ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/29
      2 ᠰᠠᠷ᠎ᠠ ᠶᠢᠨ 27 ᠤ ᠡᠳᠦᠷ᠂ ᠪᠦᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠵᠤ᠂ 2023 ᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠪᠥᠬᠦ ᠲᠠᠯ᠎ᠠ ᠪᠠᠷ ᠳ᠋ᠦᠩᠨᠡᠨ᠂ 2024 ᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠳᠣᠶᠢᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠱᠦ ᠰᠢᠶᠠ ᠬᠤᠷᠠᠯ ᠳᠤ ᠣᠷᠣᠯᠴᠠᠵᠤ ᠶᠠᠷᠢᠶ᠎ᠠ  ᠲᠠᠯᠪᠢᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠦᠨ ᠱᠤᠤ ᠴᠧᠩ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠬᠤᠸᠠᠩ ᠶᠠ ᠯᠢ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ 2023 ᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠠᠶᠢᠮᠠᠭ ᠤᠨ ᠲᠡᠰ ᠠᠴᠠ ᠳᠡᠭᠡᠭᠰᠢᠬᠢ ᠱᠠᠩᠨᠠᠯ ᠭᠥᠷᠳᠡᠭᠰᠡᠨ ᠬᠠᠮᠲᠤ ᠨᠢᠭᠡᠴᠡ ᠪᠠ ᠬᠤᠪᠢ ᠬᠥᠮᠥᠨ ᠢ ᠵᠠᠷᠯᠠᠨ ᠮᠡᠳᠡᠭᠳᠡᠵᠤ᠂ ᠠᠶᠢᠮᠠᠭ ᠤᠨ ᠲᠡᠰ ᠠᠴᠠ ᠳᠡᠭᠡᠭᠰᠢᠬᠢ ᠱᠠᠩᠨᠠᠯ ᠭᠥᠷᠳᠡᠭᠰᠡᠨ 6 ᠬᠠᠮᠲᠤ ᠨᠢᠭᠡᠴᠡ ᠪᠠ ᠬᠤᠪᠢ ᠬᠥᠮᠥᠨ ᠤ ᠲᠥᠯᠥᠭᠡᠯᠡᠭᠴᠢ ᠠᠴᠠ ᠲᠤᠷᠰᠢᠯᠭ᠎ᠠ ᠪᠠᠨ ᠰᠣᠯᠢᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠬᠤ ᠳᠠᠭᠠᠨ᠂ 2023 ᠣᠨ ᠳᠤ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠦᠨᠡᠨ ᠪᠣᠳᠠᠲᠠᠢ ᠠᠵᠢᠯᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠨ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠬᠦᠯᠬᠦ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠡᠩᠭᠡ ᠠᠮᠤᠭᠤᠯᠠᠩ ᠡᠵᠡᠨ᠎ᠡ ᠶᠢᠨ ᠪᠦᠳᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠪᠠᠶᠢᠭᠤᠯᠤᠯᠲᠠ ᠶᠢ ᠬᠠᠮᠠᠭᠠᠯᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠡᠩᠭᠡ ᠠᠮᠤᠭᠤᠯᠠᠩ ᠡᠵᠡᠨ᠎ᠡ ᠶᠢᠨ ᠪᠦᠳᠦᠭᠡᠨ ᠪᠠᠶᠢᠭᠤᠯᠤᠯᠲᠠ᠂ ᠬᠠᠤᠯᠢᠵᠢᠯ ᠤᠨ ᠡᠵᠡᠨ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠬᠦᠯᠦᠨ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠲᠦᠷᠦᠯ ᠤᠨ ᠠᠵᠢᠯ ᠢ ᠲᠦᠯᠬᠢᠨ ᠠᠬᠢᠭᠤᠯᠬᠤ ᠳᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠤᠯᠤᠭᠰᠠᠨ ᠪᠠᠶᠢᠨ᠎ᠠ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ 2024 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠠᠶᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠪᠦᠭᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠠᠵᠢᠯ ᠤᠨ ᠭᠤᠣᠯ ᠱᠤᠭᠤᠮ ᠢᠶᠠᠨ ᠪᠤᠯᠭᠠᠨ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠰᠠᠭᠤᠷᠢᠯᠠᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠠᠴᠠ ᠲᠣᠳᠣᠷᠬᠠᠢ ᠲᠣᠭᠲᠠᠭᠠᠭᠰᠠᠨ ᠬᠠᠷᠠᠯᠲᠠ ᠡᠭᠦᠷᠭᠡ ᠶᠢ ᠴᠢᠩᠭ᠎ᠠ ᠠᠳᠬᠤᠨ᠂ ᠨᠠᠮ ᠤᠨ ᠤᠳᠤᠷᠢᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠲᠡᠮᠦᠷ ᠴᠡᠷᠢᠭ ᠢ ᠬᠦᠴᠦᠯᠡᠨ ᠪᠤᠯᠪᠠᠰᠤᠷᠠᠭᠤᠯᠬᠤ ᠬᠡᠷᠡᠭᠲᠠᠢ᠃ ᠮᠦᠨᠴᠤ ᠬᠤᠰᠢᠭᠤᠨ ᠤ ᠨᠠᠮ ᠤᠨ ᠬᠤᠷᠢᠶ᠎ᠠ ᠶᠢᠨ ᠭᠤᠣᠯ ᠶᠡᠭᠡ ᠲᠠᠯ᠎ᠠ ᠳᠤ ᠠᠩᠬᠠᠷᠤᠯ ᠢᠶᠠᠨ ᠲᠦᠪᠯᠡᠷᠡᠬᠦᠯᠦᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠳᠤ ᠠᠩᠬᠠᠷᠤᠯ ᠢᠶᠠᠨ ᠲᠦᠪᠯᠡᠷᠡᠬᠦᠯᠦᠨ᠂ ᠤᠯᠤᠰ ᠲᠥᠷᠥ ᠶᠢᠨ ᠠᠮᠤᠷ ᠲᠦᠪᠰᠢᠨ ᠪᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠦᠴᠦᠯᠡᠨ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠳᠤ ᠠᠩᠬᠠᠷᠤᠯ ᠢᠶᠠᠨ ᠲᠦᠪᠯᠡᠷᠡᠬᠦᠯᠦᠨ᠂ ᠨᠡᠩ ᠥᠨᠳᠥᠷ ᠲᠦᠪᠰᠢᠨ ᠪᠦᠬᠦᠢ ᠡᠩᠭᠡ ᠠᠮᠤᠭᠤᠯᠠᠩ ᠡᠵᠡᠨ᠎ᠡ ᠶᠢ ᠬᠦᠴᠦᠯᠡᠨ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠳᠤ ᠠᠩᠬᠠᠷᠤᠯ ᠢᠶᠠᠨ ᠲᠦᠪᠯᠡᠷᠡᠬᠦᠯᠦᠨ᠂ ᠨᠡᠶᠢᠭᠡᠮ ᠤᠨ ᠣᠳᠣᠬᠢᠴᠢᠯᠠᠯᠲᠠ ᠳᠤ ᠬᠦᠴᠦᠨ ᠨᠡᠮᠡᠷᠢᠯᠡᠬᠦ ᠬᠢᠷᠢ ᠲᠦᠪᠰᠢᠨ ᠢ ᠬᠦᠴᠦᠯᠡᠨ ᠲᠡᠭᠡᠭᠰᠢᠯᠡᠬᠦᠯᠦᠨ᠎ᠡ᠂ ᠬᠠᠤᠯᠢᠵᠢᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠬᠦᠯᠦᠨ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠦᠴᠦᠯᠡᠨ ᠪᠠᠲᠤᠯᠠᠨ ᠠᠬᠢᠭᠤᠯᠵᠤ᠂ ︽ᠵᠢᠷᠭᠤᠭᠠᠨ ᠠᠩᠬᠠᠷᠤᠯ ᠢᠶᠠᠨ ᠲᠥᠪᠯᠡᠷᠡᠭᠦᠯᠵᠦ᠂ ᠵᠢᠷᠭᠤᠭᠠᠨ ᠬᠦᠴᠦᠯᠡᠬᠦ︾ ᠠᠴᠠ ᠭᠠᠷᠳᠠᠨ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠠᠤᠯᠢᠵᠢᠯ᠂ ᠲᠤᠰᠬᠠᠶᠢᠵᠢᠯᠲᠠ᠂ ᠮᠡᠳᠡᠭᠡ ᠵᠠᠩᠭᠢᠵᠢᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠡᠩᠭᠡ ᠠᠮᠤᠭᠤᠯᠠᠩ ᠡᠵᠡᠨ᠎ᠡ᠂ ᠬᠠᠤᠯᠢᠵᠢᠯ ᠤᠨ ᠡᠵᠡᠨ᠎ᠡ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠡᠵᠡᠨ᠎ᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠯᠤᠰ ᠲᠦᠷᠦ ᠬᠠᠤᠯᠢ ᠴᠠᠭᠠᠵᠠ ᠶᠢᠨ ᠬᠦᠴᠦᠨ ᠴᠢᠳᠠᠯ ᠢ ᠨᠡᠮᠡᠷᠢᠯᠡᠬᠦ ᠬᠡᠷᠡᠭᠲᠠᠢ ᠭᠡᠯ᠎ᠡ᠃      ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠭᠡᠷ ᠤᠨ ᠬᠠᠷᠢᠭᠤᠴᠠᠯᠭᠠᠲᠠᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠭᠡᠰᠢᠭᠦᠨ ᠵᠢᠴᠢ ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠵᠠᠢ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号