ᠡᠵᠡᠨ᠎ᠡ ᠬᠤᠰᠢᠭᠤᠨ ᠤ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠬᠤᠶᠠᠷ ᠲᠥᠭᠡᠷᠢᠭᠰᠡᠨ ᠬᠦᠮᠦᠨ ᠢ ᠠᠮᠵᠢᠯᠲᠠ ᠲᠠᠢ ᠪᠠᠷ ᠡᠷᠢᠵᠦ ᠣᠯᠪᠠ
ᠨᠡᠶᠢᠲᠡᠯᠡᠭᠰᠡᠨ ᠴᠠᠭ᠄
2024/2/26
      2 ᠰᠠᠷ᠎ᠠ ᠶᠢᠨ 20᠎ ᠤ ᠡᠳᠦᠷ᠂ ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠮᠠᠽᠦ᠋ᠩᠱᠠᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠭᠤᠪᠢ ᠶᠢᠨ ᠴᠦᠯ ᠠᠴᠠ ᠬᠤᠶᠠᠷ ᠲᠥᠭᠡᠷᠢᠭᠰᠡᠨ ᠬᠦᠮᠦᠨ ᠢ ᠠᠮᠵᠢᠯᠲᠠ ᠲᠠᠢ ᠪᠠᠷ ᠡᠷᠢᠵᠦ ᠣᠯᠪᠠ᠃      18᠎ ᠤ ᠡᠳᠦᠷ ᠤᠨ 21 ᠴᠠᠭ ᠤᠨ ᠦᠶ᠎ᠡ ᠪᠠᠷ᠂ ᠮᠠᠽᠦ᠋ᠩᠱᠠᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠢᠨ ᠮᠠᠽᠦ᠋ᠩᠱᠠᠨ ᠰᠤᠮᠤᠨ ᠤ ᠬᠤᠶᠠᠷ ᠬᠦᠮᠦᠨ ᠬᠤᠯᠪᠤᠭ᠎ᠠ ᠲᠠᠰᠤᠷᠠᠭᠰᠠᠨ ᠮᠡᠳᠡᠭᠦᠯᠦᠯᠳᠡ ᠶᠢᠨ ᠤᠳᠠᠰᠤ ᠶᠢ       ᠲᠣᠰᠣᠮᠠᠭᠴᠠ᠂ ᠲᠡᠷᠡ ᠲᠠᠷᠦᠢ ᠳᠤ ᠨᠢ ᠠᠷᠠᠳ ᠤᠨ ᠴᠠᠭᠳᠠᠭ᠎ᠠ ᠶᠢ ᠲᠤᠮᠢᠯᠠᠵᠤ ᠲᠤᠬᠠᠢ ᠶᠢᠨ ᠭᠠᠵᠠᠷ ᠤᠨ ᠣᠯᠠᠨ ᠲᠦᠮᠡᠨ ᠲᠠᠢ ᠳᠠᠷᠤᠶᠢᠬᠠᠨ ᠡᠷᠢᠯᠲᠡ ᠬᠢᠵᠦ ᠡᠬᠢᠯᠡᠪᠡ᠃      ᠣᠶᠢᠷ᠎ᠠ ᠶᠢᠨ ᠡᠳᠦᠷ ᠤᠳ ᠲᠤ᠂ ᠮᠠᠨ ᠤ ᠬᠤᠰᠢᠭᠤᠨ ᠳᠤ ᠡᠯᠡᠰᠦᠨ ᠰᠢᠭᠤᠷᠭ᠎ᠠ ᠲᠡᠭᠳᠡᠨ ᠴᠠᠰᠤ ᠤᠷᠤᠵᠤ᠂ ᠮᠠᠽᠦ᠋ᠩᠱᠠᠨ ᠰᠤᠮᠤ ᠨᠢ ᠪᠤᠶᠢᠳᠠ ᠪᠦᠭᠯᠡᠬᠦᠤ ᠭᠠᠵᠠᠷ ᠤᠷᠤᠨ ᠳᠤ ᠪᠠᠶᠢᠷᠢᠯᠠᠳᠠᠭ ᠪᠤᠯᠬᠤ ᠪᠠᠷ ᠴᠢᠮᠡᠭᠡ ᠬᠤᠯᠪᠣᠭᠠᠨ ᠤ ᠲᠠᠯ᠎ᠠ ᠪᠠᠷ ᠠᠨᠠᠢ ᠪᠠᠶᠢᠵᠤ᠂  ᠡᠯ᠎ᠡ ᠵᠦᠢᠯ ᠤᠨ ᠠᠰᠢᠭ ᠦᠭᠡᠢ ᠬᠦᠴᠦᠨ ᠵᠦᠢᠯ ᠨᠢ ᠡᠷᠢᠵᠦ ᠠᠪᠤᠷᠠᠬᠤ ᠠᠵᠢᠯᠯᠠᠭ᠎ᠠ ᠳᠤ ᠤᠯᠠᠮ ᠶᠡᠭᠡ ᠬᠦᠴᠢᠷᠳᠡᠯ ᠢ ᠤᠴᠠᠷᠠᠭᠤᠯᠵᠠᠢ᠃ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠴᠠᠭ ᠮᠥᠴᠡ ᠶᠢ ᠠᠯᠳᠠᠯ ᠦᠭᠡᠢ ᠪᠠᠷ ᠬᠠᠷᠢᠶᠠᠳᠤ ᠣᠷᠣᠨ ᠤ ᠠᠵᠤ ᠠᠬᠤᠶᠢᠯᠠᠯ ᠪᠠ ᠡᠯ᠎ᠡ ᠵᠠᠮ ᠤᠨ ᠠᠭᠤᠯᠵᠠᠷ ᠤᠨ ᠬᠢᠨᠠᠨ ᠡᠵᠡᠮᠳᠡᠯ ᠢ ᠪᠠᠶᠢᠴᠠᠭᠠᠨ ᠦᠵᠡᠬᠦ ᠪᠠᠷ ᠳᠡᠮᠵᠢᠨ᠂ ᠲᠡᠳᠡᠨ ᠤ ᠬᠠᠮᠤᠭ ᠡᠴᠦᠰ ᠤᠨ ᠲᠥᠭᠡᠷᠢᠭᠰᠡᠨ ᠴᠢᠭᠯᠡᠯ ᠢ ᠲᠣᠭᠲᠠᠭᠠᠭᠰᠠᠨ ᠪᠥᠭᠡᠳ ᠰᠤᠮᠤᠨ ᠤ ᠵᠠᠰᠠᠭ ᠤᠨ ᠣᠷᠳᠣᠨ ᠤ ᠠᠵᠢᠯᠳᠠᠨ ᠪᠤᠯᠤᠨ ᠬᠠᠷᠢᠶᠠᠳᠤ ᠣᠷᠣᠨ ᠤ ᠬᠢᠯᠢ ᠬᠠᠮᠠᠭᠠᠯᠠᠭᠴᠢ ᠶᠢ ᠳᠠᠶᠢᠴᠢᠯᠠᠨ ᠡᠷᠢᠵᠤ ᠠᠪᠤᠷᠠᠬᠤ ᠠᠵᠢᠯ ᠢᠶᠠᠨ ᠡᠬᠢᠯᠡᠬᠦᠯᠪᠡ᠃      ᠨᠢᠭᠡ ᠰᠥᠨᠢ ᠶᠢᠨ ᠡᠷᠢᠯᠲᠡ ᠪᠠᠷ ᠲᠠᠮᠵᠢᠨ ᠶᠠᠮᠠᠷ ᠴᠤ ᠤᠯᠠ ᠮᠥᠷ ᠣᠯᠳᠠᠭᠰᠠᠨ ᠦᠭᠡᠢ᠂ ᠣᠯᠠᠨ ᠤ ᠰᠡᠳᠬᠢᠯ ᠴᠥᠮ ᠬᠤᠶᠠᠷ ᠬᠥᠮᠥᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠶᠢᠳᠠᠯ ᠳᠤ ᠰᠠᠨᠠᠭᠠᠰᠢᠷᠠᠵᠤ᠂ ᠨᠡᠩ ᠣᠯᠠᠨ ᠰᠦᠪᠡᠭᠴᠢ ᠣᠯᠬᠤ ᠶᠢᠨ ᠲᠥᠯᠥᠭᠡ᠂ ᠠᠷᠠᠳ ᠤᠨ ᠴᠠᠭᠳᠠᠭ᠎ᠠ ᠬᠠᠷᠢᠶᠠᠳᠤ ᠣᠷᠣᠨ ᠤ ᠪᠠᠨ ᠡᠯ᠎ᠡ ᠠᠵᠢᠯ ᠤᠨ ᠸᠧᠴᠠᠲ ᠪᠣᠯᠣᠨ ᠲᠤᠬᠠᠢ ᠶᠢᠨ ᠭᠠᠵᠠᠷ ᠤᠨ ᠮᠠᠯᠴᠢᠳ ᠤᠨ ᠸᠧᠴᠠᠲ ᠳᠤ ᠬᠥᠮᠥᠨ ᠡᠷᠢᠬᠦ ᠵᠠᠷ ᠢ ᠢᠯᠡᠭᠡᠵᠦ᠂ ᠡᠷᠢᠵᠦ ᠠᠪᠤᠷᠠᠬᠤ ᠠᠩᠭᠢ ᠶᠢ ᠵᠣᠬᠢᠶᠠᠨ ᠪᠠᠶᠢᠭᠤᠯᠤᠨ ᠡᠷᠢᠬᠦ ᠬᠡᠪᠴᠢᠶ᠎ᠡ ᠪᠠᠨ ᠦᠷᠭᠡᠳᠬᠡᠵᠡᠢ᠃      ᠡᠷᠢᠯᠳᠡ ᠶᠢᠨ ᠬᠤᠭᠤᠴᠠᠭᠠᠨ ᠳᠤ ᠪᠠᠰᠠ ᠴᠠᠰᠤ ᠣᠷᠣᠵᠤ᠂ ᠨᠡᠯᠦᠭᠡᠷ ᠶᠡᠭᠡ ᠭᠤᠪᠢ ᠴᠠᠰᠤᠨ ᠳᠤ ᠬᠤᠴᠢᠭᠳᠠᠨ᠂ ᠲᠡᠭᠷᠢ ᠤᠯᠠᠮ ᠬᠦᠢᠳᠡᠷᠡᠵᠤ᠂ ᠴᠠᠰᠤᠨ ᠳᠤ ᠬᠤᠴᠢᠭᠳᠠᠭᠰᠠᠨ ᠭᠤᠪᠢ ᠳᠡᠭᠡᠷ᠎ᠡ ᠠᠴᠠ ᠲᠥᠭᠡᠷᠢᠭᠰᠡᠨ ᠬᠦᠮᠦᠨ ᠤ ᠤᠯᠠ ᠮᠥᠷ ᠢ ᠨᠡᠩ ᠠᠮᠠᠷᠬᠠᠨ ᠣᠯᠵᠤ ᠮᠡᠳᠡᠬᠦ ᠎ ᠶᠢ ᠡᠷᠢᠨ ᠠᠪᠤᠷᠠᠯᠳᠠ ᠶᠢᠨ ᠠᠵᠢᠯᠳᠠᠨ ᠰᠡᠷᠡᠵᠤ       ᠮᠡᠳᠡᠪᠡ᠃ 20᠎ ᠤ ᠡᠳᠦᠷ ᠤᠨ 12 ᠴᠠᠭ ᠤᠨ ᠦᠶ᠎ᠡ ᠪᠠᠷ᠂ ᠡᠷᠢᠵᠦ ᠠᠪᠤᠷᠠᠬᠤ ᠠᠵᠢᠯᠲᠠᠳ ᠵᠢᠶᠠ ᠾᠧᠢ ᠵᠠᠰᠠᠮᠠᠯ ᠵᠠᠮ ᠤᠨ 130 ᠺᠢᠯᠣᠮᠧᠲᠷ ᠵᠠᠶᠢᠲᠠᠢ ᠭᠠᠵᠠᠷ ᠲᠤ ᠰᠢᠨ᠎ᠡ ᠬᠥᠯ ᠤᠨ ᠮᠥᠷ ᠢ ᠣᠯᠵᠤ ᠦᠵᠡᠭᠡᠳ᠂ ᠡᠴᠦᠰ ᠲᠡᠭᠡᠨ ᠵᠠᠮ ᠤᠨ ᠬᠠᠵᠠᠭᠤ ᠠᠴᠠ 60 ᠺᠢᠯᠣᠮᠧᠲᠷ ᠵᠠᠶᠢᠲᠠᠢ ᠪᠠᠶᠢᠭ᠎ᠠ ᠡᠵᠡᠭᠦᠢ ᠭᠤᠪᠢ ᠳᠤ ᠲᠤᠰ ᠬᠤᠶᠠᠷ ᠲᠥᠭᠡᠷᠢᠭᠰᠡᠨ ᠬᠦᠮᠦᠨ ᠢ ᠡᠷᠢᠵᠤ ᠤᠯᠵᠡᠢ᠃      ᠲᠦᠭᠡᠷᠢᠭᠰᠡᠨ ᠬᠦᠮᠦᠨ᠄ ︽ᠪᠢᠳᠡ ᠬᠤᠶᠠᠷ ᠡᠵᠡᠭᠦᠢ ᠭᠤᠪᠢ ᠳᠤ ᠬᠤᠶᠠᠷ ᠡᠳᠦᠷ ᠬᠤᠶᠠᠷ ᠰᠥᠨᠢ ᠲᠥᠭᠡᠷᠢᠭᠡᠳ ᠥᠯᠥᠰᠴᠦ ᠤᠮᠳᠠᠭᠠᠰᠬᠤ ᠶᠢᠨ ᠵᠡᠷᠭᠡᠪᠡᠷ ᠭᠠᠷᠴᠤ ᠴᠢᠳᠠᠬᠤ ᠦᠭᠡᠢ ᠪᠤᠯᠤᠭᠰᠠᠨ᠂ ᠪᠠᠰᠠ ᠴᠠᠰᠤ ᠤᠷᠤᠵᠤ ᠰᠥᠨᠢ ᠨᠢ ᠣᠨᠴᠠᠭᠠᠶ ᠬᠦᠢᠲᠡᠨ᠂ ᠮᠠᠽᠦ᠋ᠩᠱᠠᠨ ᠬᠢᠯᠢ ᠶᠢᠨ ᠲᠤᠮᠢᠯᠠᠭᠰᠠᠨ ᠰᠠᠯᠪᠤᠷᠢ ᠶᠢᠨ ᠬᠢᠨ ᠪᠢᠳᠡᠨ ᠢ ᠠᠪᠤᠷᠠᠵᠤ ᠤᠯᠤᠭᠰᠠᠨ᠂ ᠲᠤᠬᠠᠢ ᠶᠢᠨ ᠦᠶ᠎ᠡ ᠳᠤ ᠰᠡᠳᠬᠢᠯ ᠳᠣᠭᠳᠣᠯᠤᠭᠠᠳ ᠨᠢᠯᠪᠤᠰᠤ ᠤᠨᠠᠭᠠᠯ᠎ᠠ ᠂ ᠲᠠᠨᠠᠷ ᠲᠤ ᠎ ᠪᠠᠨ ᠲᠦᠢᠯ ᠤᠨ ᠶᠡᠬᠡᠪᠡᠷ ᠲᠠᠯᠠᠷᠬᠠᠵᠤ ᠪᠠᠶᠢᠨ᠎ᠠ︾ ᠭᠡᠵᠦ ᠪᠠᠶᠢᠯ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号