ᠬᠠᠷ᠎ᠠ ᠪᠦᠷᠭᠦᠳ ᠤᠨ ᠠᠭᠤᠯᠠ ᠪᠠᠯᠭᠠᠰᠤ ᠨᠢ ᠲᠡᠮᠦᠷ ᠵᠠᠮ ᠤᠨ ᠲᠠᠭᠠᠤ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠨ ᠦᠵᠡᠵᠦ ᠴᠡᠭᠴᠡᠯᠡᠨ ᠵᠠᠰᠠᠬᠤ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2024/2/29
      ᠬᠠᠷᠢᠶᠠᠲᠤ ᠣᠷᠣᠨ ᠤ ᠪᠠᠨ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠲᠡᠮᠦᠷ ᠵᠠᠮ ᠳᠠᠭᠠᠤ ᠶᠢᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠨ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠬᠠᠷᠢᠶᠠᠲᠤ ᠣᠷᠣᠨ ᠤ ᠲᠡᠮᠦᠷ ᠵᠠᠮ ᠳᠠᠭᠠᠤ ᠶᠢᠨ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠦᠵᠡᠯᠲᠡ ᠪᠠ ᠲᠡᠮᠦᠷ ᠵᠠᠮ ᠢ ᠬᠠᠶᠢᠷᠠᠯᠠᠵᠤ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠶᠢᠨ ᠲᠦᠯᠦᠭᠡ᠂ 2 ᠰᠠᠷ᠎ᠠ ᠶᠢᠨ 21᠎ ᠤ ᠡᠳᠦᠷ ᠠᠴᠠ 26᠎ ᠤ ᠡᠳᠦᠷ ᠪᠣᠯᠲᠠᠯ᠎ᠠ᠂ ᠬᠠᠷ᠎ᠠ ᠪᠦᠷᠭᠦᠳ ᠎ ᠤᠨ ᠠᠭᠤᠯᠠ ᠪᠠᠯᠭᠠᠰᠤᠨ ᠤ ᠵᠠᠰᠠᠭ ᠤᠨ ᠣᠷᠳᠣᠨ ᠨᠢ ᠤᠯᠠᠭᠠᠬᠠᠭᠤᠯᠠ ᠭᠠᠴᠠᠭᠠᠨ ᠤ ᠵᠠᠮ ᠬᠠᠮᠠᠭᠠᠯᠠᠭᠴᠢ ᠪᠠ ᠴᠢᠯᠠᠭᠤᠨᠬᠤᠳᠳᠤᠭ ᠨᠡᠶᠢᠭᠡᠮ ᠲᠣᠭᠤᠷᠢᠭ ᠤᠨ ᠲᠣᠥᠷᠵᠢᠭᠤᠯᠤᠭᠴᠢ ᠲᠠᠢ ᠬᠠᠮᠲᠤᠷᠠᠨ ᠬᠠᠷᠢᠶᠠᠲᠤ ᠣᠷᠣᠨ ᠤ ᠯᠢᠨ ᠬᠠ ᠲᠡᠮᠦᠷ ᠵᠠᠮ ᠤᠨ ᠱᠤᠭᠤᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠢ  ᠪᠠᠶᠢᠴᠠᠭᠠᠨ ᠦᠵᠡᠵᠦ  ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃      ᠪᠠᠶᠢᠴᠠᠭᠠᠨ ᠦᠵᠡᠬᠦ ᠬᠤᠭᠤᠴᠠᠭᠠᠨ ᠳᠤ᠂ ᠠᠵᠢᠯᠯᠠᠬᠤ ᠳᠤᠭᠤᠶᠢᠯᠠᠩ ᠨᠢ ᠲᠡᠮᠦᠷ ᠵᠠᠮ ᠳᠠᠭᠠᠤ ᠶᠢᠨ ᠨᠦᠬᠡᠨ ᠵᠠᠮ᠂ ᠬᠥᠭᠦᠷᠭᠡ᠂ ᠲᠡᠮᠦᠷ ᠵᠠᠮ ᠤᠨ ᠬᠠᠮᠠᠭᠠᠯᠠᠯᠲᠠ ᠶᠢᠨ ᠬᠥᠲᠥᠯ ᠵᠡᠷᠭᠡ ᠶᠢ ᠨᠢᠭᠡᠳ ᠨᠢᠭᠡ ᠪᠠᠷ ᠰᠠᠶᠢᠲᠤᠷ ᠪᠠᠶᠢᠴᠠᠭᠠᠵᠤ᠂ ᠲᠡᠮᠦᠷ ᠵᠠᠮ ᠳᠠᠭᠠᠤ ᠶᠢᠨ ᠬᠠᠮᠠᠭᠠᠯᠠᠯᠲᠠ ᠶᠢᠨ ᠲᠣᠣᠷ᠂ ᠰᠡᠷᠡᠮᠵᠢ ᠶᠢᠨ ᠲᠡᠮᠳᠡᠭ ᠫᠠᠶᠢᠰᠠ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠬᠠᠮᠠᠭᠠᠯᠠᠯᠲᠠ ᠶᠢᠨ ᠲᠣᠣᠷ ᠳᠡᠭᠡᠷ᠎ᠡ ᠡᠯᠭᠦᠭᠰᠡᠨ  ᠬᠦᠪᠪᠦᠮᠡᠯ ᠪᠣᠳᠠᠰ ᠢ ᠲᠡᠭᠦᠵᠦ᠂ ᠡᠪᠳᠡᠷᠡᠵᠦ ᠰᠦᠢᠳᠦᠭᠰᠡᠨ ᠬᠦᠷᠢᠶ᠎ᠡ ᠬᠠᠰᠢᠶ᠎ᠠ ᠪᠠ ᠰᠡᠷᠡᠮᠵᠢ ᠶᠢᠨ ᠲᠡᠮᠳᠡᠭ ᠫᠠᠶᠢᠰᠠ ᠶᠢ ᠰᠡᠯᠪᠢᠨ ᠵᠠᠰᠠᠬᠤ ᠪᠠ ᠪᠠᠬᠢᠵᠢᠭᠦᠯᠵᠦ᠂ ᠬᠥᠮᠥᠨ᠂ ᠮᠠᠯ ᠤᠨᠤᠭ᠎ᠠ ᠶᠢᠨ ᠬᠠᠮᠠᠭᠠᠯᠠᠯᠲᠠ ᠶᠢᠨ ᠲᠣᠣᠷ ᠲᠤ ᠣᠷᠣᠵᠤ ᠲᠡᠮᠦᠷ ᠵᠠᠮ ᠢᠶᠠᠷ ᠥᠩᠭᠡᠷᠡᠬᠦ ᠶᠠᠪᠤᠳᠠᠯ ᠭᠠᠷᠬᠤ ᠠᠴᠠ ᠵᠠᠶᠢᠯᠠᠰᠬᠢᠨ᠎ᠠ᠃      ᠠᠵᠢᠯᠯᠠᠬᠤ ᠳᠤᠭᠤᠶᠢᠯᠠᠩ ᠤᠨ ᠬᠢᠨ ᠪᠠᠰᠠ ᠲᠡᠮᠦᠷ ᠵᠠᠮ ᠳᠠᠭᠠᠤ ᠶᠢᠨ ᠡᠷᠬᠢᠨ ᠲᠣᠭᠤᠷᠢᠨ ᠤ ᠠᠵᠤ ᠠᠬᠤᠶᠢᠯᠠᠯ ᠵᠢᠴᠢ ᠮᠠᠯᠴᠢᠨ ᠲᠦᠮᠡᠨ ᠤ ᠡᠷᠦᠬᠡ ᠳᠤ ᠬᠦᠷᠴᠦ ᠤᠬᠠᠭᠤᠯᠭ᠎ᠠ ᠬᠢᠵᠦ᠂ ᠵᠠᠮ ᠳᠠᠭᠠᠤ ᠶᠢᠨ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠤᠯᠠᠨ ᠲᠦᠮᠡᠨ ᠢᠶᠠᠷ ᠢᠶᠠᠨ ᠲᠡᠮᠦᠷ ᠵᠠᠮ ᠤᠨ ᠠᠮᠤᠷ ᠲᠦᠪᠰᠢᠨ ᠢ ᠴᠢᠬᠤᠯᠠᠴᠢᠯᠠᠬᠤ ᠬᠡᠮᠵᠢᠶ᠎ᠡ ᠶᠢ ᠨᠡᠮᠡᠭᠳᠡᠭᠦᠯᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠢ ᠤᠬᠠᠮᠰᠠᠷ ᠠᠴᠠ ᠪᠠᠨ ᠠᠮᠢᠳᠤᠷᠠᠯ ᠤᠨ ᠬᠤᠭ ᠨᠣᠪᠰᠢ ᠶᠢ ᠳᠤᠷ᠎ᠠ ᠪᠠᠷ ᠬᠠᠶᠠᠬᠤ ᠦᠭᠡᠢ᠂ ᠲᠡᠮᠦᠷ ᠵᠠᠮ ᠤᠨ ᠬᠠᠵᠠᠭᠤ ᠪᠠᠷ ᠨᠠᠭᠠᠳᠴᠤ ᠲᠤᠭᠯᠠᠬᠤ ᠦᠭᠡᠢ᠂ ᠣᠷᠴᠢᠨ ᠲᠣᠭᠤᠷᠢᠨ ᠢ ᠬᠠᠶᠢᠷᠠᠯᠠᠬᠤ᠂ ᠲᠡᠮᠦᠷ ᠵᠠᠮ ᠢ ᠬᠠᠶᠢᠷᠠᠯᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠬᠡᠷᠡᠭᠲᠡᠢ ᠭᠡᠵᠦ ᠤᠬᠠᠭᠤᠯᠪᠠ᠃      ᠲᠠᠷᠠᠭᠠᠴᠢ ᠶᠢᠨ ᠠᠯᠬᠤᠮ ᠳᠤ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠵᠠᠰᠠᠭ ᠤᠨ ᠣᠷᠳᠣᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠳᠠᠯᠳᠠ ᠬᠡᠮ ᠢ ᠠᠷᠢᠯᠭᠠᠨ᠂ ᠤᠬᠠᠭᠤᠯᠭ᠎ᠠ ᠪᠠᠨ ᠥᠷᠭᠡᠳᠬᠡᠵᠦ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃
 
ᠢᠷᠡᠯᠲᠡ᠄ ᠬᠠᠷ᠎ᠠ ᠪᠦᠷᠭᠦᠳ ᠤᠨ ᠠᠭᠤᠯᠠ ᠪᠠᠯᠭᠠᠰᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号