ᠤᠶᠢᠷ᠎ᠠ ᠶᠢᠨ ᠡᠳᠦᠷ᠂ ᠰᠤᠪᠨᠠᠭᠤᠷ ᠰᠤᠮᠤ ᠭᠠᠴᠠᠭᠠᠨ ᠤ ᠺᠠᠳ᠋ᠷᠴᠤᠳ ᠤᠨ ᠠᠵᠢᠯ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠵᠤ᠂ ᠭᠠᠴᠠᠭᠠᠨ ᠤ | ᠤᠳᠤᠷᠢᠳᠬᠤ ᠪᠠᠭ᠂ ᠬᠤᠶᠠᠷ ᠵᠥᠪᠯᠡᠯ ᠤᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ | ᠲᠣᠰᠬᠤᠨ ᠳᠠᠭᠠᠨ ᠪᠤᠴᠠᠵᠤ ᠲᠤᠰᠢᠶᠠᠯ ᠡᠭᠦᠷᠭᠡᠯᠡᠭᠰᠡᠨ ᠤᠶᠤᠳᠠᠨ ᠵᠡᠷᠭᠡ 26 ᠠᠵᠢᠯᠳᠠᠨ ᠳᠤ ᠬᠠᠮᠲᠤ ᠶᠢᠨ ᠠᠵᠤ | ᠠᠬᠤᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠱᠠᠩᠨᠠᠯ ᠣᠯᠭᠤᠪᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦ᠋ ᠶᠦᠩ ᠭᠠᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠵᠠᠢ᠃ | ᠬᠤᠷᠠᠯ ᠠᠴᠠ 2023 ᠣᠨ ᠤ ᠭᠠᠴᠠᠭᠠᠨ ᠤ ᠤᠳᠤᠷᠢᠳᠬᠤ ᠪᠠᠭ᠂ ᠬᠤᠶᠠᠷ ᠵᠥᠪᠯᠡᠯ ᠤᠨ ᠭᠡᠰᠢᠭᠦᠨ᠂ ᠬᠢᠨᠠᠨ | ᠪᠠᠶᠢᠴᠠᠭᠠᠬᠤ ᠵᠥᠪᠯᠡᠯ ᠤᠨ ᠭᠡᠰᠢᠭᠦᠨ᠂ ᠲᠣᠰᠬᠤᠨ ᠳᠠᠭᠠᠨ ᠪᠤᠴᠠᠵᠤ ᠲᠤᠰᠢᠶᠠᠯ ᠡᠭᠦᠷᠭᠡᠯᠡᠭᠰᠡᠨ ᠣᠶᠤᠲᠠᠳ ᠢ ᠬᠢᠨᠠᠨ | ᠰᠢᠯᠭᠠᠭᠰᠠᠨ ᠦᠷ᠎ᠡ ᠳ᠋ᠦᠩ ᠢ ᠵᠠᠷᠯᠠᠨ ᠮᠡᠳᠡᠭᠳᠡᠭᠰᠡᠨ ᠪᠥᠭᠡᠳ ︽ᠰᠤᠪᠨᠠᠭᠤᠷ ᠰᠤᠮᠤᠨ ᠤ ᠭᠠᠴᠠᠭᠠᠨ ᠤ | ᠺᠠᠳ᠋ᠷᠴᠤᠳ ᠤᠨ ᠬᠥᠯᠥᠰᠦ ᠣᠯᠭᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ | ᠬᠡᠷᠡᠭᠵᠢᠭᠦᠯᠬᠦ ᠨᠠᠷᠢᠨ ᠳᠦᠷᠢᠮ︾ ᠢ ᠲᠠᠶᠢᠯᠪᠤᠷᠢᠯᠠᠨ ᠲᠣᠳᠣᠷᠬᠠᠶᠢᠯᠠᠭᠰᠠᠨ ᠪᠠᠶᠢᠨ᠎ᠠ᠃ | ᠡᠨᠡ ᠵᠢᠯ᠂ ᠰᠤᠪᠨᠠᠭᠤᠷ ᠰᠤᠮᠤᠨ ᠤ ᠴᠡᠭᠡ ᠭᠠᠴᠠᠭ᠎ᠠ ᠤᠯᠤᠰ ᠤᠨ ᠤᠮᠠᠷᠠᠰᠢ ᠨᠡᠭᠡᠭᠡᠯᠲᠡ ᠬᠢᠬᠦ᠂ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠰᠠᠶᠢᠵᠢᠷᠠᠯᠲᠠ ᠵᠡᠷᠭᠡ ᠠᠰᠢᠭᠲᠠᠢ ᠪᠠᠶᠢᠳᠠᠯ ᠢ ᠴᠢᠩᠭ᠎ᠠ ᠠᠳᠬᠤᠵᠤ᠂ ᠲᠣᠰᠬᠤᠨ | ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠰᠦᠪᠡᠭᠴᠢᠯᠡᠨ᠂ ᠬᠠᠮᠲᠤ ᠶᠢᠨ ᠠᠵᠤ ᠠᠬᠤᠢ ᠶᠢᠨ ᠣᠷᠣᠯᠭ᠎ᠠ 258. | 5 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 99% ᠪᠠᠷ ᠨᠡᠮᠡᠭᠳᠡᠭᠰᠡᠨ ᠪᠠᠶᠢᠨ᠎ᠠ︔ | ᠡᠭᠦᠨ ᠳᠤ᠂ ᠤᠯᠠᠭᠠᠨᠳᠤᠭ ᠭᠠᠴᠠᠭ᠎ᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ᠂ | ᠲᠥᠷᠥᠯ ᠵᠦᠢᠯ ᠢᠶᠠᠷ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠨ᠂ ᠬᠠᠮᠲᠤ ᠶᠢᠨ ᠠᠵᠤ ᠠᠬᠤᠢ ᠶᠢᠨ | ᠣᠷᠣᠯᠭ᠎ᠠ 67.5 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 165% ᠪᠠᠷ | ᠨᠡᠮᠡᠭᠳᠡᠪᠡ︔ ᠢᠪᠠᠤᠲᠤ ᠭᠠᠴᠠᠭ᠎ᠠ ᠲᠡᠦᠬᠡ ᠰᠣᠶᠣᠯ ᠤᠨ ᠨᠡᠷᠡᠳᠦ ᠲᠣᠰᠬᠤᠨ ᠢ ᠦᠨᠡᠯᠡᠨ ᠲᠣᠭᠲᠠᠭᠠᠬᠤ ᠠᠵᠠ | ᠲᠣᠬᠢᠶᠠᠯ ᠢ ᠠᠰᠢᠭᠯᠠᠨ᠂ ᠣᠨᠴᠠᠯᠢᠭᠲᠤ ᠵᠢᠭᠤᠯᠴᠢᠯᠠᠯ ᠤᠨ ᠰᠤᠳᠤᠯᠭᠠᠨ ᠤ ᠵᠠᠮ ᠱᠤᠭᠤᠮ ᠢ ᠢᠳᠡᠪᠬᠢᠲᠡᠢ ᠡᠭᠦᠳᠴᠦ᠂ | ᠬᠠᠮᠲᠤ ᠶᠢᠨ ᠠᠵᠤ ᠠᠬᠤᠢ ᠶᠢᠨ ᠣᠷᠣᠯᠭ᠎ᠠ 31 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 19% ᠢᠶᠠᠷ ᠨᠡᠮᠡᠭᠳᠡᠵᠡᠢ᠃ | ᠠᠵᠢᠯ ᠤᠨ ᠠᠮᠵᠢᠯᠳᠠ ᠪᠦᠳᠦᠮᠵᠢ ᠠᠴᠠ ᠤᠯᠤᠭᠰᠠᠨ ᠡᠨᠡᠬᠦ ᠵᠤᠭᠤᠰ ᠮᠦᠩᠭᠦ ᠪᠠᠨ ᠬᠠᠷᠠᠭᠠᠳ ᠭᠠᠴᠠᠭᠠᠨ ᠤ | ᠺᠠᠳ᠋ᠷᠴᠤᠳ ᠪᠠᠶᠠᠷ ᠬᠥᠷ ᠲᠠᠢ ᠪᠠᠶᠢᠵᠤ᠂ ᠤᠯᠠᠨ ᠢᠶᠠᠷ ᠢᠶᠠᠨ ᠭᠠᠴᠠᠭᠠᠨ ᠤ ᠬᠠᠮᠲᠤ ᠶᠢᠨ ᠠᠵᠤ ᠠᠬᠤᠢ ᠶᠢ | ᠬᠦᠭᠵᠢᠬᠦᠯᠬᠦ ᠳᠤ ᠦᠷᠬᠦᠯᠵᠢᠯᠡᠨ ᠬᠦᠴᠦᠨ ᠴᠢᠳᠠᠯ ᠢᠶᠠᠨ ᠡᠷᠭᠦᠨ᠂ ᠮᠠᠯᠴᠢᠨ ᠲᠠᠷᠢᠶᠠᠴᠢᠨ ᠤ ᠠᠮᠢᠳᠤᠷᠠᠯ ᠢ ᠤᠯᠠᠮ | ᠰᠠᠶᠢᠨ ᠪᠣᠯᠭᠠᠨ᠎ᠠ ᠭᠡᠵᠦ ᠢᠯᠡᠳᠬᠡᠵᠡᠭᠡᠨ᠎ᠡ᠃ | ᠰᠤᠪᠨᠠᠭᠤᠷ ᠰᠤᠮᠤᠨ ᠤ ᠢᠪᠠᠤᠲᠤ ᠭᠠᠴᠠᠭᠠᠨ ᠤ ᠳᠡᠳ᠋ ᠲᠠᠷᠤᠭ᠎ᠠ ᠯᠢᠦ ᠱᠦᠨ᠄ ︽ᠤᠳᠠᠬᠤ ᠦᠭᠡᠢ | ᠴᠠᠭᠠᠯᠠᠬᠤ ᠭᠡᠵᠤ ᠪᠠᠶᠢᠨ᠎ᠠ᠂ ᠥᠨᠥᠳᠥᠷ ᠰᠤᠮᠤᠨ ᠠᠴᠠ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠢᠵᠦ᠂ ᠡᠨᠡ | ᠵᠣᠭᠤᠰ ᠢ ᠬᠤᠪᠢᠶᠠᠵᠤ ᠣᠯᠣᠭᠰᠠᠨ ᠳᠤ ᠮᠠᠰᠢ ᠪᠠᠶᠠᠷ ᠲᠠᠢ ᠪᠠᠶᠢᠨ᠎ᠠ᠂ ᠪᠠᠭ᠎ᠠ ᠰᠠᠭ᠎ᠠ ᠴᠠᠭᠠᠨ ᠰᠠᠷ᠎ᠠ ᠶᠢᠨ ᠪᠠᠷᠠᠭ᠎ᠠ | ᠬᠤᠳᠠᠯᠳᠤᠨ ᠠᠪᠴᠤ᠂ ᠵᠢᠯ ᠴᠠᠭᠠᠨ ᠰᠠᠷ᠎ᠠ ᠪᠠᠨ ᠪᠠᠶᠠᠷ ᠬᠥᠷ ᠲᠠᠢ ᠦᠩᠭᠡᠷᠡᠬᠦᠯᠦᠨ᠎ᠡ᠃ ᠬᠤᠶᠢᠰᠢᠳᠠ ᠪᠢ | ᠠᠵᠢᠯ ᠢᠶᠠᠨ ᠦᠷᠭᠦᠯᠵᠢᠯᠡᠨ ᠰᠠᠶᠢᠳᠤᠷ ᠬᠢᠵᠦ᠂ ᠡᠨᠡ ᠵᠢᠯ ᠤᠨ ᠠᠵᠢᠯ ᠳᠠᠭᠠᠨ ᠨᠡᠩ ᠶᠡᠭᠡ ᠠᠮᠵᠢᠯᠲᠠ ᠪᠦᠲᠦᠮᠵᠢ | ᠣᠯᠬᠤ ᠪᠠᠷ ᠴᠢᠷᠮᠠᠶᠢᠨ᠎ᠠ︾ ᠭᠡᠪᠡ᠃ | 2023 ᠣᠨ ᠠᠴᠠ ᠨᠠᠰᠢ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯᠣᠨ ᠭᠠᠴᠠᠭᠠᠨ ᠤ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠬᠤ ᠶᠢᠨ ᠲᠤᠰᠠᠳᠠ᠂ ᠰᠤᠪᠨᠠᠭᠤᠷ ᠰᠤᠮᠤᠨ ᠤ ᠨᠠᠮ ᠤᠨ | ᠬᠤᠷᠢᠶ᠎ᠠ ᠠᠴᠠ ᠭᠠᠴᠠᠭᠠᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠲᠣᠰᠬᠤᠨ ᠤ | ᠶᠠᠪᠤᠳᠠᠯ ᠤᠨ ᠬᠠᠮᠢᠶᠠᠷᠤᠯᠲᠠ᠂ ᠦᠨᠳᠦᠰᠦᠲᠡᠨ ᠤ ᠪᠦᠯᠬᠦᠮᠳᠡᠯ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ | ᠬᠠᠮᠲᠤ ᠶᠢᠨ ᠠᠵᠤ ᠠᠬᠤᠢ ᠶᠢᠨ ᠵᠢᠱᠢᠭᠰᠡᠨ ᠣᠷᠣᠯᠭ᠎ᠠ ᠵᠡᠷᠭᠡ ᠡᠯ᠎ᠡ ᠵᠦᠢᠯ ᠤᠨ ᠬᠦᠴᠦᠨ ᠵᠦᠢᠯ ᠢ ᠶᠡᠷᠦᠩᠬᠡᠶᠢᠯᠡᠨ | ᠪᠣᠳᠣᠯᠬᠢᠯᠠᠵᠤ᠂ ᠭᠠᠴᠠᠭᠠᠨ ᠤ ᠵᠥᠪᠯᠡᠯ ᠪᠣᠯᠣᠨ ᠤᠯᠠᠨ ᠲᠦᠮᠡᠨ ᠤ ᠲᠥᠯᠥᠭᠡᠯᠡᠭᠴᠢᠳ ᠤᠨ ᠰᠠᠨᠠᠯ ᠢ ᠬᠤᠷᠢᠶᠠᠨ᠂ ︽ | ᠰᠤᠪᠨᠠᠭᠤᠷ ᠰᠤᠮᠤᠨ ᠤ ᠭᠠᠴᠠᠭᠠᠨ ᠤ ᠺᠠᠳ᠋ᠷᠴᠤᠳ ᠤᠨ ᠬᠥᠯᠥᠰᠦ ᠣᠯᠭᠤᠮᠵᠢ ᠶᠢᠨ ᠠᠵᠢᠯ ᠤᠨ ᠦᠷ᠎ᠡ | ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠬᠡᠷᠡᠭᠵᠢᠭᠦᠯᠬᠦ ᠨᠠᠷᠢᠨ ᠳᠦᠷᠢᠮ︾ ᠢ ᠪᠦᠷᠢᠯᠳᠦᠭᠦᠯᠵᠡᠢ᠃ ᠲᠣᠰ | ᠳᠦᠷᠢᠮ ᠢ ᠬᠡᠷᠡᠭᠵᠢᠭᠦᠯᠦᠭᠰᠡᠨ ᠠᠴᠠ ᠨᠠᠰᠢ᠂ ᠰᠤᠪᠨᠠᠭᠤᠷ ᠰᠤᠮᠤ ᠡᠯ᠎ᠡ ᠭᠠᠴᠠᠭ᠎ᠠ ᠶᠢ ᠢᠳᠡᠪᠬᠢᠲᠡᠢ ᠪᠠᠷ ᠬᠥᠲᠥᠯᠥᠨ | ᠵᠢᠯᠤᠭᠤᠳᠴᠤ ᠪᠠᠶᠢᠭᠠᠳ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠨ ᠰᠢᠢᠳᠪᠤᠷᠢᠯᠡᠵᠤ᠂ | ᠬᠠᠮᠲᠤ ᠶᠢᠨ ᠠᠵᠤ ᠠᠬᠤᠢ ᠶᠢᠨ ᠳᠠᠯᠳᠠ ᠬᠦᠴᠦᠨ ᠢ ᠠᠭᠤᠳᠠᠯᠯᠠᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ | ᠬᠦᠴᠦᠨ ᠢ ᠳᠡᠭᠡᠭᠰᠢᠯᠡᠭᠦᠯᠵᠦ ᠨᠡᠮᠡᠭᠳᠡᠯ ᠢ ᠪᠡᠶᠡᠯᠡᠬᠦᠯᠦᠭᠰᠡᠨ ᠪᠠᠶᠢᠨ᠎ᠠ᠃ |