ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠭᠦᠰᠬᠦ ᠬᠤᠷᠠᠯ ᠳᠡᠭᠡᠷᠡᠬᠢ ᠶᠠᠷᠢᠶ᠎ᠠ | ︵2024 ᠣᠨ ᠤ 2 ᠰᠠᠷ᠎ᠠ ᠶᠢᠨ 2 ᠤᠨ ᠡᠳᠦᠷ︶ | ᠰᠦᠨ ᠱᠣᠤ ᠴᠧᠩ | ᠲᠥᠯᠥᠭᠡᠯᠡᠭᠴᠢᠳ ᠠ᠋᠂ ᠨᠥᠬᠦᠳ ᠠ᠋᠄ | ᠣᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ | ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ ᠤᠳᠤ ᠢᠯᠠᠯᠲᠠ ᠲᠠᠢ ᠲᠡᠭᠦᠰᠬᠦ ᠪᠣᠯᠣᠯ᠎ᠠ᠃ | ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ | ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳᠴᠢᠯᠠᠯ ᠢ ᠪᠠᠳᠠᠷᠠᠭᠤᠯᠤᠨ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠭᠦᠯᠵᠦ᠂ ᠶᠡᠭᠡ | ᠪᠣᠳᠣᠯᠭ᠎ᠠ ᠶᠢ ᠬᠠᠮᠲᠤ ᠪᠠᠷ ᠵᠥᠪᠳᠡᠯᠴᠡᠪᠡ᠃ ᠬᠤᠷᠠᠯ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠣᠯᠣᠨ ︽ᠨᠢᠭᠡ ᠵᠠᠰᠠᠭ ᠤᠨ ᠣᠷᠳᠣᠨ ᠬᠤᠶᠠᠷ ᠬᠤᠷᠢᠶ᠎ᠠ︾ ᠶᠢᠨ 6 ᠠᠵᠢᠯ ᠤᠨ ᠢᠯᠡᠳᠬᠡᠯ | ᠪᠠ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ | ᠲᠣᠭᠲᠠᠭᠠᠬᠤ ᠳᠦᠷᠢᠮ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠂ | ᠰᠣᠩᠭᠤᠭᠤᠯᠢ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠥᠯᠥᠭᠡᠯᠡᠭᠴᠢᠳ ᠶᠡᠭᠡ ᠬᠤᠷᠠᠯ ᠮᠠᠰᠢ | ᠠᠮᠵᠢᠯᠲᠠ ᠲᠠᠢ ᠬᠤᠷᠠᠯᠳᠤᠵᠤ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠵᠦ᠂ ᠢᠲᠡᠭᠡᠯ ᠢᠶᠠᠨ ᠨᠡᠮᠡᠭᠳᠡᠭᠦᠯᠵᠦ᠂ ᠡᠷᠴᠢ | ᠵᠣᠷᠢᠭ ᠢ ᠬᠥᠪᠴᠢᠯᠡᠪᠡ᠂ ᠯᠠᠪᠲᠠᠢ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ | ᠡᠷᠡᠮᠡᠬᠡᠶᠢᠯᠡᠨ ᠤᠷᠤᠭᠰᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠪᠥᠷ ᠮᠣᠩᠭᠤᠯ ᠤᠨ ᠶᠠᠪᠤᠳᠠᠯ ᠢ | ᠨᠡᠩ ᠰᠠᠶᠢᠲᠤᠷ ᠬᠢᠬᠦ ᠣᠮᠤᠭ ᠵᠣᠷᠢᠭ ᠢ ᠬᠥᠭᠵᠢᠭᠡᠬᠦ ᠪᠣᠯᠣᠨ᠎ᠠ ᠭᠡᠵᠦ ᠨᠡᠶᠢᠳᠡᠮ ᠲᠤᠰᠬᠠᠪᠠ᠃ | ᠲᠥᠯᠥᠭᠡᠯᠡᠭᠴᠢᠳ ᠠ᠋᠂ ᠨᠥᠬᠦᠳ ᠠ᠋︕ | ᠰᠠᠶ᠋ᠢᠬᠠᠨ ᠥᠩᠭᠡᠷᠡᠭᠰᠡᠨ 2023 ᠣᠨ ᠳᠤ᠂ ᠪᠢᠳᠡ ᠤᠷᠮ᠎ᠠ ᠵᠣᠷᠢᠭ ᠲᠠᠢ ᠠᠵᠢᠯᠯᠠᠵᠤ᠂ ᠣᠯᠣᠯᠲᠠ | ᠪᠦᠳᠦᠮᠵᠢ ᠪᠠᠷ ᠡᠯᠪᠡᠭ ᠪᠣᠯᠪᠠ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ | ᠪᠦᠯᠬᠦᠮᠳᠡᠨ ᠲᠡᠮᠡᠴᠡᠵᠦ᠂ ᠡᠯ᠎ᠡ ᠵᠦᠢᠯ ᠤᠨ ᠠᠵᠢᠯ ᠦᠢᠯᠡᠰ ᠥᠷᠨᠢᠩᠭᠦᠢ ᠬᠥᠭᠵᠢᠪᠡ᠃ ᠬᠤᠶᠠᠷ ᠶᠡᠭᠡ ᠶᠠᠪᠤᠳᠠᠯ ᠪᠠ | ︽ᠲᠠᠪᠤᠨ ᠶᠡᠭᠡ ᠡᠭᠦᠷᠭᠡ︾ ᠶᠢᠨ ᠣᠨ ᠤ ᠠᠵᠢᠯ ᠤᠨ ᠲᠥᠯᠥᠪᠯᠡᠭᠡ ᠶᠢ ᠤᠷᠤᠭᠰᠢᠲᠠᠢ ᠪᠡᠶᠡᠯᠡᠭᠦᠯᠵᠦ᠂ ᠠᠵᠤ | ᠠᠬᠤᠢ ᠶᠢᠨ ᠨᠡᠮᠡᠭᠳᠡᠯ ᠤᠨ ᠬᠤᠷᠳᠤᠴᠠ ᠰᠢᠨ᠎ᠡ ᠲᠡᠮᠳᠡᠭᠯᠡᠯ ᠢ ᠡᠭᠦᠳᠴᠦ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠵᠦ᠂ | ᠡᠨᠧᠷᠭᠢ ᠶᠢᠨ ᠬᠦᠷᠢᠶᠡᠨ ᠳᠤ ︽ᠪᠦᠭᠦ ᠤᠯᠤᠰ ᠤᠨ 10 ᠨᠢᠭᠡᠳᠦᠭᠡᠷ︾ ᠢ ᠡᠭᠦᠳᠴᠦ᠂ ︽ᠬᠤᠪᠣᠷ ᠰᠢᠷᠣᠢ ᠶᠢᠨ | ᠬᠤᠶᠠᠷ ᠰᠠᠭᠤᠷᠢᠨ︾ ᠤ ᠪᠦᠲᠦᠭᠡᠨ ᠪᠠᠶᠢᠭᠤᠯᠤᠯᠲᠠ ᠴᠢᠬᠤᠯᠠ ᠠᠯᠬᠤᠮ ᠢ ᠠᠯᠬᠤᠵᠤ᠂ ᠨᠡᠭᠦᠷᠡᠰᠦ᠂ ᠴᠠᠭᠢᠯᠭᠠᠨ᠂ | ᠠᠮᠤ ᠪᠤᠳᠠᠭ᠎ᠠ᠂ ᠮᠢᠬ᠎ᠠ᠂ ᠰᠦ ᠶᠢᠨ ᠭᠠᠷᠤᠯᠲᠠ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ | ᠳᠣᠲᠣᠭᠠᠳᠤ ᠭᠠᠳᠠᠭᠠᠳᠤ ᠨᠡᠭᠡᠭᠡᠯᠲᠡ ᠦᠯᠡᠮᠵᠢ ᠦᠷ᠎ᠡ ᠪᠦᠲᠦᠭᠡᠯ ᠣᠯᠪᠠ᠃ ᠨᠢᠭᠡ ᠵᠢᠯ ᠤᠨ ᠲᠤᠷᠰᠢ᠂ ᠪᠢᠳᠡᠡ ᠤ | ᠮᠠᠰᠢ ᠤᠯᠠᠨ ᠠᠵᠢᠯ ᠢᠶᠠᠨ ᠰᠠᠶᠢᠨ ᠬᠠᠨᠳᠤᠰᠢ ᠲᠠᠢ ᠪᠤᠯᠳᠠᠯ᠎ᠠ ᠠᠵᠢᠯᠯᠠᠵᠤ᠂ ᠰᠢᠨ᠎ᠡ ᠳᠦᠷᠰᠦ ᠪᠠᠶᠢᠳᠠᠯ ᠲᠠᠢ ᠪᠤᠯᠳᠠᠯ᠎ᠠ | ᠠᠵᠢᠯᠯᠠᠵᠠᠢ᠃ | ᠥᠪᠥᠷ ᠮᠣᠩᠭᠤᠯ ᠤᠨ ᠬᠥᠭᠵᠢᠯᠲᠡ ᠶᠢᠨ ᠴᠢᠭᠯᠡᠯ ᠢ ᠶᠡᠷᠦᠩᠬᠡᠢ ᠱᠦᠵᠢ ᠰᠢ ᠶᠢᠨ ᠫᠢᠩ ᠨᠢᠭᠡᠨᠲᠡ ᠪᠢᠳᠡᠨ ᠳᠤ | ᠲᠣᠳᠣᠷᠬᠠᠢ ᠵᠢᠭᠠᠵᠤ ᠥᠭᠪᠡ᠃ ᠪᠢᠳᠡᠨ ᠤ ᠬᠢᠬᠦ ᠶᠠᠪᠤᠳᠠᠯ ᠪᠣᠯ ᠳᠠᠷᠤᠢ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ | ᠠᠷᠠᠳ ᠲᠦᠮᠡᠨ ᠳᠤ ᠪᠤᠶᠠᠨ ᠦᠢᠯᠡᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠠᠪᠤᠳᠠᠯ ᠪᠣᠯᠣᠨ᠎ᠠ᠃ | ᠠᠴᠢ ᠡᠨᠡᠷᠢᠯ ᠳᠤᠨᠢ ᠲᠠᠯᠠᠷᠬᠠᠵᠤ ᠡᠷᠡᠮᠡᠬᠡᠶᠢᠯᠡᠨ ᠤᠷᠤᠭᠰᠢᠯᠠᠬᠤ ᠳᠠᠭᠠᠨ ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠲᠡᠢ᠂ ᠪᠢᠳᠡ ᠶᠡᠷᠦᠩᠬᠡᠢ ᠱᠦᠵᠢ ᠶᠢ ᠨᠢᠭᠲᠠ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠶᠢ | ᠤᠮᠠᠷᠠᠲᠤ ᠶᠢᠨ ᠡᠬᠡ ᠭᠠᠵᠠᠷ ᠤᠨ ︽ᠬᠠᠮᠤᠭ ᠤᠨ ᠬᠦᠴᠦᠷᠬᠡᠭ ᠳᠠᠭᠤᠨ︾ ᠪᠤᠯᠭᠠᠬᠤ ᠬᠡᠷᠡᠭᠲᠡᠢ᠃ ᠶᠡᠷᠦᠩᠬᠡᠢ ᠱᠦᠵᠢ | ᠥᠪᠥᠷ ᠮᠣᠩᠭᠤᠯ ᠢ ᠰᠠᠶᠢᠨ ᠣᠶᠢᠯᠠᠭᠠᠵᠤ ᠭᠦᠨ ᠬᠠᠶᠢᠷᠠᠯᠠᠵᠤ ᠪᠠᠶᠢᠨ᠎ᠠ᠂ 4 ᠤᠳᠠᠭ᠎ᠠ ᠰᠢᠨᠵᠢᠯᠡᠨ ᠪᠠᠶᠢᠴᠠᠭᠠᠵᠤ᠂ | 10 ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ | ᠪᠡᠶ᠎ᠡ ᠪᠠᠷ ᠢᠶᠠᠨ ᠪᠢᠳᠡᠨ ᠳᠤ ᠬᠥᠭᠵᠢᠯᠲᠡ ᠶᠢᠨ ᠵᠢᠷᠤᠭ ᠲᠥᠰᠥᠪ ᠢ ᠵᠢᠷᠤᠭᠯᠠᠨ ᠥᠭᠴᠦ᠂ ᠠᠵᠢᠯᠯᠠᠭᠠᠨ ᠤ | ᠬᠥᠲᠥᠯᠪᠦᠷᠢ ᠶᠢ ᠲᠣᠭᠲᠠᠭᠠᠵᠤ ᠥᠭᠴᠡᠢ᠃ ᠨᠢᠳᠤᠨᠤᠨ ᠤ 6 ᠰᠠᠷ᠎ᠠ ᠳᠤ᠂ ᠶᠡᠷᠦᠩᠬᠡᠢ ᠱᠦᠵᠢ ᠳᠥᠷᠪᠡᠳᠡᠬᠢ ᠤᠳᠠᠭ᠎ᠠ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠪᠢᠳᠡᠨ ᠳᠤ ᠯᠤᠲᠤ ᠶᠡᠭᠡ ᠤᠯᠤᠰ ᠲᠥᠷᠥ ᠶᠢᠨ ᠬᠠᠶᠢᠷ᠎ᠠ | ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠣᠭᠢᠶᠠᠯ ᠢ ᠠᠪᠴᠢᠷᠠᠵᠤ ᠥᠭᠪᠡ᠃ ᠳᠠᠷᠠᠭ᠎ᠠ ᠨᠢ | ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ | ᠰᠠᠨᠠᠯ︾ ᠢ ᠨᠡᠶᠢᠲᠡᠯᠡᠵᠦ᠂ ᠪᠢᠳᠡᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠪᠡ᠃ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ ᠪᠠ ᠵᠢᠭᠠᠭᠰᠠᠨ ᠴᠢᠭᠯᠡᠯ ᠪᠣᠯ | ᠪᠢᠳᠡᠨ ᠤ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠶᠢᠨ ᠬᠠᠮᠤᠭ ᠤᠨ ᠶᠡᠭᠡ ᠢᠲᠡᠭᠡᠯ ᠵᠣᠷᠢᠭ ᠮᠥᠨ᠃ | ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠪᠢᠳᠡᠨ ᠤ | ᠬᠠᠮᠤᠭ ᠤᠨ ᠶᠡᠭᠡ ᠬᠠᠷᠢᠭᠤᠴᠠᠯᠭ᠎ᠠ ᠪᠣᠯᠣᠨ᠎ᠠ᠃ ᠪᠦᠭᠦ ᠣᠷᠣᠨ ᠳᠠᠶᠠᠭᠠᠷ ᠢᠶᠠᠨ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠶᠢᠨ ᠵᠢᠭᠠᠭᠰᠠᠨ | ᠴᠢᠭᠯᠡᠯ ᠢᠶᠠᠷ ᠡᠷᠡᠰ ᠭᠤᠶᠢᠪᠢᠰᠢ ᠦᠭᠡᠢ ᠡᠷᠡᠮᠡᠬᠡᠶᠢᠯᠡᠨ ᠤᠷᠤᠭᠰᠢᠯᠠᠵᠤ᠂ ᠬᠠᠲᠠᠭᠤᠵᠢᠯᠲᠠᠢ ᠲᠡᠮᠡᠴᠡᠵᠦ ᠪᠣᠳᠠᠲᠠᠢ | ᠠᠵᠢᠯᠯᠠᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ | ᠰᠠᠶᠢᠬᠠᠨ ᠪᠣᠯᠭᠠᠨ ᠪᠦᠲᠦᠭᠡᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ | ᠦᠢᠯᠡᠳᠦᠯᠭᠡᠵᠢᠭᠦᠯᠬᠦ ᠬᠡᠷᠡᠭᠲᠡᠢ᠃ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠶ᠎ᠡ ᠭᠡᠪᠡᠯ ᠵᠠᠪᠠᠯ ᠬᠥᠳᠡᠯᠦᠯᠴᠡᠵᠦ ᠠᠵᠢᠯᠯᠠᠬᠤ ᠬᠡᠷᠡᠭᠲᠡᠢ᠂ ᠪᠢᠳᠡ | ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠭᠡᠬᠦ ᠡᠨᠡ ᠬᠦ ᠠᠯᠳᠠᠨ ᠦᠰᠦᠭᠲᠦ ᠫᠠᠶᠢᠰᠠ ᠶᠢ ᠨᠡᠩ ᠭᠡᠷᠡᠯ | ᠭᠢᠯᠪᠠᠭ᠎ᠠ ᠰᠠᠴᠤᠷᠠᠭᠤᠯᠬᠤ ᠬᠡᠷᠡᠭᠲᠡᠢ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠢᠷᠠᠭᠤ ᠠᠯᠳᠠᠷ ᠢ ᠰᠠᠶᠢᠲᠤᠷ | ᠬᠠᠮᠠᠭᠠᠯᠠᠬᠤ ᠪᠣᠯ ᠶᠡᠷᠦᠩᠬᠡᠢ ᠱᠦᠵᠢ ᠶᠢᠨ ᠪᠢᠳᠡᠨ ᠳᠤ ᠲᠠᠯᠪᠢᠭᠰᠠᠨ ᠨᠠᠨᠳᠢᠨ ᠬᠦᠰᠡᠯ ᠨᠠᠶᠢᠳᠠᠯᠭ᠎ᠠ ᠪᠣᠯᠣᠨ᠎ᠠ᠂ ᠪᠢᠳᠡ | ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃ ᠰᠢᠨ᠎ᠡ ᠠᠶᠠᠨ ᠳᠤ᠂ ᠦᠨᠳᠦᠰᠦᠲᠡᠨ ᠤ ᠣᠷᠣᠨ ᠳᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠰᠢᠨ᠎ᠡ ᠵᠠᠮ ᠢ | ᠨᠡᠭᠡᠭᠡᠬᠦ ᠬᠡᠷᠡᠭᠲᠡᠢ ᠭᠡᠬᠦ ᠶᠡᠷᠦᠩᠬᠡᠢ ᠱᠦᠵᠢ ᠶᠢᠨ ᠪᠢᠳᠡᠨ ᠳᠤ ᠵᠢᠭᠠᠪᠤᠷᠢᠯᠠᠭᠰᠠᠨ ᠴᠢᠬᠤᠯᠠ ᠵᠢᠭᠠᠪᠤᠷᠢ ᠶᠢᠨ | ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠳᠤᠷᠠᠳᠤᠭᠰᠠᠨ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠶᠢ ᠪᠡᠶᠡᠯᠡᠭᠦᠯᠬᠦ ᠪᠣᠯ ᠢᠷᠠᠭᠤ ᠠᠯᠳᠠᠷ ᠤᠨ | ᠪᠦᠭᠦ ᠲᠠᠯ᠎ᠠ ᠶᠢᠨ ᠬᠠᠮᠠᠭᠠᠯᠠᠯᠲᠠ ᠪᠣᠯᠣᠨ᠎ᠠ᠃ ᠪᠦᠭᠦ ᠣᠷᠣᠨ ᠤ ᠦᠨᠳᠦᠰᠦᠲᠡᠨ ᠨᠥᠬᠦᠳ ᠤᠨ ᠺᠠᠳ᠋ᠷ ᠤᠯᠠᠨ ᠲᠦᠮᠡᠨ | ︽ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ ᠴᠡᠭᠡᠵᠢᠯᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ | ᠠᠵᠢᠯ ᠳᠤᠮᠳᠠ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠲᠠᠪᠤᠨ ᠶᠡᠭᠡ ᠡᠭᠦᠷᠭᠡ︾ ᠶᠢ ᠪᠦᠭᠦ ᠬᠦᠴᠦᠨ ᠢᠶᠠᠷ ᠢᠶᠠᠨ | ᠪᠡᠶᠡᠯᠡᠭᠦᠯᠵᠦ᠂ ᠤᠮᠠᠷᠠᠲᠤ ᠬᠢᠯᠢ ᠶᠢᠨ ᠰᠣᠶᠣᠯ ᠢ ᠨᠠᠷᠢᠨ ᠨᠢᠮᠪᠠᠢ ᠡᠭᠦᠳᠴᠦ᠂ ᠬᠢᠯᠢ ᠬᠢᠵᠠᠭᠠᠷ ᠢ ᠮᠠᠨᠳᠤᠭᠤᠯᠵᠤ ᠬᠢᠯᠢ | ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠶᠢ ᠠᠬᠢᠭᠤᠯᠵᠤ᠂ ᠬᠠᠮᠲᠤ ᠪᠠᠷ ᠪᠠᠶᠠᠵᠢᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠤᠨ ︽ᠲᠠᠪᠤᠨ ᠠᠮᠤᠷ ᠲᠦᠪᠰᠢᠨ︾ ᠢ ᠨᠡᠩ ᠰᠠᠶᠢᠲᠤᠷ ᠪᠠᠲᠤᠯᠠᠵᠤ᠂ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠠᠬᠢᠭᠤᠯᠬᠤ ᠳᠤᠮᠳᠠ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠥᠪᠥᠷ | ᠮᠣᠩᠭᠤᠯ ᠤᠨ ᠬᠦᠴᠦᠨ ᠴᠢᠳᠠᠯ ᠢᠶᠠᠨ ᠡᠷᠭᠦᠵᠦ᠂ ᠥᠪᠥᠷ ᠮᠣᠩᠭᠤᠯ ᠤᠨ ᠴᠤᠭ ᠵᠢᠪᠬᠤᠭ᠎ᠠ ᠶᠢ ᠪᠠᠳᠠᠷᠠᠭᠤᠯᠬᠤ | ᠬᠡᠷᠡᠭᠲᠡᠢ᠃ | ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ ᠪᠠᠶᠢᠵᠤ᠂ ᠪᠢᠳᠠ ᠠᠯᠢᠪᠠ ᠬᠦᠴᠢᠷ ᠪᠡᠷᠬᠡ ᠶᠢ ᠢᠯᠠᠨ | ᠳᠠᠪᠠᠵᠤ ᠴᠢᠨᠠᠷ ᠢ ᠪᠠᠲᠤᠯᠠᠨ ᠲᠤᠭ᠎ᠠ ᠬᠡᠮᠵᠢᠶ᠎ᠡ ᠶᠢ ᠪᠠᠲᠤᠯᠠᠨ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ ᠬᠤᠶᠠᠷ ᠶᠡᠭᠡ | ᠶᠠᠪᠤᠳᠠᠯ᠂ ︽ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠶᠢᠨ ᠪᠢᠳᠡᠨ ᠳᠤ ᠣᠯᠭᠤᠭᠰᠠᠨ ᠡᠭᠦᠷᠭᠡ | ᠬᠠᠷᠢᠭᠤᠴᠠᠯᠭ᠎ᠠ ᠮᠥᠨ᠃ ︽ᠵᠢᠷᠭᠤᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ ᠪᠠᠶᠢᠬᠤ ᠴᠢᠬᠤᠯᠠ ᠶᠡᠭᠡ ᠪᠠᠶᠢᠷᠢᠯᠠᠭᠤᠯᠤᠯᠲᠠ | ᠪᠣᠯᠣᠨ᠎ᠠ᠂ ᠬᠥᠭᠵᠢᠯᠲᠡ ᠶᠢᠨ ᠢᠨᠵᠧᠨᠧᠷᠢᠩ ᠪᠤᠯᠬᠤ ᠪᠥᠭᠡᠳ ᠪᠠᠰᠠ ᠴᠤ ᠤᠯᠤᠰ ᠲᠦᠷᠦ ᠶᠢᠨ ᠢᠨᠵᠧᠨᠧᠷᠢᠩ᠂ | ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠂ ᠪᠢᠳᠡᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ | ᠲᠤᠯᠭᠠᠭᠤᠷᠢᠯᠠᠬᠤ ᠴᠢᠨᠠᠷᠲᠠᠢ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠃ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠳᠤ᠂ ᠳᠠᠷᠤᠢ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ᠂ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠳᠤᠮᠳᠠ ᠮᠠᠨ ᠤ | ᠣᠷᠣᠨ 90 ᠭᠠᠷᠤᠢ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠡᠳ᠋ᠯᠡᠵᠦ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠰᠠᠨᠠᠯ︾ ᠵᠢᠴᠢ ᠢᠵᠢ ᠪᠦᠷᠢᠳᠦᠭᠦᠯᠬᠦ ᠨᠠᠷᠢᠨ ᠲᠠᠩᠰᠠᠨ ᠳᠤ ᠳᠤᠷᠠᠳᠤᠭᠰᠠᠨ 34 ᠵᠦᠢᠯ ᠤᠨ | ᠴᠢᠬᠤᠯᠠ ᠶᠡᠭᠡ ᠲᠥᠷᠥ ᠶᠢᠨ ᠪᠣᠳᠣᠯᠭ᠎ᠠ ᠵᠢᠴᠢ ᠡᠯ᠎ᠡ ᠶᠠᠮᠤᠨ ᠵᠥᠪᠯᠡᠯ ᠤᠨ ᠨᠡᠶᠢᠲᠡᠯᠡᠭᠰᠡᠨ ᠳᠡᠮᠵᠢᠯᠭᠡ ᠶᠢᠨ ᠴᠢᠨᠠᠷᠲᠠᠢ | ᠲᠥᠷᠥ ᠶᠢᠨ ᠪᠣᠳᠣᠯᠭ᠎ᠠ ᠶᠢ ᠪᠣᠳᠠᠲᠠᠢ ᠢᠨᠵᠧᠨᠧᠷᠢᠩ ᠤᠨ ᠲᠥᠷᠥᠯ ᠵᠦᠢᠯ ᠪᠣᠯᠭᠠᠨ ᠨᠢᠭᠡᠳ ᠨᠢᠭᠡ ᠪᠠᠷ | ᠨᠠᠷᠢᠯᠢᠭᠵᠢᠭᠤᠯᠵᠤ᠂ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠠᠴᠠ ︽ᠭᠠᠵᠠᠷ ᠳᠡᠭᠡᠷ᠎ᠡ︾ | ᠨᠠᠶᠢᠳᠠᠪᠤᠷᠢᠵᠢᠭᠤᠯᠤᠨ᠂ ᠦᠨᠳᠦᠰᠦᠯᠡᠭᠦᠯᠦᠨ ᠦᠷ᠎ᠡ ᠪᠦᠳᠦᠮᠵᠢ ᠭᠠᠷᠭᠠᠬᠤ ᠬᠡᠷᠡᠭᠲᠡᠢ᠃ ᠡᠯᠡᠰᠦᠷᠬᠡᠭᠵᠢᠯ ᠢ | ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠢ ᠬᠡᠷᠡᠭᠵᠢᠭᠦᠯᠬᠦ ᠳᠤ᠂ ᠳᠠᠷᠤᠢ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠲᠠᠢ | ᠨᠢᠭᠡ ᠴᠣᠭᠴᠠᠵᠢᠭᠤᠯᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ | ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠯᠠ ᠳᠡᠭᠡᠷ᠎ᠡ ᠤᠯᠠᠨ ᠢ ᠬᠢᠵᠦ ᠪᠦᠲᠦᠭᠡᠬᠦ | ᠬᠡᠷᠡᠭᠲᠡᠢ᠃ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠬᠡᠷᠡᠭᠵᠢᠭᠦᠯᠬᠦ ᠪᠣᠯ ᠳᠠᠷᠤᠢ ᠨᠡᠶᠢᠭᠡᠮ ᠤᠨ ᠠᠩᠬᠠᠷᠤᠯ ᠳᠤ | ᠬᠠᠷᠢᠭᠤ ᠥᠭᠴᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠦᠴᠢᠷ ᠠᠰᠠᠭᠤᠳᠠᠯ ᠢ ᠲᠦᠢᠯᠪᠤᠷᠢᠲᠠᠢ | ᠰᠢᠢᠳᠪᠦᠷᠢᠯᠡᠬᠦ ᠶᠠᠪᠤᠳᠠᠯ ᠪᠣᠯᠣᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ | ᠪᠣᠯ ᠳᠠᠷᠤᠢ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠨᠡᠶᠢᠭᠡᠮ᠂ ᠬᠠᠤᠯᠢ ᠴᠠᠭᠠᠵᠠ ᠵᠡᠷᠭᠡ ᠬᠦᠷᠢᠶᠡᠨ ᠳᠤ | ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠡᠯ᠎ᠡ ᠲᠠᠯ᠎ᠠ ᠶᠢᠨ ᠬᠢᠨ ᠤ | ᠦᠨᠡᠨᠴᠢ ᠢᠲᠡᠭᠡᠮᠵᠢ ᠲᠠᠢ ᠪᠠᠶᠢᠵᠤ ᠠᠮᠠᠯᠠᠯᠲᠠ ᠪᠠᠨ ᠪᠡᠶᠡᠯᠡᠭᠦᠯᠬᠦ ᠶᠢ ᠠᠬᠢᠭᠤᠯᠬᠤ ᠶᠠᠪᠤᠳᠠᠯ ᠪᠣᠯᠣᠨ᠎ᠠ᠃ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠣᠯ᠂ ᠵᠣᠬᠢᠶᠠᠮᠠᠯ | ᠤᠶᠤᠨ ᠴᠢᠳᠠᠪᠤᠷᠢ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠵᠡᠷᠭᠡ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠢᠷᠡᠭᠡᠳᠦᠢ ᠶᠢᠨ ᠠᠵᠤ ᠦᠢᠯᠡᠰ ᠢ ᠲᠥᠯᠥᠪᠵᠢᠭᠦᠯᠵᠦ᠂ ᠲᠡᠷᠢᠭᠦᠨ ᠤ ᠮᠡᠷᠭᠡᠵᠢᠯ ᠢ ᠣᠷᠣᠭᠤᠯᠤᠨ | ᠠᠪᠴᠢᠷᠠᠵᠤ᠂ ᠨᠢᠭᠡ ᠬᠤᠶᠠᠷ ᠴᠡᠭ ᠠᠴᠠ ᠡᠭᠢᠯᠡᠯᠡᠭᠴᠡ ᠲᠦᠷᠦᠭᠦᠯᠡᠵᠦ᠂ ᠦᠰᠦᠷᠦᠯᠲᠡ ᠶᠢᠨ ᠴᠢᠨᠠᠷᠲᠠᠢ | ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ | ᠢᠨᠵᠧᠨᠧᠷᠢᠩ ᠢ ᠬᠡᠷᠡᠭᠵᠢᠭᠦᠯᠬᠦ ᠳᠤ᠂ ᠭᠠᠳᠠᠭᠠᠳᠤ ᠠᠷᠠᠯᠵᠢᠶᠠᠨ ᠤ ᠡᠨᠡ ᠬᠦ ᠳᠤᠲᠠᠭᠤᠳᠠᠯ ᠢ ᠨᠥᠬᠦᠪᠦᠷᠢᠯᠡᠵᠦ᠂ ︽ᠭᠠᠷ | ᠲᠠᠮᠵᠢᠪᠠᠴᠤ ᠠᠰᠢᠭ ᠭᠦᠷᠳᠡᠭᠦ ᠦᠭᠡᠢ︾ ᠡᠨᠡ ᠬᠦ ᠬᠠᠭᠤᠴᠢᠨ ᠡᠪᠡᠳᠴᠢᠨ ᠢ ᠵᠠᠰᠠᠵᠤ ᠡᠳᠡᠭᠡᠷᠡᠭᠦᠯᠬᠦ ᠬᠡᠷᠡᠭᠲᠡᠢ᠃ | ᠢᠨᠵᠧᠨᠧᠷᠢᠩ ᠢ ᠲᠣᠭᠲᠠᠭᠠᠮᠠᠭᠴᠠ ᠠᠵᠢᠯ ᠢᠶᠠᠨ ᠱᠠᠯᠠᠪᠳᠠᠭᠤᠯᠤᠨ ᠡᠬᠢᠯᠡᠭᠦᠯᠵᠦ᠂ ᠪᠠᠷᠢᠯᠭ᠎ᠠ ᠶᠢᠨ ᠠᠵᠢᠯ ᠢᠶᠠᠨ | ᠲᠦᠷᠭᠡᠳᠬᠡᠵᠦ᠂ ᠲᠣᠭᠲᠠᠭᠰᠠᠨ ᠴᠠᠭ ᠲᠠᠭᠠᠨ ᠳᠠᠭᠤᠰᠬᠠᠬᠤ ᠬᠡᠷᠡᠭᠲᠡᠢ᠃ ᠤᠳᠤ ᠠᠴᠠ ᠡᠬᠢᠯᠡᠨ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠳᠠᠷᠤᠢ ᠲᠦᠷᠭᠡᠨ ᠬᠥᠳᠡᠯᠦᠯᠴᠡᠵᠦ᠂ ᠪᠠᠶᠢᠳᠠᠯ ᠢ ᠰᠠᠶᠢᠲᠤᠷ ᠪᠠᠶᠢᠷᠢᠯᠠᠭᠤᠯᠤᠨ᠂ | ᠰᠠᠶᠢᠨ ᠡᠭᠢᠯᠡᠯᠲᠡ ᠲᠠᠢ ᠪᠤᠯᠭᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠵᠢᠯ ᠤᠨ ᠡᠴᠦᠰ ᠪᠤᠯᠬᠤ ᠳᠤ | ᠰᠠᠶᠢᠨ ︽ᠬᠤᠷᠢᠶᠠᠯᠲᠠ︾ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠠᠷᠠᠳ ᠲᠦᠮᠡᠨ ᠳᠤ ᠪᠤᠶᠠᠨ ᠦᠢᠯᠡᠳᠬᠦ ᠳᠡᠭᠡᠨ ᠪᠢᠳᠠ ᠠᠷᠠᠳ ᠲᠦᠮᠡᠨ ᠳᠤ ᠠᠮᠠᠯᠳᠠᠭᠰᠠᠨ ᠶᠠᠪᠤᠳᠠᠯ ᠢᠶᠠᠨ | ᠡᠷᠬᠡᠪᠰᠢ ᠰᠠᠶᠢᠲᠤᠷ ᠬᠢᠬᠦ ᠬᠡᠷᠡᠭᠲᠡᠢ᠃ ᠣᠯᠠᠨ ᠲᠦᠮᠡᠨ ᠤ ᠠᠵᠢᠯ ᠣᠯᠭᠤᠯᠲᠠ᠂ ᠡᠪᠡᠳᠴᠢᠨ ᠦᠵᠡᠭᠦᠯᠭᠦ᠂ | ᠰᠤᠷᠭᠠᠭᠤᠯᠢ ᠳᠤ ᠣᠷᠣᠬᠤ᠂ ᠨᠠᠰᠤᠵᠢᠯ ᠤᠨ ᠠᠰᠠᠷᠠᠮᠵᠢ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ | ᠲᠦᠮᠡᠨ ᠢ ᠳᠠᠭᠢᠨ ᠲᠦᠪᠡᠭᠳᠡᠭᠦᠯᠵᠦ ᠵᠣᠪᠠᠭᠠᠬᠤ ᠦᠭᠡᠢ ᠪᠣᠯ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠠᠴᠠ ᠣᠯᠠᠨ ᠲᠦᠮᠡᠨ ᠳᠤ ᠠᠮᠠᠯᠳᠠᠭᠰᠠᠨ ᠠᠮᠠᠯᠠᠯᠲᠠ ᠮᠥᠨ᠃ ᠠᠮᠠᠯᠳᠠᠬᠤ ᠦᠶ᠎ᠡ ᠳᠡᠭᠡᠨ ᠪᠠᠷᠳᠠᠮ | ᠪᠠᠲᠤ ᠲᠠᠢ ᠲᠠᠩᠭᠠᠷᠢᠭᠯᠠᠵᠤ᠂ ᠨᠠᠶᠢᠳᠠᠪᠤᠷᠢᠵᠢᠭᠤᠯᠬᠤ ᠦᠶ᠎ᠡ ᠳᠤ ᠬᠥᠩᠭᠡᠨ ᠬᠠᠭᠤᠳᠠᠮ ᠢᠶᠠᠷ ᠬᠠᠨᠳᠤᠵᠤ ᠪᠤᠯᠬᠤ | ᠦᠭᠡᠢ᠃ ᠪᠢᠳᠡ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠥᠷᠨᠢᠭᠦᠯᠬᠦ ᠳᠤ᠂ ᠡᠩ ᠲᠡᠷᠢᠭᠦᠨ ᠳᠤ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠦᠷᠦᠭᠦᠯᠡᠨ ᠬᠡᠯᠡᠭᠰᠡᠨ ᠳᠡᠭᠡᠨ ᠵᠠᠪᠠᠯ ᠰᠠᠭᠤᠬᠤ | ᠬᠡᠷᠡᠭᠲᠡᠢ᠃ ᠪᠢᠳᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠪᠠᠷᠢᠮᠵᠢᠶ᠎ᠠ ᠶᠢ ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ᠪᠤᠶᠤ ᠲᠡᠭᠦᠨ ᠠᠴᠠ ᠳᠠᠪᠠᠭᠤᠯᠬᠤ ᠶᠢ | ᠠᠬᠢᠭᠤᠯᠵᠤ᠂ ᠠᠷᠠᠳ ᠣᠯᠠᠨ ᠤ ᠲᠠᠭᠠᠷᠠᠵᠤ ᠪᠡᠭᠡᠷᠡᠬᠦ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠨ᠎ᠡ ᠭᠡᠵᠦ | ᠳᠤᠷᠠᠳᠪᠠ᠃ ᠡᠨᠡ ᠬᠤᠶᠠᠷ ᠶᠡᠭᠡ ᠶᠠᠪᠤᠳᠠᠯ ᠪᠣᠯᠣᠨ ᠡᠨᠡ ᠤᠳᠠᠭ᠎ᠠ ᠶᠢᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠵᠢᠭᠰᠠᠭᠠᠨ ᠭᠠᠷᠭᠠᠭᠰᠠᠨ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯ | ᠪᠢᠳᠡᠨ ᠤ ᠪᠦᠭᠦ ᠣᠷᠣᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠪᠣᠯᠣᠨ᠎ᠠ᠂ ᠤᠯᠠᠨ ᠲᠦᠮᠡᠨ ᠦᠵᠡᠵᠦ᠂ | ᠬᠦᠰᠡᠨ ᠬᠦᠯᠢᠶᠡᠵᠦ ᠪᠠᠶᠢᠨ᠎ᠠ᠂ ᠪᠢᠳᠡ ᠬᠡᠯᠡᠭᠰᠡᠨ ᠢᠶᠠᠨ ᠢᠳᠡᠵᠦ ᠭᠡᠭᠡᠷᠡᠭᠰᠡᠨ ᠢᠶᠠᠨ ᠵᠠᠯᠭᠢᠵᠤ ᠶᠠᠭᠠᠬᠢᠭᠰᠠᠨ | ᠴᠤ ᠪᠤᠯᠬᠤ ᠦᠭᠡᠢ︕ ᠺᠠᠳ᠋ᠷ ᠪᠤᠯᠬᠤ ᠳᠤ ᠴᠠᠭ ᠢᠮᠠᠭᠲᠠ ᠠᠷᠠᠳ ᠤᠯᠠᠨ ᠤ ᠲᠥᠯᠥᠭᠡ ᠰᠠᠨᠠᠭᠠᠰᠢᠷᠠᠵᠤ᠂ ᠠᠷᠠᠳ | ᠤᠯᠠᠨ ᠳᠤ ᠢᠯᠡᠭᠦᠬᠡᠨ ᠪᠤᠶᠠᠨ ᠦᠢᠯᠡᠳᠬᠦ ᠬᠡᠷᠡᠭᠲᠡᠢ᠃ ︽ᠠᠷᠪᠢᠯᠠᠨ ᠭᠠᠮᠨᠠᠵᠤ ᠠᠮᠢᠳᠤᠷᠠᠬᠤ︾ ᠪᠣᠯ ᠡᠯ᠎ᠡ | ᠱᠠᠲᠤᠨ ᠤ ᠨᠠᠮ ᠵᠠᠰᠠᠭ ᠤᠨ ᠪᠠᠶᠢᠭᠤᠯᠭ᠎ᠠ ᠳᠤ ᠲᠠᠯᠪᠢᠵᠤ ᠪᠠᠶᠢᠭ᠎ᠠ ᠱᠠᠭᠠᠷᠳᠠᠯᠭ᠎ᠠ ᠮᠥᠨ᠂ ᠠᠷᠠᠳ ᠤᠨ ᠠᠮᠢᠳᠤᠷᠠᠯ ᠢ | ᠪᠠᠲᠤᠯᠠᠬᠤ ᠳᠤ ᠤᠷᠤᠭᠤᠯᠤᠯᠳᠠ ᠶᠢ ᠪᠠᠭᠠᠰᠬᠠᠵᠤ ᠪᠤᠯᠬᠤ ᠦᠭᠡᠢ᠂ ᠠᠷᠠᠳ ᠤᠯᠠᠨ ᠤ ᠲᠥᠯᠥᠭᠡ ᠵᠠᠷᠤᠬᠤ ᠶᠣᠰᠣᠲᠠᠢ | ᠵᠣᠭᠤᠰ ᠢ ᠨᠢᠭᠡ ᠮᠥᠩᠭᠦ ᠴᠦ ᠪᠠᠭᠠᠰᠬᠠᠵᠤ ᠪᠤᠯᠬᠤ ᠦᠭᠡᠢ᠂ ᠨᠢᠭᠡ ᠮᠥᠩᠭᠦ ᠶᠢ ᠴᠦ ᠠᠷᠪᠢᠯᠠᠵᠤ ᠪᠤᠯᠬᠤ ᠦᠭᠡᠢ︕ | ᠨᠢᠳᠤᠨᠤᠨ ᠠᠴᠠ ᠨᠠᠭᠠᠰᠢ᠂ ᠪᠢᠳᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭ᠎ᠠ ᠶᠢ | ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠨᠢᠭᠡ ᠪᠦᠯᠦᠭ ᠰᠢᠯᠢᠳᠡᠭ ᠡᠮ | ᠡᠮᠨᠡᠯᠭᠡ ᠪᠠ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠪᠡᠭᠡᠵᠢᠩ ᠤᠨ ᠮᠢᠩᠭ᠎ᠠ ᠰᠢᠬᠠᠮ | ᠪᠠᠭᠰᠢ ᠡᠮᠴᠢ ᠨᠠᠷ ᠢ ᠠᠪᠴᠢᠷᠠᠵᠤ ᠥᠪᠥᠷ ᠮᠣᠩᠭᠤᠯ ᠢ ᠲᠤᠰᠠᠯᠠᠭᠤᠯᠪᠠ᠃ ᠪᠢᠳᠡ ᠪᠡᠭᠡᠵᠢᠩ ᠤᠨ ᠬᠦᠴᠦᠨ ᠢ | ᠦᠷᠭᠦᠯᠵᠢᠯᠡᠨ ᠰᠠᠶᠢᠲᠤᠷ ᠠᠰᠢᠭᠯᠠᠨ᠂ ᠮᠠᠨ ᠤ ᠣᠷᠣᠨ ᠤ ᠡᠮ ᠡᠮᠨᠡᠯᠭᠡ ᠰᠤᠷᠭᠠᠨ ᠬᠥᠮᠦᠵᠢᠯ ᠤᠨ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠤᠯᠠᠨ ᠲᠦᠮᠡᠨ ᠢ ᠭᠡᠷ ᠤᠨ ᠡᠭᠦᠳᠡᠨ ᠳᠡᠭᠡᠨ ᠡᠪᠡᠳᠴᠢᠨ ᠢᠶᠠᠨ ᠰᠠᠶᠢᠲᠤᠷ | ᠡᠮᠨᠡᠭᠦᠯᠵᠦ ᠲᠡᠶᠢᠯᠭᠦ ᠰᠠᠶᠢᠲᠤᠷ ᠰᠤᠷᠤᠯᠴᠠᠭᠤᠯᠵᠤ ᠲᠡᠶᠢᠯᠭᠦ ᠶᠢ ᠪᠡᠶᠡᠯᠡᠭᠦᠯᠬᠦ ᠪᠠᠷ ᠴᠢᠷᠮᠠᠶᠢᠪᠠ᠃ | ᠦᠨᠡᠨ ᠬᠦ ᠠᠳᠬᠤᠵᠤ ᠪᠣᠳᠠᠲᠠᠢ ᠠᠵᠢᠯᠯᠠᠬᠤ ᠳᠤ ᠡᠷᠬᠡᠪᠰᠢ ᠲᠡᠮᠡᠴᠡᠯ ᠤᠨ ᠵᠣᠷᠢᠭ ᠪᠠᠶᠢᠬᠤ ᠬᠡᠷᠡᠭᠲᠡᠢ᠂ ᠪᠢᠳᠠ | ᠮᠣᠩᠭᠤᠯ ᠮᠣᠷᠢᠨ ᠳᠤ ᠣᠨᠴᠠ ᠪᠠᠶᠢᠳᠠᠭ ᠡᠷᠡᠰ ᠬᠠᠳᠠᠨ ᠡᠷᠴᠢ ᠵᠣᠷᠢᠭ ᠢ ᠢᠮᠠᠭᠲᠠ ᠪᠠᠷᠢᠮᠲᠠᠯᠠᠬᠤ ᠬᠡᠷᠡᠭᠲᠡᠢ᠃ | ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ︽ᠵᠢᠷᠭᠤᠭᠠᠨ | ᠢᠨᠵᠧᠨᠧᠷᠢᠩ︾ ᠢ ᠠᠬᠢᠭᠤᠯᠬᠤ ᠳᠤ ᠴᠥᠮ ᠪᠣᠳᠠᠲᠠᠢ ᠠᠵᠢᠯᠯᠠᠬᠤ᠂ ᠪᠣᠳᠠᠲᠠᠢ ᠶᠢ ᠡᠷᠭᠢᠮᠯᠡᠭᠦ᠂ ︽ᠦᠷ᠎ᠡ ᠪᠦᠲᠦᠮᠵᠢ︾ | ᠶᠢ ᠡᠷᠭᠢᠮᠯᠡᠭᠦ ᠳᠤ ᠲᠦᠰᠢᠭᠯᠡᠵᠦ᠂ ᠬᠠᠷᠠᠯᠲᠠ ᠪᠠᠨ ᠲᠣᠭᠲᠠᠭᠠᠵᠤ᠂ ᠨᠢᠭᠡ ᠯᠠ ᠰᠡᠳᠬᠢᠯ ᠢᠶᠠᠷ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠭ᠎ᠠ ᠪᠦᠭᠦᠨ ᠢ ᠰᠦᠪᠡᠭᠴᠢᠯᠡᠨ ᠦᠷ᠎ᠡ ᠪᠦᠳᠦᠮᠵᠢ ᠭᠠᠷᠭᠠᠬᠤ ᠬᠡᠷᠡᠭᠲᠡᠢ᠃ | ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠲᠦᠢᠯᠪᠤᠷᠢᠲᠠᠢ ᠴᠡᠭᠴᠡᠯᠡᠨ | ᠵᠠᠰᠠᠵᠤ᠂ ᠡᠯ᠎ᠡ ᠲᠠᠯ᠎ᠠ ᠶᠢᠨ ᠠᠵᠢᠯ ᠢ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ ᠶᠢ | ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ ᠬᠥᠮᠥᠨ ᠢ ᠶᠠᠳᠠᠷᠠᠭᠠᠨᠠ᠂ ᠠᠯᠢ ᠱᠠᠲᠤᠨ ᠤ ᠺᠠᠳ᠋ᠷ ᠭᠡᠰᠡᠨ ᠦᠭᠡᠢ | ᠴᠥᠮ ᠬᠢᠵᠠᠭᠠᠷ ᠲᠠᠢ ᠤᠶᠤᠨ ᠴᠢᠳᠠᠯ ᠢᠶᠠᠨ ᠶᠠᠭᠠᠬᠢᠭᠰᠠᠨ ᠴᠤ ᠶᠠᠩᠵᠤ ᠳᠦᠷᠢ ᠦᠵᠡᠭᠦᠯᠵᠦ᠂ ᠣᠷᠣᠮ ᠮᠥᠷ | ᠦᠯᠡᠳᠡᠭᠡᠬᠦ ᠳᠤ ᠬᠡᠷᠡᠭᠯᠡᠵᠦ ᠪᠤᠯᠬᠤ ᠦᠭᠡᠢ᠃ ᠮᠣᠩᠭᠤᠯ ᠮᠣᠷᠢ ᠰᠢᠭ᠋ ︽ᠲᠡᠰᠪᠦᠷᠢ ᠬᠠᠲᠠᠭᠤᠵᠢᠯᠲᠠᠢ᠂ ᠴᠤᠴᠠᠯᠲᠠ | ᠦᠭᠡᠢ ᠤᠷᠤᠭᠰᠢᠯᠠᠬᠤ᠂ ᠵᠣᠷᠢᠭᠰᠠᠨ ᠳᠠᠭᠠᠨ ᠬᠦᠷᠬᠦ ᠦᠭᠡᠢ ᠪᠣᠯ ᠵᠣᠬᠰᠣᠬᠤ ᠦᠭᠡᠢ︾ ᠡᠶᠢᠮᠦ ᠡᠷᠡᠰ ᠬᠠᠲᠠᠭᠤ | ᠡᠷᠴᠢ ᠵᠣᠷᠢᠭ ᠲᠠᠢ ᠪᠠᠶᠢᠪᠠᠯ ᠮᠠᠨ ᠤ ᠦᠢᠯᠡᠰ ᠯᠠᠪᠲᠠᠢ ᠢᠯᠠᠯᠲᠠ ᠣᠯᠵᠤ ᠴᠢᠳᠠᠨ᠎ᠠ᠃ ᠲᠡᠮᠡᠴᠡᠯ ᠤᠨ ᠵᠣᠷᠢᠭ | ᠰᠠᠨᠠᠭ᠎ᠠ ᠲᠠᠢ ᠪᠠᠶᠢᠵᠤ᠂ ᠵᠣᠷᠢᠭᠲᠠᠢ ᠬᠢᠵᠦ ᠵᠣᠷᠢᠭᠲᠠᠢ ᠲᠤᠷᠰᠢᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ | ᠵᠣᠷᠢᠭ ᠰᠠᠨᠠᠭ᠎ᠠ ᠪᠣᠯᠣᠨ ᠤᠯᠤᠰ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠵᠥᠷᠢᠴᠡᠬᠦ ᠦᠭᠡᠢ᠂ ᠴᠢᠨᠠᠷ | ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠵᠦ᠂ ᠠᠷᠠᠳ ᠤᠯᠠᠨ ᠳᠤ ᠠᠰᠢᠭᠲᠠᠢ ᠯᠠ ᠶᠤᠮ ᠪᠣᠯ | ᠵᠣᠷᠢᠭᠲᠠᠢ ᠪᠠᠷ ᠭᠠᠪᠰᠢᠭᠠᠶᠢᠯᠠᠨ ᠲᠡᠮᠡᠴᠡᠵᠦ ᠵᠣᠷᠢᠭᠲᠠᠢ ᠪᠠᠷ ᠬᠢᠬᠦ ᠬᠡᠷᠡᠭᠲᠡᠢ᠃ | ᠲᠥᠯᠥᠭᠡᠯᠡᠭᠴᠢᠳ ᠠ᠋᠂ ᠨᠥᠬᠦᠳ ᠠ᠋︕ | ᠥᠪᠥᠷ ᠮᠣᠩᠭᠤᠯ ᠪᠣᠯ ᠮᠠᠨ ᠤ ᠭᠡᠷ ᠮᠥᠨ᠂ ᠬᠥᠭᠵᠢᠬᠦ ᠳᠤ ᠤᠯᠠᠨ ᠪᠦᠭᠦᠳᠡ ᠳᠤ ᠲᠦᠰᠢᠭᠯᠡᠨ᠎ᠡ᠃ ᠥᠷᠭᠡᠨ | ᠠᠭᠤᠳᠠᠮ ᠰᠦᠷᠯᠢᠭ ᠰᠠᠶᠢᠬᠠᠨ ᠥᠪᠥᠷ ᠮᠣᠩᠭᠤᠯ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ | ᠪᠠᠶᠢᠭᠤᠯᠵᠤ᠂ ᠬᠢᠵᠠᠭᠠᠯᠠᠰᠢ ᠦᠭᠡᠢ ᠳᠠᠯᠳᠠ ᠬᠦᠴᠦᠨ ᠲᠠᠢ ᠥᠪᠥᠷ ᠮᠣᠩᠭᠤᠯ ᠢᠶᠠᠨ ᠨᠠᠩ ᠰᠠᠶᠢᠲᠤᠷ ᠬᠥᠭᠵᠢᠭᠦᠯᠬᠦ | ᠪᠣᠯ ᠪᠢᠳᠡᠨ ᠤ ᠨᠠᠮ ᠤᠨ ᠲᠥᠪ ᠬᠤᠷᠢᠶ᠎ᠠ ᠳᠤ ᠬᠠᠷᠢᠭᠤᠴᠠᠬᠤ᠂ ᠪᠦᠭᠦ ᠣᠷᠣᠨ ᠤ 2400 ᠭᠠᠷᠤᠢ ᠲᠦᠮᠡᠨ ᠠᠷᠠᠳ | ᠲᠦᠮᠡᠨ ᠳᠤ ᠬᠠᠷᠢᠭᠤᠴᠠᠬᠤ ᠡᠭᠦᠷᠭᠡ ᠬᠠᠷᠢᠭᠤᠴᠠᠯᠭ᠎ᠠ ᠮᠥᠨ᠃ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ᠂ | ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ | ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠢᠨ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠡᠭᠦᠷᠭᠡᠯᠡᠵᠦ᠂ | ᠥᠷᠭᠡᠨ ᠤᠯᠠᠨ ᠺᠠᠳ᠋ᠷ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ ᠬᠥᠮᠥᠨ | ᠨᠢᠭᠡ ᠪᠦᠷᠢ ᠡᠵᠡᠨ ᠬᠥᠮᠥᠨ ᠤ ᠪᠠᠲᠤ ᠴᠢᠩᠭ᠎ᠠ ᠵᠣᠷᠢᠭ ᠰᠠᠨᠠᠭ᠎ᠠ ᠪᠠᠷ ᠮᠠᠨ ᠤ ᠰᠠᠶᠢᠨ ᠰᠠᠶᠢᠬᠠᠨ ᠭᠡᠷ ᠣᠷᠣᠨ ᠢᠶᠠᠨ | ᠪᠦᠲᠦᠭᠡᠨ ᠪᠠᠶᠢᠭᠤᠯᠬᠤ ᠬᠡᠷᠡᠭᠲᠡᠢ᠃ ᠵᠦᠪᠭᠡᠨ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠡᠰᠪᠦᠷᠢ ᠬᠠᠲᠠᠭᠤᠵᠢᠯᠲᠠᠢ ᠪᠠᠷ ᠰᠢᠨ᠎ᠡ | ᠵᠠᠮ ᠢ ᠨᠡᠭᠡᠭᠡᠵᠦ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ ᠳᠤ ᠣᠷᠣᠪᠠᠯ᠂ ᠥᠪᠥᠷ ᠮᠣᠩᠭᠤᠯ ᠮᠠᠨᠢ | ᠭᠡᠭᠡᠨ ᠰᠠᠷᠠᠭᠤᠯ ᠢᠷᠡᠭᠡᠳᠦᠢ ᠶᠢ ᠤᠭᠲᠤᠬᠤ ᠨᠢ ᠯᠠᠪᠲᠠᠢ ᠶᠤᠮ︕ | ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ᠂ ᠠᠳᠡ ᠪᠢ ᠲᠥᠯᠥᠭᠡᠯᠡᠭᠴᠢᠳ ᠲᠤ ᠰᠢᠨ᠎ᠡ ᠵᠢᠯ ᠤᠨ | ᠮᠡᠨᠳᠦ ᠬᠦᠷᠭᠡᠶ᠎ᠡ᠂ ᠮᠥᠨ ᠴᠦ ᠡᠨᠡ ᠬᠦ ᠲᠠᠰᠢᠷᠠᠮ ᠢᠶᠠᠷ ᠪᠦᠭᠦ ᠣᠷᠣᠨ ᠤ ᠠᠷᠠᠳ ᠲᠦᠮᠡᠨ ᠳᠤ ᠴᠠᠭᠠᠨ ᠰᠠᠷ᠎ᠠ ᠶᠢᠨ | ᠵᠥᠩᠨᠡᠯ ᠳᠡᠪᠰᠢᠭᠦᠯᠵᠦ ᠪᠠᠶᠢᠨ᠎ᠠ᠂ ᠣᠯᠠᠨ ᠢᠶᠠᠷ ᠢᠶᠠᠨ ᠰᠢᠨ᠎ᠡ ᠨᠢᠭᠡᠨ ᠵᠢᠯ ᠳᠤ ᠪᠡᠶ᠎ᠡ ᠮᠠᠬᠠᠪᠤᠳ ᠡᠷᠡᠭᠦᠯ ᠴᠢᠭᠢᠷᠠᠭ᠂ | ᠠᠵᠢᠯ ᠦᠢᠯᠡᠰ ᠠᠮᠵᠢᠯᠲᠠ ᠲᠠᠢ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠵᠥᠩᠨᠡᠶ᠎ᠡ︕ |