠭᠠᠵᠠᠷ ᠲᠤᠨᠢ ᠬᠠᠷᠠᠵᠤ ᠬᠠᠮᠠᠭᠠᠯᠠᠬᠤ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤ ᠭᠠᠯ ᠰᠡᠷᠭᠡᠶᠢᠯᠡᠬᠦ ᠪᠠᠶᠢᠴᠠᠭᠠᠯᠲᠠ ᠪᠠ ᠬᠡᠷ ᠪᠦᠯᠢ ᠶᠢᠨ ᠭᠠᠯ ᠤᠨ ᠠᠶᠤᠯ ᠢ ᠰᠡᠷᠭᠡᠶᠢᠯᠡᠬᠦ ᠤᠬᠠᠭᠤᠯᠭ᠎ᠠ ᠶᠢᠨ ᠰᠠᠨᠠᠭᠤᠯᠤᠮᠵᠢ ᠪᠠᠨ ᠴᠢᠩᠭᠠᠳᠬᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠭᠠᠯ ᠤᠨ ᠠᠶᠤᠯ ᠡᠭᠦᠰᠬᠦ ᠬᠠᠨᠳᠤᠰᠢ ᠶᠢ ᠡᠷᠡᠰ ᠬᠤᠷᠢᠭᠯᠠᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠴᠠᠭᠠᠨ ᠰᠠᠷ᠎ᠠ᠂ ᠥᠯᠵᠡᠶᠢᠲᠦ ᠡᠳᠦᠷ ᠵᠡᠷᠭᠡ ᠴᠢᠬᠤᠯᠠ ᠴᠠᠭ ᠮᠥᠴᠡ ᠳᠤ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠴᠠᠭ ᠬᠤᠭᠤᠴᠠᠭᠠᠨ ᠳᠤ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠫᠤᠤᠵᠢᠩ ᠲᠠᠯᠪᠢᠬᠤ ᠶᠢ ᠬᠠᠮᠢᠶᠠᠷᠤᠨ ᠡᠵᠡᠮᠳᠡᠬᠦ ᠪᠠᠨ ᠴᠢᠩᠭᠠᠷᠠᠭᠤᠯᠤᠨ᠂ ᠫᠤᠤᠵᠢᠩ ᠲᠠᠯᠪᠢᠬᠤ ᠣᠷᠣᠨ ᠪᠦᠰᠡ ᠶᠢ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠦᠨ ᠬᠤᠷᠢᠭᠯᠠᠵᠤ᠂ ᠬᠢᠷᠢ ᠬᠡᠮ ᠥᠬᠡᠶ ᠨᠢᠭᠡᠴᠡ ᠪᠠ ᠠᠵᠢᠯᠲᠠᠨ ᠬᠤᠸᠠᠷ ᠫᠤᠤᠵᠢᠩ ᠲᠠᠯᠪᠢᠬᠤ ᠠᠵᠢᠯ ᠬᠢᠬᠦ ᠶᠢ ᠴᠢᠩᠭ᠎ᠠ ᠴᠠᠭᠠᠵᠠᠯᠠᠨ᠎ᠠ᠃      ᠭᠤᠷᠪᠠ᠂ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠮᠡᠳᠡᠯᠭᠡ ᠶᠢ ᠶᠡᠬᠡᠪᠡᠷ ᠲᠦᠭᠡᠮᠡᠯᠵᠢᠭᠦᠯᠬᠦ ᠬᠡᠷᠡᠭᠲᠡᠶ      ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠣᠶᠢᠷ᠎ᠠ ᠶᠢᠨ ᠬᠤᠭᠤᠴᠠᠭᠠᠨ ᠤ ᠨᠡᠶᠢᠲᠡᠯᠢᠭ ᠭᠠᠯ ᠤᠨ ᠭᠠᠮᠰᠢᠭ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠭᠠᠯ ᠭᠠᠷᠤᠭᠰᠠᠨ ᠰᠢᠯᠲᠠᠭᠠᠨ ᠢ ᠵᠠᠳᠠᠯᠤᠨ᠂ ᠠᠳᠡᠯ ᠤᠨ ᠰᠤᠷᠭᠠᠮᠵᠢ ᠶᠢ ᠲᠠᠶᠢᠯᠪᠤᠷᠢᠯᠠᠵᠤ᠂ ᠠᠵᠤ ᠠᠬᠤᠶᠢᠯᠠᠯ ᠢ ᠰᠡᠷᠡᠮᠵᠢᠯᠡᠭᠦᠯᠦᠨ᠂ ᠣᠯᠠᠨ ᠲᠦᠮᠡᠨ ᠢ ᠰᠤᠷᠭᠠᠨ ᠬᠥᠮᠦᠵᠢᠭᠦᠯᠬᠦ ᠬᠡᠷᠡᠭᠲᠡᠶ᠃ ᠲᠤᠰ ᠭᠠᠵᠠᠷ ᠣᠷᠣᠨ᠂ ᠲᠤᠰ ᠠᠵᠢᠯ ᠲᠥᠷᠥᠯ ᠤᠨ ᠣᠨᠴᠠᠯᠢᠭ ᠤᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ᠂ ᠣᠯᠠᠨ ᠠᠷᠭ᠎ᠠ ᠵᠠᠮ ᠢᠶᠠᠷ ᠥᠷᠨᠢᠭᠦᠯᠵᠦ᠂ ᠸᠢᠴᠠᠲ᠂ ᠲᠢᠺ ᠲᠤᠺ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠠᠷᠠᠳ ᠣᠯᠠᠨ ᠤ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠬᠠᠤᠯᠢ ᠳᠦᠷᠢᠮ ᠤᠨ ᠦᠵᠡᠯᠲᠡ ᠶᠢ ᠴᠢᠩᠭᠠᠳᠬᠠᠵᠤ᠂ ᠠᠮᠤᠷ ᠲᠦᠪᠰᠢᠨ ᠢᠶᠠᠷ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠶᠡᠷᠦ ᠶᠢᠨ ᠮᠡᠳᠡᠯᠭᠡ ᠶᠢ ᠶᠡᠬᠡᠪᠡᠷ ᠲᠦᠭᠡᠮᠡᠯᠵᠢᠭᠦᠯᠦᠨ᠂ ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠪᠦᠬᠦ ᠠᠵᠢᠯᠲᠠᠨ ᠢᠯᠠᠩᠭᠤᠶ᠎ᠠ ᠰᠢᠨ᠎ᠡ ᠠᠵᠢᠯᠲᠠᠨ ᠠᠵᠢᠯᠴᠢᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠣᠯᠪᠠᠰᠤᠷᠠᠭᠤᠯᠤᠯ ᠪᠣᠯᠤᠨ ᠠᠵᠢᠯ ᠤᠨ ᠪᠠᠶᠢᠷᠢ ᠶᠢᠨ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠭᠠᠯ ᠤᠨ ᠠᠶᠤᠯ ᠤᠨ ᠲᠦᠭᠰᠢᠭᠦᠷᠢ ᠶᠢ ᠰᠠᠶᠢᠨ ᠮᠡᠳᠡᠵᠦ᠂ ᠠᠮᠢ ᠵᠢᠭᠤᠲᠠᠬᠤ ᠵᠠᠮ ᠱᠤᠭᠤᠮ ᠢ ᠰᠠᠶᠢᠨ ᠣᠶᠢᠯᠠᠭᠠᠭᠤᠯᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠪᠣᠯᠪᠠᠰᠤᠷᠠᠩᠭᠤᠶ ᠬᠡᠷᠡᠭᠯᠡᠭᠦᠯᠵᠦ᠂ ᠠᠵᠢᠯᠲᠠᠨ ᠠᠵᠢᠯᠴᠢᠨ ᠤ ᠭᠠᠯ ᠤᠨ ᠠᠶᠤᠯ ᠤᠨ ᠳᠠᠯᠳᠠ ᠭᠡᠮ ᠢ ᠪᠠᠶᠢᠴᠠᠭᠠᠨ ᠠᠷᠢᠯᠭᠠᠬᠤ ᠪᠠ ᠭᠠᠯ ᠤᠨ ᠠᠶᠤᠯ ᠤᠨ ᠲᠦᠭᠰᠢᠭᠦᠷᠢ ᠶᠢᠨ ᠪᠠᠶᠢᠳᠠᠯ ᠢ ᠲᠡᠷᠡ ᠳᠠᠷᠤᠶ ᠳᠤᠨᠢ ᠤᠷᠢᠳᠠᠪᠠᠷ ᠰᠢᠢᠳᠪᠦᠷᠢᠯᠡᠵᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ︽ᠲᠠᠪᠤ ᠶᠢ ᠣᠷᠣᠭᠤᠯᠬᠤ︾ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ ᠠᠮᠤᠷ ᠲᠦᠪᠰᠢᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠮᠡᠳᠡᠯᠭᠡ ᠶᠢ ᠪᠦᠬᠦ ᠲᠠᠯ᠎ᠠ ᠪᠠᠷ ᠤᠬᠠᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ       ᠠᠷᠢᠯᠭᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠠᠵᠤ ᠠᠬᠤᠢ ᠨᠡᠶᠢᠭᠡᠮ ᠤᠨ ᠲᠣᠭᠲᠠᠭᠤᠨ ᠢ ᠡᠷᠡᠰ ᠪᠠᠲᠤᠯᠠᠬᠤ ᠬᠡᠷᠡᠭᠲᠡᠢ᠃      ᠳᠥᠷᠪᠡ᠂ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ       ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ ᠡᠭᠡᠯᠵᠢ ᠳᠠᠭᠠᠭᠤᠯᠬᠤ᠂ ᠴᠢᠬᠤᠯᠠ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠭᠠᠯ ᠤᠨ ᠠᠶᠤᠯ ᠤᠨ ᠲᠦᠭᠰᠢᠭᠦᠷᠢ ᠭᠠᠷᠪᠠᠯ ᠴᠠᠭ ᠲᠤᠬᠠᠶ ᠳᠤᠨᠢ ᠮᠡᠳᠡᠭᠦᠯᠵᠦ᠂ ᠪᠠᠴᠢᠮ ᠪᠠᠶᠢᠳᠠᠯ ᠢ ᠠᠷᠭᠠᠴᠠᠨ ᠳᠠᠭᠠᠬᠤ ᠠᠵᠢᠯ ᠢ ᠴᠠᠭ ᠲᠤᠨᠢ ᠳᠣᠭᠢᠷᠠᠭᠤᠯᠤᠨ ᠡᠬᠢᠯᠡᠭᠦᠯᠬᠦ ᠬᠡᠷᠡᠭᠲᠡᠶ᠃ ᠬᠠᠷᠢᠶᠠᠲᠤ ᠣᠷᠣᠨ ᠤ ᠠᠶᠤᠯ ᠲᠦᠭᠰᠢᠭᠦᠷᠢ ᠶᠡᠬᠡᠲᠡᠶ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠵᠤ ᠰᠢᠢᠳᠪᠦᠷᠢᠯᠡᠬᠦ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠨᠳᠤᠯᠭᠠᠲᠤ ᠴᠢᠨᠠᠷᠲᠠᠶ ᠪᠣᠯᠪᠠᠰᠤᠷᠠᠯ ᠢ ᠥᠷᠨᠢᠭᠦᠯᠵᠦ᠂ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠬᠠᠷᠢᠶ᠎ᠠ ᠣᠷᠣᠨ ᠤ ᠠᠵᠤ ᠠᠬᠤᠶᠢᠯᠠᠯ ᠢ ᠵᠢᠯᠣᠭᠤᠳᠤᠨ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠡᠩᠨᠡᠭᠡ ᠶᠢ ᠪᠠᠶᠢᠭᠤᠯᠵᠤ᠂ ᠠᠵᠢᠯᠲᠠᠨ ᠪᠠ ᠪᠠᠭᠠᠵᠢ ᠬᠡᠷᠡᠭᠰᠡᠯ ᠲᠣᠨᠤᠭ ᠲᠥᠬᠦᠭᠡᠷᠦᠮᠵᠢ ᠶᠢ ᠳᠣᠭᠢᠷᠠᠭᠤᠯᠤᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠵᠤ᠂ ᠪᠣᠯᠪᠠᠰᠤᠷᠠᠯ ᠰᠣᠷᠢᠯᠲᠠ ᠶᠢ ᠴᠢᠩᠭᠠᠳᠬᠠᠨ᠂ ᠭᠠᠯ ᠤᠨ ᠠᠶᠤᠯ ᠭᠠᠷᠤᠮᠠᠭᠴᠠ ᠲᠦᠷᠭᠡᠨ ᠠᠮᠤᠷ ᠲᠦᠪᠰᠢᠨ ᠢᠶᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃                                                                                                                                                                                 2024 ᠣᠨ ᠤ 1 ᠰᠠᠷ᠎ᠠ ᠶᠢᠨ 25᠎ ᠤ ᠡᠳᠦᠷ
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号