ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠰᠤᠷᠭᠠᠭᠤᠯᠢ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2024/3/1
      2 ᠰᠠᠷ᠎ᠠ ᠶᠢᠨ 26᠎ ᠤ ᠡᠳᠦᠷ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠠᠴᠢᠶᠠᠯᠠᠵᠤ᠂ ᠠᠯᠠᠱᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠯᠠᠭᠤᠨ ᠬᠦᠰᠡᠯ ᠡᠷᠡᠮᠡᠯᠵᠡᠯ ᠢ ᠨᠢᠭᠲᠠᠷᠠᠭᠤᠯᠵᠤ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠰᠤᠷᠭᠠᠭᠤᠯᠢ ᠶᠢᠨ ᠫᠠᠶᠢᠰᠠ ᠰᠡᠬᠦᠬᠦ ᠶᠣᠰᠣᠯᠠᠯ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠳᠤ ᠶᠠᠪᠤᠭᠳᠠᠪᠠ᠂ ᠡᠨᠡ ᠨᠢ ᠮᠠᠨ ᠤ ᠠᠶᠢᠮᠠᠭ ᠰᠢᠨ᠎ᠡ ᠬᠥᠭᠵᠢᠯᠲᠡ ᠶᠢᠨ ᠠᠶᠠᠨ ᠵᠠᠮ ᠳᠤ ᠣᠷᠣᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠰᠦᠪᠡᠭᠴᠢᠯᠡᠨ ᠠᠬᠢᠭᠤᠯᠬᠤ ᠲᠠᠯ᠎ᠠ ᠪᠠᠷ ᠴᠤ᠋ ᠰᠢᠨ᠎ᠡ ᠬᠠᠭᠤᠳᠠᠰᠤ ᠶᠢ ᠨᠡᠭᠡᠭᠡᠭᠰᠡᠨ ᠢ ᠬᠠᠷᠠᠭᠤᠯᠵᠤ ᠪᠠᠶᠢᠨ᠎ᠠ᠃     ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠳᠡᠳ᠋ ᠵᠠᠬᠢᠷᠤᠯ ᠯᠢ ᠹᠧᠩ ᠵᠢᠶᠦ᠋ᠨ ᠠᠵᠢᠯᠯᠠᠭ᠎ᠠ ᠳᠤ ᠣᠷᠣᠯᠴᠠᠭᠰᠠᠨ ᠪᠥᠭᠡᠳ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠰᠤᠷᠭᠠᠭᠤᠯᠢ ᠶᠢᠨ ᠫᠠᠶᠢᠰᠠ ᠶᠢ       ᠰᠡᠬᠦᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠰᠢᠨ᠎ᠡ ᠪᠠᠷ ᠤᠷᠢᠵᠤ ᠬᠡᠷᠡᠭᠯᠡᠭᠰᠡᠨ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠳᠡᠳ᠋ ᠵᠠᠬᠢᠷᠤᠯ ᠴᠠᠢ ᠪᠦᠦ ᠫᠢᠩ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠸᠢ ᠬᠠᠶ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ ᠠᠶᠢᠮᠠᠭ ᠤᠨ ᠳᠡᠳ᠋ ᠳᠠᠷᠤᠭ᠎ᠠ ᠯᠢᠦ ᠳ᠋ᠧ ᠼᠦᠢ ᠶᠣᠰᠣᠯᠠᠯ ᠢ ᠡᠷᠭᠢᠯᠡᠪᠡ᠃ ᠰᠤᠷᠭᠠᠨ ᠬᠥᠮᠦᠵᠢᠯ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠪᠠᠰᠠ ᠴᠤ ᠬᠠᠮᠤᠭ ᠤᠨ ᠶᠡᠭᠡ ᠠᠷᠠᠳ ᠤᠨ ᠰᠡᠳᠬᠢᠯ ᠮᠥᠨ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠬᠥᠭᠵᠢᠯᠲᠡ ᠶᠢᠨ ᠲᠥᠯᠥᠪᠵᠢᠭᠦᠯᠭᠡ᠂ ᠪᠠᠯᠠ ᠮᠥᠩᠭᠦ ᠶᠢᠨ ᠣᠷᠣᠭᠤᠯᠤᠯᠲᠠ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠵᠡᠷᠭᠡ ᠡᠯ᠎ᠡ ᠲᠠᠯ᠎ᠠ ᠠᠴᠠ ᠡᠩ ᠲᠡᠷᠢᠭᠦᠨ ᠳᠤ ᠪᠠᠲᠤᠯᠠᠭ᠎ᠠ ᠪᠠ ᠳᠡᠮᠵᠢᠯᠭᠡ ᠦᠵᠡᠭᠦᠯᠵᠦ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠦᠢᠯᠡᠰ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠳᠤ ᠳᠠᠪᠰᠢᠬᠤ ᠶᠢ ᠠᠬᠢᠭᠤᠯᠪᠠ᠃       ᠲᠣᠰ ᠤᠳᠠᠭ᠎ᠠ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠨᠢ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠲᠠᠢ ᠬᠠᠮᠲᠤ ᠶᠢᠨ ᠴᠣᠭᠴᠠ ᠶᠢᠨ ᠰᠤᠷᠭᠠᠭᠤᠯᠢ ᠪᠣᠯᠵᠣ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠨᠢ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ᠂ ᠲᠤᠰᠬᠠᠶ ᠮᠡᠷᠭᠡᠵᠢᠯᠲᠡᠨ ᠵᠡᠷᠭᠡ ᠬᠠᠮᠢᠶᠠᠷᠤᠯᠲᠠ ᠶᠢᠨ ᠪᠦᠯᠬᠦᠮ ᠢ ᠲᠣᠮᠢᠯᠠᠨ ᠰᠤᠷᠭᠠᠭᠤᠯᠢ ᠳᠤ ᠰᠠᠭᠤᠯᠭᠠᠵᠤ᠂ ᠪᠡᠭᠡᠵᠢᠩ ᠤᠨ ᠲᠡᠷᠢᠭᠦᠨ ᠤ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ᠂ ᠰᠤᠷᠭᠠᠭᠤᠯᠢ ᠡᠷᠭᠢᠯᠡᠬᠦ ᠲᠤᠷᠰᠢᠯᠭ᠎ᠠ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠠᠷᠭ᠎ᠠ ᠪᠠ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠰᠢᠭᠯᠠᠨ ᠬᠠᠮᠲᠤ ᠪᠠᠷ ᠰᠤᠷᠭᠠᠭᠤᠯᠢ ᠪᠠᠶᠢᠭᠤᠯᠪᠠ᠂ ᠡᠨᠡ ᠪᠣᠯ ᠮᠠᠨ ᠤ ᠠᠶᠢᠮᠠᠭ ᠤᠨ ᠰᠤᠷᠭᠠᠨ ᠬᠥᠮᠦᠵᠢᠯ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠰᠠ ᠨᠢᠭᠡᠨ ᠪᠡᠯᠭᠡ ᠲᠡᠮᠳᠡᠭ ᠤᠨ ᠴᠢᠨᠠᠷᠳᠠᠢ ᠰᠦᠪᠡᠭᠴᠢᠯᠡᠯᠲᠡ ᠪᠣᠯᠤᠨ᠎ᠠ᠃ ᠬᠤᠶᠠᠷ ᠲᠠᠯ᠎ᠠ ᠪᠠᠷ ᠢᠶᠠᠨ ᠲᠤᠰᠬᠠᠶ ᠮᠡᠷᠭᠡᠵᠢᠯᠲᠡᠳ ᠢᠶᠠᠷ ᠬᠥᠲᠥᠯᠥᠨ ᠳᠠᠭᠠᠭᠤᠯᠬᠤ᠂ ᠪᠠᠭᠰᠢ ᠶᠢᠨ ᠠᠵᠢᠯ ᠤᠨ ᠪᠠᠶᠢᠷᠢ ᠶᠢ ᠮᠥᠷᠳᠡᠬᠦ᠂ ᠪᠠᠶᠢᠩᠭᠤ ᠶᠢᠨ ᠵᠢᠭᠠᠨ ᠰᠣᠷᠭᠠᠯᠳᠠ ᠰᠤᠳᠤᠯᠭᠠᠨ᠂ ᠬᠢᠴᠢᠶᠡᠯ ᠤᠨ ᠪᠠᠶᠢᠭᠤᠯᠤᠯᠲᠠ᠂ ᠰᠤᠷᠤᠭᠴᠢᠳ ᠤᠨ ᠰᠣᠯᠢᠯᠴᠠᠭ᠎ᠠ ᠵᠡᠷᠭᠡ ᠲᠠᠯ᠎ᠠ ᠪᠠᠷ ᠭᠦᠨᠵᠡᠭᠡᠶ ᠬᠠᠮᠲᠤᠷᠠᠯᠴᠠᠵᠤ᠂ ᠴᠢᠨᠠᠷ ᠰᠠᠶᠢᠲᠠᠶ ᠨᠠᠷᠠᠲᠤ ᠰᠤᠷᠭᠠᠭᠤᠯᠢ ᠶᠢ ᠪᠠᠶᠢᠭᠤᠯᠬᠤ ᠶᠢᠨ ᠬᠠᠮᠲᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠬᠢᠷᠢ ᠲᠦᠪᠰᠢᠨ ᠢ ᠨᠥᠯᠥᠭᠡᠯᠡᠨ ᠳᠠᠶᠢᠴᠢᠯᠠᠵᠤ᠂ ᠠᠯᠠᠱᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠳᠠᠪᠰᠢᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠣᠶᠢᠯᠠᠭᠠᠭᠰᠠᠨ ᠢᠶᠠᠷ᠂ 3 ᠳ᠋ᠤᠭᠠᠷ ᠰᠠᠷ᠎ᠠ ᠶᠢᠨ 3᠎ ᠤ ᠡᠳᠦᠷ᠂ ᠮᠠᠨ ᠤ ᠠᠶᠢᠮᠠᠭ ᠲᠦᠷᠦᠭᠦᠤ ᠪᠦᠯᠦᠭ ᠤᠨ 20 ᠰᠢᠯᠢᠳᠡᠭ ᠵᠠᠯᠠᠭᠤ ᠪᠠᠭᠰᠢ ᠶᠢ ᠰᠣᠩᠭᠤᠨ ᠲᠣᠮᠢᠯᠠᠵᠤ ᠨᠡᠶᠢᠰᠯᠡᠯ ᠤᠨ ᠨᠠᠷᠠᠲᠤ ᠰᠤᠷᠭᠠᠭᠤᠯᠢ ᠳᠤ ᠣᠴᠢᠭᠤᠯᠤᠨ ᠨᠢᠭᠡ ᠰᠤᠷᠤᠯᠭ᠎ᠠ ᠶᠢᠨ ᠬᠤᠭᠤᠴᠠᠭᠠᠨ ᠤ ᠠᠵᠢᠯ ᠤᠨ ᠪᠠᠶᠢᠷᠢ ᠪᠠᠨ ᠳᠠᠭᠠᠵᠤ ᠰᠤᠳᠤᠯᠤᠨ ᠰᠤᠷᠤᠯᠴᠠᠭᠤᠯᠬᠤ ᠪᠣᠯᠤᠨ᠎ᠠ᠃ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠳᠡᠳ᠋ ᠵᠠᠬᠢᠷᠤᠯ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠰᠤᠷᠭᠠᠭᠤᠯᠢ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠶᠢᠨ ᠵᠠᠬᠢᠷᠤᠯ ᠯᠢ ᠹᠧᠩ ᠵᠢᠶᠦ᠋ᠨ ᠠᠴᠠ᠂ ᠨᠡᠶᠢᠰᠯᠡᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠂ ᠴᠢᠳᠠᠪᠤᠷᠢᠲᠠᠨ ᠢ ᠬᠥᠮᠦᠵᠢᠭᠦᠯᠬᠦ᠂ ᠤᠷᠠᠯᠢᠭ ᠰᠢᠨᠵᠢᠯᠡᠬᠦ ᠤᠬᠠᠭᠠᠨ ᠮᠡᠷᠭᠡᠵᠢᠯ ᠪᠠ ᠨᠡᠷᠡᠳᠦ ᠳᠡᠭᠡᠳᠦ ᠰᠤᠷᠭᠠᠭᠤᠯᠢ ᠵᠡᠷᠭᠡ ᠴᠢᠨᠠᠷ ᠰᠠᠶᠢᠲᠠᠶ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠠᠪᠤᠨ ᠵᠦᠢᠯ ᠤᠨ ᠠᠵᠢᠯ ᠤᠨ ᠲᠣᠭᠤᠷᠢᠨ ᠳᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠥᠷᠨᠢᠭᠦᠯᠦᠨ᠎ᠡ᠃ ᠳᠣᠬᠠᠶᠢᠯᠠᠪᠠᠯ᠂ ᠡᠭᠦᠷᠭᠡ ᠬᠠᠷᠢᠭᠤᠴᠠᠯᠭ᠎ᠠ ᠪᠠᠨ ᠬᠠᠮᠲᠤ ᠪᠠᠷ ᠡᠭᠦᠷᠭᠡᠯᠡᠵᠦ᠂ ᠠᠷᠠᠳ ᠤᠯᠠᠨ ᠳᠤ ᠲᠠᠭᠠᠰᠢᠶᠠᠭᠳᠠᠭᠰᠠᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢ ᠰᠠᠨᠠᠭ᠎ᠠ ᠠᠮᠤᠷ ᠪᠠᠶᠢᠯᠭᠠᠬᠤ ᠰᠢᠯᠢᠳᠡᠭ ᠰᠤᠷᠭᠠᠭᠤᠯᠢ ᠪᠣᠯᠭᠠᠨ ᠪᠠᠶᠢᠭᠤᠯᠬᠤ ᠪᠠᠷ ᠴᠢᠷᠮᠠᠶᠢᠨ᠎ᠠ︔ ᠬᠦᠰᠡᠯ ᠡᠷᠡᠮᠡᠯᠵᠡᠯ ᠢᠶᠠᠨ ᠬᠠᠮᠲᠤ ᠪᠠᠷ ᠵᠥᠪᠯᠡᠵᠦ᠂ ᠰᠤᠷᠭᠠᠭᠤᠯᠢ ᠶᠢᠨ ᠱᠠᠲᠤ ᠦᠶ᠎ᠡ ᠨᠢᠭᠡᠪᠦᠷᠢ ᠶᠢᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠨ᠎ᠠ︔ ᠶᠡᠭᠡ ᠰᠤᠷᠭᠠᠭᠤᠯᠢ ᠶᠢᠨ ᠫᠷᠤᠹᠧᠰᠰᠤᠷ᠂ ᠳᠤᠮᠳᠠᠳᠤ ᠪᠠᠭ᠎ᠠ ᠰᠤᠷᠭᠠᠭᠤᠯᠢ ᠶᠢᠨ ᠣᠨᠴᠠ ᠲᠠᠰ ᠤᠨ ᠪᠠᠭᠰᠢ ᠵᠡᠷᠭᠡ ᠶᠢ ᠪᠠᠭᠲᠠᠭᠠᠭᠰᠠᠨ ᠲᠤᠰᠬᠠᠶ ᠮᠡᠷᠭᠡᠵᠢᠯᠲᠡᠨ ᠤ ᠪᠦᠯᠬᠦᠮ ᠢ ᠬᠠᠮᠳᠣ ᠪᠠᠷ ᠵᠣᠬᠢᠶᠠᠨ ᠪᠠᠶᠢᠭᠤᠯᠵᠤ᠂ ᠰᠤᠷᠭᠠᠭᠤᠯᠢ ᠶᠢᠨ ᠬᠥᠭᠵᠢᠯᠲᠡ ᠶᠢᠨ ᠬᠡᠷᠡᠭᠴᠡᠭᠡ ᠳᠤ ᠬᠠᠨᠳᠤᠯᠭ᠎ᠠ ᠲᠠᠢ ᠪᠠᠷ ᠦᠢᠯᠡᠴᠢᠯᠡᠨ᠎ᠡ︔ ᠣᠨᠴᠠᠯᠢᠭ ᠢ ᠬᠠᠮᠲᠤ ᠪᠠᠷ ᠪᠣᠢ       ᠪᠣᠯᠭᠠᠵᠦ᠂ ᠰᠤᠷᠭᠠᠭᠤᠯᠢ ᠶᠢᠨ ᠥᠪᠡᠷᠮᠢᠴᠡ ᠰᠤᠷᠭᠠᠨ ᠬᠥᠮᠦᠵᠢᠯ ᠤᠨ ᠣᠨᠴᠠᠯᠢᠭ ᠪᠠ ᠳᠠᠪᠠᠭᠤᠯᠢᠭ ᠢ ᠨᠢᠭᠲᠠᠷᠠᠭᠤᠯᠤᠨ ᠪᠣᠶ ᠪᠣᠯᠭᠠᠨ᠎ᠠ︔ ᠬᠠᠮᠲᠤ ᠪᠠᠷ ᠲᠠᠪᠴᠠᠩ ᠪᠠᠶᠢᠭᠤᠯᠵᠤ᠂ ᠵᠢᠯ ᠪᠦᠷᠢ ᠨᠢᠭᠡ ᠤᠳᠠᠭ᠎ᠠ ᠨᠥᠯᠥᠭᠡᠯᠡᠬᠦ ᠬᠦᠴᠦᠨ ᠲᠠᠢ ᠡᠷᠳᠡᠮ ᠰᠢᠨᠵᠢᠯᠡᠭᠡᠨ ᠤ ᠶᠠᠷᠢᠶᠠᠨ ᠤ ᠲᠠᠪᠴᠠᠩ ᠢ ᠡᠷᠬᠢᠯᠡᠵᠦ᠂ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠭᠤᠷ ᠠᠮᠢᠰᠬᠤᠯ ᠢ ᠪᠤᠢ ᠪᠣᠯᠭᠠᠨ᠎ᠠ᠃ ᠲᠤᠰᠬᠠᠶ ᠮᠡᠷᠭᠡᠵᠢᠯᠲᠡᠳ ᠬᠥᠲᠥᠯᠥᠨ ᠳᠠᠭᠠᠭᠤᠯᠬᠤ᠂ ᠪᠠᠭᠰᠢ ᠠᠵᠢᠯ ᠤᠨ ᠪᠠᠶᠢᠷᠢ ᠳᠠᠭᠠᠵᠤ᠂ ᠵᠢᠭᠠᠨ ᠰᠤᠳᠤᠯᠬᠤ ᠠᠵᠢᠯ᠂ ᠬᠢᠴᠢᠶᠡᠯ ᠤᠨ ᠪᠠᠶᠢᠭᠤᠯᠤᠯᠲᠠ᠂ ᠰᠤᠷᠤᠭᠴᠢᠳ ᠤᠨ ᠰᠣᠯᠢᠯᠴᠠᠭ᠎ᠠ ᠵᠡᠷᠭᠡ ᠲᠠᠯ᠎ᠠ ᠪᠠᠷ ᠭᠦᠨᠵᠡᠭᠡᠶ ᠬᠠᠮᠲᠤᠷᠠᠯᠴᠠᠵᠤ᠂ ᠬᠠᠮᠲᠤ ᠶᠢᠨ ᠴᠣᠭᠴᠠ ᠶᠢᠨ ᠰᠤᠷᠭᠠᠭᠤᠯᠢ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠶᠢᠨ ᠳᠠᠪᠠᠯᠳᠠᠳᠤ ᠮᠠᠶ᠋ᠢᠭ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ ᠬᠡᠪᠡ᠃       ᠫᠠᠶᠢᠰᠠ ᠰᠡᠬᠦᠬᠦ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠰᠤᠷᠭᠠᠭᠤᠯᠢ ᠶᠢᠨ ᠪᠠᠭᠰᠢ ᠰᠤᠷᠤᠭᠴᠢᠳ ᠪᠠᠰᠠ ᠭᠤᠶᠢᠳᠠ ᠰᠠᠶᠢᠬᠠᠨ ᠳᠠᠭᠤᠤ ᠪᠥᠵᠢᠭ ᠤᠨ ᠲᠣᠭᠯᠠᠯᠲᠠ ᠭᠠᠷᠭᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号