—— ᠡᠵᠡᠨ᠎ᠡ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠳᠡᠭᠡᠷ᠎ᠡ | ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ | ᠬᠤᠰᠢᠭᠤ ᠳᠠᠷᠤᠭ᠎ᠠ ᠪᠦᠬᠡ | ᠲᠥᠯᠥᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠃ ᠲᠡᠭᠦᠨᠴᠢᠯᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ | ᠬᠤᠷᠠᠯ ᠳᠤ ᠰᠤᠯᠠ ᠣᠷᠣᠯᠴᠠᠭᠰᠠᠳ ᠴᠤ ᠰᠠᠨᠠᠯ ᠢᠶᠠᠨ ᠳᠡᠪᠰᠢᠭᠦᠯᠬᠦ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠬᠤ ᠡᠬᠢᠯᠡᠯᠲᠡ ᠶᠢᠨ ᠵᠢᠯ᠃ ᠮᠥᠨᠴᠦ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠷᠬᠢᠯᠲᠡ ᠶᠢᠨ ᠳᠠᠷᠠᠭᠠᠬᠢ ᠠᠵᠤ | ᠠᠬᠤᠢ ᠶᠢᠨ ᠰᠡᠷᠭᠦᠯᠲᠡ ᠬᠥᠭᠵᠢᠯᠲᠡ ᠶᠢᠨ ᠨᠢᠭᠡ ᠵᠢᠯ᠃ ᠨᠢᠭᠡ ᠵᠢᠯ ᠤᠨ ᠲᠤᠷᠰᠢ᠂ ᠬᠦᠨᠳᠦ ᠬᠡᠴᠡᠭᠦᠦ ᠳᠣᠲᠣᠭᠠᠳᠤ | ᠭᠠᠳᠠᠭᠠᠳᠤ ᠣᠷᠴᠢᠨ ᠲᠣᠭᠤᠷᠢᠨ ᠪᠣᠯᠤᠨ ᠬᠦᠴᠢᠷ ᠪᠡᠷᠬᠡᠰᠢᠶᠡᠯᠲᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠶᠢ | ᠪᠡᠶᠡᠯᠡᠭᠦᠯᠬᠦ ᠡᠭᠦᠷᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ | ᠪᠣᠯᠭᠠᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠣᠯᠤᠨ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠭᠤᠣᠯᠴᠢᠯᠠᠨ ᠦᠢᠯᠡᠴᠢᠯᠡᠵᠦ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠪᠦᠬᠦ ᠬᠤᠰᠢᠭᠤᠨ ᠤ ᠠᠵᠤ | ᠠᠬᠤᠢ ᠶᠢᠨ ᠲᠣᠭᠲᠠᠭᠤᠨ ᠠᠵᠢᠯᠯᠠᠭᠠᠨ ᠪᠠ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ | ᠪᠡᠶᠡᠯᠡᠭᠦᠯᠪᠡ᠃ | 2023 ᠣᠨ ᠳᠤ ᠵᠢᠱᠢᠯᠲᠡ ᠪᠠᠷ᠂ ᠣᠷᠣᠨ ᠨᠣᠲᠤᠭ ᠤᠨ ᠦᠢᠯᠡᠳᠪᠤᠷᠢᠯᠡᠯ ᠤᠨ ᠶᠡᠷᠦᠩᠬᠡᠢ ᠥᠷᠲᠡᠭ 43 | ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ︔ | ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠲᠠ 11.5 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 38.6% ᠪᠠᠷ ᠪᠠᠭᠤᠷᠠᠪᠠ︔ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ 1.73 ᠳ᠋ᠦᠩᠰᠢᠭᠤᠷ ᠲᠥᠬᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 19% ᠪᠠᠷ | ᠪᠠᠭᠤᠷᠠᠪᠠ᠃ ᠬᠤᠲᠠ ᠪᠠᠯᠭᠠᠰᠤ ᠪᠤᠯᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ | ᠬᠦᠮᠦᠨ ᠳᠤᠮᠳᠠᠴᠢ ᠶᠢᠨ ᠡᠵᠡᠮᠳᠡᠵᠤ ᠪᠣᠯᠬᠤ ᠣᠷᠣᠯᠭ᠎ᠠ ᠶᠢ ᠲᠤᠰᠪᠦᠷᠢ 52468 ᠲᠥᠬᠦᠷᠢᠭ ᠪᠤᠯᠤᠨ 32994 | ᠲᠥᠭᠦᠷᠢᠭ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 4% ᠪᠤᠯᠤᠨ 6.5% ᠪᠠᠷ ᠨᠡᠮᠡᠭᠳᠡᠭᠰᠡᠨ | ᠪᠠᠶᠢᠨ᠎ᠠ᠃ | ᠥᠩᠭᠡᠷᠡᠭᠰᠡᠨ ᠨᠢᠭᠡ ᠵᠢᠯ ᠳᠤ᠂ ᠪᠢᠳᠡ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠪᠠ ᠣᠷᠴᠢᠨ | ᠲᠣᠭᠤᠷᠢᠨ ᠤ ᠬᠠᠮᠠᠭᠠᠯᠠᠯᠲᠠ ᠶᠢ ᠵᠡᠷᠭᠡᠪᠡᠷ ᠳᠡᠭᠡᠭᠰᠢᠯᠡᠭᠦᠯᠵᠦ᠂ ᠰᠢᠰᠲ᠋ᠧᠮᠵᠢᠭᠰᠡᠨ ᠵᠠᠰᠠᠯᠲᠠ ᠳᠤᠮᠳᠠ ᠪᠣᠬᠢᠷᠲᠤᠯ | ᠦᠭᠡᠢ ᠬᠥᠭᠵᠢᠯᠲᠡ ᠶᠢ ᠪᠡᠶᠡᠯᠡᠭᠦᠯᠪᠡ᠃ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠡᠳᠦᠷ ᠢᠷᠡᠬᠦᠶ᠎ᠡ ᠪᠠᠬᠢᠵᠢᠪᠡ᠃ ᠠᠭᠤᠯᠠ ᠤᠰᠤ ᠤᠢ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠷᠠᠭᠤᠨ ᠣᠷᠣᠨ ᠤ | ᠴᠦᠯᠡᠷᠭᠡᠭᠵᠢᠯ ᠢ ᠶᠡᠷᠦᠩᠬᠡᠶᠢᠯᠡᠨ ᠵᠠᠰᠠᠬᠤ ᠨᠢᠭᠡᠳᠦᠭᠡᠷ ᠬᠤᠭᠤᠴᠠᠭᠠᠨ ᠤ ᠲᠦᠷᠦᠯ ᠵᠦᠢᠯ᠂ ᠲᠠᠴᠢᠷᠳᠠᠭᠰᠠᠨ ᠨᠤᠲᠤᠭ | ᠪᠡᠯᠴᠢᠭᠡᠷ ᠢ ᠰᠡᠷᠭᠦᠭᠡᠬᠦ ᠵᠡᠷᠭᠡ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ | ᠨᠤᠲᠤᠭ ᠪᠡᠯᠴᠢᠭᠡᠷ ᠤᠨ ᠪᠦᠳᠦᠭᠡᠨ ᠪᠠᠶᠢᠭᠤᠯᠤᠯᠲᠠ ᠶᠢ 250 ᠲᠦᠮᠡᠨ ᠮᠦ᠂ ᠪᠠᠶᠢᠭᠠᠯᠢ ᠶᠢᠨ ᠤᠢ ᠶᠢ ᠬᠠᠮᠠᠭᠠᠯᠠᠬᠤ | ᠪᠠ ᠣᠶᠢᠵᠢᠭᠤᠯᠬᠤ ᠡᠭᠦᠷᠭᠡ ᠶᠢ 10.1 ᠲᠦᠮᠡᠨ ᠮᠦ᠂ ᠭᠤᠣᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠶᠢ 3.2 ᠲᠦᠮᠡᠨ ᠮᠦ᠂ ᠤᠢ ᠰᠢᠭᠤᠢ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ | ᠰᠡᠷᠭᠡᠶᠢᠯᠡᠨ ᠵᠠᠰᠠᠬᠤ ᠠᠵᠢᠯ ᠢ 135.9 ᠲᠦᠮᠡᠨ ᠮᠦ ᠪᠡᠶᠡᠯᠡᠭᠦᠯᠪᠡ᠃ ︽ᠨᠠᠭᠤᠷ ᠭᠤᠣᠯ ᠤᠨ ᠳᠠᠷᠤᠭ᠎ᠠ ᠶᠢᠨ | ᠲᠦᠷᠢᠮ︾ ᠤᠨ ᠬᠠᠷᠢᠭᠤᠴᠠᠯᠭ᠎ᠠ ᠪᠠ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠤᠰᠤ | ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠬᠦ ᠪᠥᠲᠥᠭᠡᠨ ᠪᠠᠶᠢᠭᠤᠯᠤᠯᠲᠠ ᠨᠢ ᠰᠢᠯᠭᠠᠨ | ᠪᠠᠶᠢᠴᠠᠭᠠᠯᠲᠠ ᠶᠢ ᠤᠷᠤᠭᠰᠢᠲᠠᠶ ᠥᠩᠭᠡᠷᠡᠭᠦᠯᠪᠡ᠃ 520 ᠲᠦᠮᠡᠨ ᠲᠦᠭᠦᠷᠢᠭ ᠤᠨ ᠪᠡᠯᠡ ᠣᠷᠣᠭᠤᠯᠵᠤ᠂ ᠡᠮᠦᠨ᠎ᠡ | ᠭᠤᠣᠯ ᠤᠨ ᠰᠤᠪᠠᠭ ᠢ ᠰᠡᠷᠭᠦᠭᠡᠬᠦ ᠢᠨᠵᠧᠨᠧᠷᠢᠩ ᠢ ᠡᠬᠢᠯᠡᠭᠦᠯᠵᠦ᠂ ︽ᠬᠠᠷ᠎ᠠ ᠭᠤᠤᠯ ᠤᠨ ᠰᠤᠪᠨᠠᠭᠤᠷ ᠤᠨ ᠰᠢᠪᠠᠷ | ᠰᠢᠷᠦᠢ ᠲᠤᠨᠤᠭᠰᠠᠨ ᠪᠠᠶᠢᠳᠠᠯ ᠤᠨ ᠬᠤᠪᠢᠷᠠᠯᠲᠠ ᠵᠢᠴᠢ ᠬᠠᠨᠳᠤᠰᠢ ᠶᠢᠨ ᠰᠤᠳᠤᠯᠭᠠᠨ︾᠂ ︽ᠬᠠᠷ᠎ᠠ ᠭᠤᠤᠯ ᠤᠨ | ᠳᠣᠣᠷᠠᠳᠤ ᠤᠷᠤᠰᠬᠠᠯ ᠤᠨ ᠡᠵᠡᠨ᠎ᠡ ᠨᠣᠭᠤᠭᠠᠨ ᠪᠦᠷᠢᠳᠦ ᠶᠢᠨ ᠠᠮᠢ ᠠᠬᠤᠶ ᠶᠢᠨ ᠵᠣᠬᠢᠮᠵᠢ ᠶᠢᠨ ᠰᠤᠳᠤᠯᠭᠠᠨ︾ | ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠥᠷᠨᠢᠭᠦᠯᠵᠦ᠂ ᠬᠠᠷ᠎ᠠ ᠭᠤᠤᠯ ᠤᠨ ᠤᠰᠤ ᠶᠢ 4. | 2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠣᠬᠢᠷᠠᠭᠤᠯᠵᠤ᠂ 37.6 ᠲᠦᠮᠡᠨ ᠮᠥ ᠨᠤᠲᠤᠭ ᠪᠡᠯᠴᠢᠭᠡᠷ ᠢ | ᠤᠰᠤᠯᠠᠵᠤ᠂ ᠡᠵᠡᠨ᠎ᠡ ᠶᠢᠨ ᠡᠯ᠎ᠡ ᠬᠡᠰᠡᠭ ᠤᠨ ᠤᠰᠤᠨ ᠤ ᠴᠢᠨᠠᠷ ᠢ ᠤᠷᠲᠤ ᠬᠤᠭᠤᠴᠠᠭ᠎ᠠ ᠪᠠᠷ ᠭᠤᠷᠪᠠᠳᠤᠭᠠᠷ | ᠲᠥᠷᠥᠯ ᠤᠨ ᠪᠠᠷᠢᠮᠵᠢᠶ᠎ᠠ ᠳᠤ ᠲᠣᠭᠲᠠᠪᠤᠷᠢᠵᠢᠭᠤᠯᠪᠠ᠃ 353.2 ᠲᠦᠮᠡᠨ ᠲᠥᠭᠦᠷᠢᠭ ᠤᠨ ᠪᠡᠯᠡ ᠣᠷᠣᠭᠤᠯᠵᠤ᠂ | ᠮᠠᠽᠦ᠋ᠩᠱᠠᠨ ᠠᠭᠤᠯᠠ ᠶᠢᠨ ᠰᠤᠬᠠᠢ ᠤᠰᠤ ᠶᠢᠨ ᠬᠥᠷᠥᠰᠥ ᠰᠢᠷᠣᠢ ᠶᠢᠨ ᠵᠠᠰᠠᠯᠲᠠ ᠬᠠᠮᠠᠭᠠᠯᠠᠯᠲᠠ ᠶᠢᠨ | ᠢᠨᠵᠧᠨᠧᠷᠢᠩ ᠢ ᠪᠡᠶᠡᠯᠡᠭᠦᠯᠵᠦ᠂ 7 ᠲᠡᠭᠰᠢ ᠳᠥᠷᠪᠡᠯᠵᠢᠨ ᠺᠢᠯᠣᠮᠧᠲᠷ ᠵᠠᠰᠠᠪᠠ᠃ ᠮᠠᠰᠢᠨ ᠲᠡᠷᠭᠡᠨ ᠤ ᠬᠡᠢ ᠶᠢᠨ | ᠭᠠᠳᠠᠭᠰᠢᠯᠠᠭᠤᠯᠤᠯᠲᠠ ᠪᠣᠯᠣᠨ ᠰᠤᠯᠠ ᠨᠡᠭᠦᠷᠡᠰᠦᠨ ᠤ ᠰᠢᠲᠠᠯᠲᠠ ᠶᠢ ᠵᠠᠰᠠᠬᠤ ᠠᠵᠢᠯ ᠢ ᠪᠦᠬᠦ ᠲᠠᠯ᠎ᠠ ᠪᠠᠷ | ᠴᠢᠩᠭᠠᠳᠬᠠᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠤᠨ ᠰᠡᠷᠭᠡᠶᠢᠯᠡᠨ ᠵᠠᠰᠠᠯᠲᠠ ᠶᠢ ᠭᠦᠨᠵᠡᠭᠡᠢ | ᠬᠡᠷᠡᠭᠵᠢᠭᠦᠯᠵᠦ᠂ 1100 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ ᠶᠢ ᠬᠤᠷᠢᠶᠠᠨ ᠠᠪᠴᠤ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠵᠤ᠂ ᠰᠡᠷᠭᠦᠭᠡᠭᠳᠡᠬᠦ ᠡᠬᠢ | ᠪᠠᠶᠠᠯᠢᠭ ᠤᠨ ᠠᠰᠢᠭᠯᠠᠯᠲᠠ ᠨᠢ ᠠᠯᠬᠤᠮ ᠠᠯᠬᠤᠮ ᠢᠶᠠᠷ ᠠᠵᠤ ᠦᠢᠯᠡᠳᠪᠦᠷᠢᠵᠢᠨ᠂ ᠵᠠᠬ᠎ᠠ ᠳᠡᠯᠭᠡᠭᠦᠷᠵᠢᠵᠦ᠂ ᠬᠥᠬᠡ | ᠲᠡᠭᠷᠢ᠂ ᠴᠡᠩᠬᠡᠭ ᠤᠰᠤ᠂ ᠠᠷᠢᠭᠤᠨ ᠬᠥᠷᠥᠰᠥ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠢᠯᠡᠷᠬᠡᠢ ᠪᠣᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠪᠦᠲᠦᠴᠡ ᠶᠢᠨ ᠲᠤᠬᠢᠷᠠᠭᠤᠯᠤᠯᠳᠠ ᠬᠢᠭᠡᠳ ᠠᠵᠤ ᠦᠢᠯᠡᠰ ᠤᠨ | ᠪᠣᠶᠢᠵᠢᠭᠤᠯᠤᠯᠲᠠ ᠶᠢ ᠵᠡᠷᠭᠡᠪᠡᠷ ᠠᠳᠬᠤᠵᠤ᠂ ᠲᠦᠪᠯᠡᠷᠡᠭᠦᠯᠦᠭᠰᠡᠨ ᠲᠡᠰ ᠳᠡᠪᠰᠢᠭᠦᠯᠦᠯᠲᠡ ᠳᠤᠮᠳᠠ ᠠᠵᠤ | ᠦᠢᠯᠡᠰ ᠤᠨ ᠣᠳᠣᠬᠢᠴᠢᠯᠠᠯᠲᠠ ᠶᠢ ᠠᠬᠢᠭᠤᠯᠪᠠ᠃ | ᠴᠢᠬᠤᠯᠠ ᠮᠠᠯ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ ᠢ | ᠳᠡᠭᠡᠭᠰᠢᠯᠡᠭᠦᠯᠵᠦ᠂ ᠬᠡᠯᠪᠡᠷᠢ ᠶᠢ ᠨᠢ ᠬᠤᠪᠢᠷᠠᠭᠤᠯᠪᠠ᠃ ᠲᠠᠷᠢᠮᠠᠯ ᠤᠨ ᠶᠡᠷᠦᠩᠬᠡᠢ ᠲᠠᠯᠠᠪᠠᠢ ᠶᠢ 4.9 ᠲᠦᠮᠡᠨ ᠮᠦ ᠳᠤ | ᠬᠢᠵᠠᠭᠠᠷᠯᠠᠵᠤ᠂ ᠠᠯᠠᠱᠠ ᠶᠢᠨ ᠴᠠᠭᠠᠨ ᠨᠣᠣᠯᠤᠷᠲᠤ ᠢᠮᠠᠭ᠎ᠠ᠂ ᠬᠤᠣᠰ ᠪᠥᠬᠦᠲᠦ ᠲᠡᠮᠡᠭᠡ ᠶᠢ ᠪᠦᠲᠦᠮᠵᠢᠲᠡᠶ | ᠬᠠᠮᠠᠭᠠᠯᠠᠨ ᠬᠥᠭᠵᠢᠭᠦᠯᠵᠦ᠂ ᠮᠠᠯ ᠤᠨ ᠲᠤᠭ᠎ᠠ ᠶᠢ 10 ᠲᠦᠮᠡ ᠣᠷᠴᠢᠮ ᠳᠤ ᠲᠣᠭᠲᠠᠪᠤᠷᠢᠵᠢᠭᠤᠯᠪᠠ᠃ 800 | ᠲᠡᠮᠡᠭᠡ ᠲᠡᠵᠢᠭᠡᠬᠦ ᠪᠠᠷᠢᠮᠵᠢᠶ᠎ᠠ ᠲᠠᠢ ᠢᠩᠭᠡᠨ ᠰᠠᠭᠠᠯᠢ ᠶᠢᠨ ᠰᠠᠭᠤᠷᠢᠨ ᠭᠠᠵᠠᠷ ᠢ ᠪᠠᠶᠢᠭᠤᠯᠵᠤ᠂ ᠲᠡᠮᠡᠭᠡᠲᠦ | ᠨᠤᠲᠤᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ | ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ 2 ᠶᠢ ᠪᠠᠶᠢᠭᠤᠯᠵᠤ᠂ ᠰᠦ ᠶᠢᠨ ᠦᠢᠯᠡᠰ ᠢ ᠯᠠᠪᠳᠠᠭᠤᠨ ᠢᠶᠠᠷ | ᠬᠥᠭᠵᠢᠭᠦᠯᠦᠨ ᠮᠠᠨᠳᠤᠭᠤᠯᠪᠠ᠃ 300 ᠲᠦᠮᠡᠨ ᠲᠦᠭᠦᠷᠢᠭ ᠤᠨ ᠪᠡᠯᠡ ᠣᠷᠣᠭᠤᠯᠤᠨ᠂ ︽ᠠᠯᠠᠱᠠ ᠠᠶᠢᠮᠠᠭ ᠤᠨ | ᠡᠵᠡᠨ᠎ᠡ ᠬᠤᠰᠢᠭᠤᠨ ᠤ ᠵᠠᠭ ᠤᠨ ᠣᠢ ᠶᠢᠨ ᠴᠢᠨᠠᠷ ᠢ ᠰᠠᠶᠢᠵᠢᠷᠠᠭᠤᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ | ᠰᠢᠯᠢᠳᠡᠭᠵᠢᠭᠦᠯᠬᠦ ᠲᠠᠷᠢᠮᠠᠯ ᠤᠨ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠭᠡᠨ︾ ᠤ ᠰᠡᠳᠦᠪ ᠢ ᠰᠤᠳᠤᠯᠵᠤ᠂ | 1 ᠲᠦᠮᠡᠨ ᠮᠤ᠋ ᠶᠢᠨ ᠦᠨᠳᠦᠷ ᠪᠠᠷᠢᠮᠵᠢᠶᠠᠲᠦ ᠬᠡᠪᠴᠢᠶᠡᠵᠢᠭᠰᠡᠨ ᠵᠠᠭ ᠪᠠ ᠴᠠᠭᠠᠨ ᠭᠤᠶᠣᠣ ᠶᠢᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠵᠤ᠂ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠴᠡᠭ 42 ᠢ ᠮᠡᠳᠡᠭᠦᠯᠪᠡ᠃ | ᠥᠪᠡᠷᠲᠡᠭᠡᠨ ᠵᠠᠰᠠᠬᠤ ᠣᠷᠣᠨ ᠤ ᠲᠠᠰ ᠤᠨ ᠪᠠ ᠠᠶᠢᠮᠠᠭ ᠤᠨ ᠲᠠᠰ ᠤᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠶᠢ 5 ᠲᠡᠳᠬᠦᠵᠦ᠂ ᠪᠥᠬᠦ ᠬᠤᠰᠢᠭᠤᠨ ᠤ ᠠᠩᠬᠠᠳᠠᠭᠴᠢ ︽ᠰᠢᠨᠵᠢᠯᠡᠭᠡ ᠮᠡᠷᠭᠡᠵᠢᠯ ᠤᠨ ᠵᠢᠵᠢᠭ | ᠬᠦᠷᠢᠶᠡᠯᠡᠩ︾ ᠢ ᠤᠷᠤᠭᠰᠢᠲᠠᠢ ᠪᠠᠶᠢᠭᠤᠯᠪᠠ᠃ ︽ᠵᠡᠭᠦᠳᠦᠨ ᠲᠤᠤᠷᠠᠢ︾ ᠣᠷᠣᠨ ᠨᠤᠲᠤᠭ ᠤᠨ ᠨᠡᠷ᠎ᠡ | ᠲᠡᠮᠳᠡᠭᠲᠦ ᠶᠢ ᠡᠬᠢᠯᠡᠨ ᠬᠡᠷᠡᠭᠯᠡᠵᠦ᠂ ︽ᠡᠵᠡᠨ᠎ᠡ ᠶᠢᠨ ᠴᠠᠭᠠᠨ ᠭᠤᠶᠣᠣ︾ ︽ᠡᠵᠡᠨ᠎ᠡ ᠶᠢᠨ ᠢᠩᠭᠡᠨ ᠰᠦ︾ ᠵᠡᠷᠭᠡ | 5 ᠵᠦᠢᠯ ᠤᠨ ᠭᠠᠵᠠᠷ ᠵᠦᠶ ᠶᠢᠨ ᠲᠡᠮᠳᠡᠭ ᠤᠨ ᠨᠠᠶᠢᠳᠠᠯᠭ᠎ᠠ ᠶᠢᠨ ᠬᠡᠯᠡᠯᠴᠡᠭᠡᠷ ᠢ ᠲᠣᠭᠲᠠᠵᠤ᠂ ᠰᠢᠯᠢᠳᠡᠭ ᠨᠡᠷ᠎ᠡ | ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠳᠠᠬᠢᠨ ᠰᠢᠨ᠎ᠡ ᠳᠡᠭᠲᠡᠷ ᠲᠤ ᠭᠠᠷᠪᠠ᠃ | ᠴᠢᠬᠤᠯᠠ ᠡᠨᠧᠷᠭᠢ ᠪᠣᠯᠤᠨ ᠡᠬᠢ ᠪᠠᠶᠠᠯᠢᠭ ᠤᠨ ᠪᠠᠶᠢᠯᠳᠤᠬᠤ ᠪᠣᠳᠣᠯᠭ᠎ᠠ ᠶᠢᠨ ᠰᠠᠭᠤᠷᠢᠨ ᠢ ᠰᠢᠯᠢᠳᠡᠭᠵᠢᠭᠦᠯᠦᠨ | ᠳᠡᠰ ᠳᠡᠪᠰᠢᠭᠦᠯᠪᠡ᠃ 1.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠵᠡᠨ᠎ᠡ ᠬᠤᠰᠢᠭᠤᠨ ᠤ 20 | ᠰᠠᠶ᠎ᠠ ᠸᠠᠲ ᠤᠨ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠦᠲᠦᠭᠡᠨ | ᠪᠠᠶᠢᠭᠤᠯᠤᠭᠰᠠᠨ ᠪᠦᠭᠡᠳ ᠴᠠᠬᠢᠯᠭᠠᠨ ᠲᠣᠣᠷᠵᠢᠯ ᠳᠤ ᠨᠡᠶᠢᠯᠡᠬᠦ ᠨᠥᠬᠦᠴᠡᠯ ᠢ ᠪᠦᠷᠢᠯᠳᠦᠭᠦᠯᠵᠦ᠂ ᠤᠯᠤᠰ ᠤᠨ | ᠳᠣᠲᠣᠭᠠᠳᠤ ᠶᠢᠨ ᠠᠩᠬᠠᠳᠠᠭᠴᠢ ᠲᠤᠰᠠᠭᠠᠷ ᠠᠵᠢᠯᠯᠠᠬᠤ ︽ᠴᠠᠬᠢᠯᠭᠠᠨ ᠰᠤᠷᠪᠤᠯᠵᠢ᠂ ᠴᠠᠬᠢᠯᠭᠠᠨ ᠲᠣᠣᠷ᠂ | ᠳᠠᠭᠠᠭᠠᠴᠠ᠂ ᠨᠥᠭᠡᠴᠡ︾ ᠶᠢ ᠪᠦᠷᠢᠯᠳᠦᠭᠦᠯᠦᠭᠰᠡᠨ ᠪᠢᠴᠢᠯ ᠴᠠᠬᠢᠯᠭᠠᠨ ᠲᠣᠣᠷ ᠤᠨ ᠵᠢᠱᠢᠶ᠎ᠡ ᠦᠵᠡᠭᠦᠯᠬᠦ ᠲᠥᠷᠥᠯ | ᠵᠦᠢᠯ ᠨᠢ ᠴᠠᠬᠢᠯᠭᠠᠨ ᠲᠣᠣᠷ ᠠᠴᠠ ᠰᠠᠯᠵᠤ ᠴᠠᠬᠢᠯᠭᠠᠨ ᠬᠠᠩᠭᠠᠬᠤ ᠶᠢ ᠪᠡᠶᠡᠯᠡᠭᠦᠯᠪᠡ᠃ ᠵᠦᠩᠶᠦᠸᠠᠨ ᠴᠢᠯᠠᠭᠤᠨ | ᠲᠣᠰᠣᠨ ᠤ ᠬᠤᠪᠢᠶᠠᠷᠢ ᠺᠣᠮᠫᠠᠨᠢ᠂ ᠰᠢ ᠨᠧᠩ ᠺᠣᠮᠫᠠᠨᠢ ᠤᠷᠤᠭᠰᠢᠲᠠᠢ ᠪᠠᠷ 5 ᠬᠤᠳᠳᠤᠭ ᠦᠷᠦᠮᠳᠡᠵᠦ᠂ ᠵᠢᠯ ᠳᠤ | ᠲᠦᠭᠦᠬᠡᠢ ᠴᠢᠯᠠᠭᠤᠨ ᠲᠣᠰᠣ ᠦᠢᠯᠡᠳᠪᠦᠷᠢᠯᠡᠬᠦ ᠬᠡᠮᠵᠢᠶ᠎ᠡ 1 ᠲᠦᠮᠡᠨ ᠲᠤᠨ ᠢ ᠳᠠᠪᠠᠵᠠᠢ᠃ 8176 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠤᠯᠤᠰ ᠤᠨ ᠬᠤᠶᠢᠲᠤ ᠠᠭᠤᠯᠠᠨ ᠤ ᠠᠭᠤᠷᠬᠠᠢ ᠶᠢᠨ ᠪᠦᠰᠡ ᠶᠢᠨ | ᠡᠵᠡᠨ᠎ᠡ ᠳᠠᠬᠢ ᠬᠡᠰᠡᠭ ᠤᠨ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠬᠤ ᠲᠥᠷᠥᠯ ᠵᠦᠢᠯ 9 ᠶᠢ | ᠡᠬᠢᠯᠡᠭᠦᠯᠵᠦ᠂ ᠠᠭᠤᠷᠬᠠᠢ ᠬᠠᠶᠢᠬᠤ ᠡᠷᠬᠡ ᠶᠢ ᠰᠢᠨ᠎ᠡ ᠪᠠᠷ 4 ᠪᠠ ᠠᠭᠤᠷᠬᠠᠢ ᠬᠠᠶᠢᠬᠤ ᠡᠷᠬᠡ ᠠᠴᠠ ᠠᠭᠤᠷᠬᠠᠢ | ᠮᠠᠯᠲᠠᠬᠤ ᠡᠷᠬᠡ 4 ᠶᠢ ᠣᠯᠵᠤ᠂ ᠬᠠᠶᠢᠯᠤᠭᠤᠷ ᠵᠣᠩᠰᠢ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠦᠷᠦᠯ ᠵᠦᠢᠯ ᠢ | ᠲᠦᠷᠭᠡᠳᠬᠡᠨ ᠪᠠᠶᠢᠭᠤᠯᠵᠤ᠂ ᠪᠦᠬᠦ ᠠᠶᠢᠮᠠᠭ ᠤᠨ ᠹᠯᠣᠷ ᠤᠨ ᠬᠢᠮᠢ ᠶᠢᠨ ᠠᠵᠤ ᠦᠢᠯᠡᠳᠪᠦᠷᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠢ ᠥᠨᠳᠥᠷ ᠦᠷᠲᠡᠭ ᠲᠠᠢ ᠨᠡᠭᠡᠭᠡᠨ ᠠᠰᠢᠭᠯᠠᠬᠤ ᠳᠤ ᠪᠠᠲᠤ ᠪᠠᠬᠢ ᠰᠠᠭᠤᠷᠢ ᠲᠠᠯᠪᠢᠪᠠ | ᠃ ︽ᠬᠠᠷᠢᠶ᠎ᠠ ᠭᠠᠵᠠᠷ ᠢ ᠰᠤᠨᠳᠠᠯᠠᠭᠰᠠᠨ ᠠᠵᠤ ᠠᠬᠤᠢ︾ ᠶᠢᠨ ᠡᠵᠡᠨ᠎ᠡ ᠶᠢᠨ ᠠᠵᠦ ᠦᠢᠯᠡᠰ ᠤᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢ ᠡᠮᠬᠢ ᠳᠢᠭᠯᠢᠮ ᠲᠠᠢ ᠠᠬᠢᠭᠤᠯᠵᠤ᠂ ᠵᠦᠩ ᠾᠧ ᠺᠣᠮᠫᠠᠨᠢ ᠶᠢᠨ ᠨᠠᠷᠢᠯᠢᠭ ᠬᠢᠮᠢ ᠶᠢᠨ | ᠠᠵᠦ ᠦᠢᠯᠡᠳᠪᠦᠷᠢ᠂ ᠷᠦᠨ ᠰᠢᠨ ᠺᠣᠮᠫᠠᠨᠢ ᠶᠢᠨ ᠣᠷᠭᠠᠨᠢᠭ ᠪᠤᠷᠳᠤᠭᠤᠷ ᠵᠡᠷᠭᠡ ᠲᠦᠷᠦᠯ ᠵᠦᠢᠯ ᠢ ᠲᠤᠷᠰᠢᠨ | ᠦᠢᠯᠡᠳᠪᠦᠷᠢᠯᠡᠬᠦ ᠪᠠᠷ ᠪᠠᠶᠢᠵᠤ᠂ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠪᠦᠷᠢᠯᠳᠦᠵᠦ ᠪᠠᠶᠢᠭᠰᠠᠭᠠᠷ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠮᠢᠵᠢᠷᠠᠯ ᠤᠨ ᠬᠦᠴᠦᠨ ᠢ ᠰᠡᠷᠭᠦᠭᠡᠪᠡ᠃ ᠪᠥᠬᠦ ᠴᠠᠷ᠎ᠠ | ᠬᠦᠷᠢᠶᠠᠨ ᠤ ᠵᠢᠭᠤᠯᠴᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠡᠵᠡᠨ᠎ᠡ | ᠬᠤᠰᠢᠭᠤ ᠨᠢ ᠥᠪᠡᠷᠲᠡᠭᠡᠨ ᠵᠠᠰᠠᠬᠤ ᠣᠷᠣᠨ ᠠᠴᠠ ᠭᠤᠣᠯᠳᠠᠯᠭ᠎ᠠ ᠲᠠᠢ ᠪᠠᠶᠢᠭᠤᠯᠵᠤ ᠪᠠᠶᠢᠭ᠎ᠠ ᠰᠣᠶᠣᠯ ᠤᠨ ᠠᠵᠤ | ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ | ᠣᠷᠣᠨ ᠢᠶᠠᠷ ᠰᠣᠩᠭᠤᠭᠳᠠᠪᠠ᠃ 4089 ᠲᠦᠮᠡᠨ ᠲᠦᠬᠦᠷᠢᠭ ᠤᠨ ᠪᠡᠯᠡ ᠣᠷᠣᠭᠤᠯᠵᠦ᠂ ᠶᠡᠭᠡ ᠮᠠᠩᠬᠠᠨ | ᠲᠣᠣᠷᠠᠢ ᠶᠢᠨ ᠣᠢ᠂ ᠬᠠᠷ᠎ᠠ ᠬᠤᠲᠠ ᠶᠢᠨ ᠰᠣᠶᠣᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠤᠨ ᠮᠠᠰᠢᠨ | ᠵᠢᠯᠤᠭᠤᠳᠤᠨ ᠵᠢᠭᠤᠯᠴᠢᠯᠠᠬᠤ ᠪᠠᠭᠤᠴᠠ ᠵᠢᠴᠢ ᠵᠢᠭᠤᠯᠴᠢᠯᠠᠭᠰᠠᠳ ᠲᠤ ᠦᠢᠯᠡᠴᠢᠯᠡᠬᠦ ᠲᠥᠪ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠪᠡ᠃ ᠣᠶᠤᠨᠴᠢ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ | ︽ᠨᠢᠭᠡ ᠭᠠᠷ ᠤᠲᠠᠰᠤ ᠪᠠᠷ ᠡᠵᠡᠨ᠎ᠡ ᠳᠤ ᠵᠢᠭᠤᠯᠴᠢᠯᠠᠬᠤ︾ ᠵᠢᠵᠢᠭ ᠫᠷᠤᠭ᠍ᠷᠠᠮ ᠢ ᠨᠡᠭᠡᠭᠡᠨ ᠬᠥᠭᠵᠢᠭᠦᠯᠵᠦ᠂ | ᠵᠢᠭᠤᠯᠴᠢᠯᠠᠯ ᠢ ᠨᠠᠩ ᠣᠶᠤᠨᠴᠢ ᠪᠣᠯᠭᠠᠵᠤ᠂ ᠵᠢᠭᠤᠯᠴᠢᠯᠠᠭᠰᠠᠳ ᠳᠤ ᠳᠥᠭᠦᠮ ᠦᠵᠡᠭᠦᠯᠪᠡ᠃ ︽ᠬᠠᠨ ᠲᠡᠭᠷᠢ ᠶᠢᠨ | ᠳᠠᠯᠠᠯᠭ᠎ᠠ ᠮᠢᠩᠭᠠᠨ ᠪᠣᠲᠣᠭᠤ ᠶᠢᠨ ᠬᠡᠰᠢᠭ︾ ᠲᠡᠮᠡᠭᠡᠨ ᠨᠠᠶᠢᠷ᠂ ᠠᠯᠲᠠᠨ ᠨᠠᠮᠤᠷ ᠤᠨ ᠲᠤᠤᠷᠠᠶ ᠶᠢᠨ ᠠᠮᠢ ᠠᠬᠤᠶ ᠶᠢᠨ | ᠵᠢᠭᠤᠯᠴᠢᠯᠠᠯ ᠤᠨ ᠨᠠᠶᠢᠷ᠂ ︽ᠬᠤᠪᠢᠯᠭᠠᠨ ᠣᠩᠭᠤᠴᠠ︾ ᠶᠢ ᠬᠠᠷᠪᠤᠬᠤ ᠶᠣᠰᠣᠯᠠᠯ ᠵᠡᠷᠭᠡ ᠴᠢᠬᠤᠯᠠ ᠶᠡᠭᠡ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢ ᠦᠪᠡᠳᠡᠭᠰᠢ ᠶᠡᠭᠡ ᠪᠠᠷ ᠡᠷᠭᠢᠯᠡᠵᠦ᠂ ᠵᠢᠦᠢ ᠶᠠᠨ ᠰᠤᠶᠤᠯ ᠤᠨ ᠬᠤᠲᠠ ᠶᠢᠨ | ᠣᠨᠴᠠᠯᠢᠭᠲᠤ ᠰᠥᠨᠢ ᠶᠢᠨ ᠵᠠᠬ᠎ᠠ᠂ ᠮᠣᠩᠭᠤᠯ ᠬᠡᠷ ᠲᠠᠬᠢ ︽ᠲᠩᠷᠢ ᠶᠢᠨ ᠣᠷᠳᠣᠨ ᠤ ᠬᠢᠴᠢᠶᠡᠯ ᠤᠨ ᠲᠠᠩᠬᠢᠮ︾ | ᠵᠡᠷᠭᠡ ᠰᠦᠯᠵᠢᠶᠠᠨ ᠤ ᠬᠠᠯᠠᠮᠰᠢᠯ ᠭᠠᠵᠠᠷ ᠢ ᠰᠢᠨ᠎ᠡ ᠪᠠᠷ ᠡᠭᠦᠳᠦᠨ ᠪᠠᠶᠢᠭᠤᠯᠵᠤ᠂ ᠵᠢᠭᠤᠯᠴᠢᠯᠠᠭᠰᠠᠳ ᠤᠨ ᠪᠡᠶᠡᠴᠢᠯᠡᠨ | ᠣᠶᠢᠯᠠᠭᠠᠬᠤ ᠲᠥᠷᠥᠭᠳᠡᠯ ᠢ ᠬᠦᠴᠦᠯᠡᠨ ᠳᠡᠭᠡᠭᠰᠢᠯᠡᠭᠦᠯᠪᠡ᠃ ᠪᠦᠬᠦ ᠵᠢᠯ ᠳᠤ 348 ᠲᠦᠮᠡᠨ ᠬᠦᠮᠦᠨ ᠤᠳᠠᠭ᠎ᠠ ᠶᠢᠨ | ᠵᠢᠭᠤᠯᠴᠢᠯᠠᠭᠴᠢᠳ ᠢ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠤᠷᠤᠯᠭ᠎ᠠ ᠶᠢ 16.9 ᠳ᠋ᠦᠩᠰᠢᠭᠤᠷ | ᠲᠦᠭᠦᠷᠢᠭ ᠪᠡᠶᠡᠯᠡᠭᠦᠯᠪᠡ᠃ ᠡᠯᠧᠺᠲᠷᠣᠨ ᠬᠤᠳᠠᠯᠳᠤᠭ᠎ᠠ ᠪᠠ ᠪᠣᠳᠠᠲᠤ ᠴᠣᠭᠴᠠ ᠶᠢᠨ ᠠᠵᠤ ᠠᠬᠤᠶ ᠶᠢ | ᠠᠭᠤᠰᠤᠯᠴᠠᠭᠤᠯᠤᠨ ᠬᠥᠭᠵᠢᠭᠦᠯᠵᠦ᠂ ︽ᠠᠯᠠᠱᠠ ᠪᠡᠯᠡᠭ︾ ᠳᠡᠯᠭᠡᠭᠦᠷ᠂ ᠭᠦᠩ ᠴᠢᠩ ᠸᠠᠢ ᠬᠤᠳᠠᠯᠳᠤᠭᠠᠨ ᠤ | ᠲᠠᠯᠠᠪᠤᠷ᠂ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠪᠠᠷᠠᠭ᠎ᠠ ᠭᠦᠢᠯᠭᠡᠭᠡᠨ ᠤ | ᠲᠦᠷᠭᠡᠨ ᠬᠦᠷᠭᠡᠯᠲᠡ ᠶᠢᠨ ᠬᠤᠪᠢᠶᠠᠨ ᠢᠯᠭᠠᠬᠤ ᠲᠥᠪ ᠢ ᠠᠰᠢᠭᠯᠠᠯᠲᠠ ᠳᠤ ᠣᠷᠣᠭᠤᠯᠵᠤ᠂ ᠭᠠᠴᠠᠭᠠᠨ ᠤ | ᠡᠯᠧᠺᠲᠷᠣᠨ ᠬᠤᠳᠠᠯᠳᠤᠭᠠᠨ ᠤ ᠥᠷᠲᠡᠭᠡ ᠶᠢ 8 ᠪᠠᠶᠢᠭᠤᠯᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠳᠡᠭᠡᠭᠰᠢ | ᠬᠦᠷᠭᠡᠬᠦ᠂ ᠬᠥᠩᠭᠡᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠳᠣᠷᠤᠭᠰᠢ ᠪᠠᠭᠤᠯᠭᠠᠬᠤ ᠵᠠᠮ ᠢ ᠵᠠᠯᠭᠠᠪᠠᠷ | ᠨᠡᠭᠡᠭᠡᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠬᠤᠳᠠ ᠶᠢᠨ ᠰᠢᠨᠡᠴᠢᠯᠡᠯᠲᠡ ᠪᠠ ᠬᠥᠳᠡᠭᠡ ᠲᠣᠰᠬᠤᠨ ᠤ ᠬᠦᠭᠵᠢᠨ | ᠮᠠᠨᠳᠤᠯᠲᠠ ᠳᠤ ᠵᠡᠷᠭᠡ ᠪᠠᠷ ᠬᠦᠴᠦᠯᠡᠵᠦ᠂ ᠬᠤᠳᠠ ᠬᠦᠳᠡᠭᠡᠨ ᠤ ᠠᠭᠤᠰᠤᠯᠴᠠᠯ ᠳᠤᠮᠳᠠ ᠬᠥᠭᠵᠢᠯᠲᠡ ᠶᠢᠨ | ᠰᠠᠭᠤᠷᠢ ᠶᠢ ᠪᠠᠲᠤᠳᠬᠠᠪᠠ᠃ | ᠬᠤᠲᠠ ᠪᠠᠯᠭᠠᠰᠤᠨ ᠤ ᠨᠠᠷᠢᠯᠢᠭᠵᠢᠭᠰᠠᠨ ᠬᠠᠮᠢᠶᠠᠷᠤᠯᠲᠠ ᠶᠢᠨ ᠲᠦᠪᠰᠢᠨ ᠢ ᠯᠠᠪᠳᠠᠭᠤᠨ ᠳᠡᠭᠡᠭᠰᠢᠯᠡᠭᠦᠯᠪᠡ᠃ | ᠭᠤᠷᠪᠠᠳᠤᠭᠠᠷ ᠳᠡᠰ ᠤᠨ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠶᠡᠷᠦᠩᠬᠡᠢ ᠲᠦᠯᠦᠪᠵᠢᠭᠦᠯᠭᠡ ᠶᠢ | ᠨᠠᠶᠢᠷᠠᠭᠤᠯᠤᠨ ᠮᠡᠳᠡᠭᠦᠯᠬᠦ ᠠᠵᠢᠯ ᠢ ᠴᠢᠷᠮᠠᠶᠢᠨ ᠠᠬᠢᠭᠤᠯᠵᠤ᠂ ᠲᠦᠯᠦᠪᠵᠢᠭᠦᠯᠦᠨ ᠵᠢᠯᠤᠭᠤᠳᠬᠤ ᠪᠠ ᠨᠢᠭᠡᠳᠦᠯᠲᠡᠢ | ᠲᠦᠯᠦᠪᠯᠡᠨ ᠪᠠᠶᠢᠷᠢᠯᠠᠭᠤᠯᠬᠤ ᠶᠢ ᠦᠷᠭᠦᠯᠵᠢᠯᠡᠨ ᠴᠢᠩᠭᠠᠳᠬᠠᠪᠠ᠃ ︽ᠪᠦᠬᠦ ᠤᠯᠤᠰ ᠤᠨ ᠪᠣᠯᠪᠠᠰᠤᠨ ᠬᠤᠲᠠ ᠶᠢ | ᠪᠦᠲᠦᠭᠡᠨ ᠪᠠᠶᠢᠭᠤᠯᠬᠤ︾ ᠬᠠᠷᠠᠯᠲᠠ ᠳᠤ ᠬᠠᠨᠳᠤᠵᠤ᠂ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢ | ᠴᠢᠩᠭᠠᠳᠬᠠᠵᠤ᠂ 8918.4 ᠲᠦᠮᠡᠨ ᠲᠦᠭᠦᠷᠢᠭ ᠤᠨ ᠪᠡᠯᠡ ᠣᠷᠤᠭᠤᠯᠤᠨ᠂ ᠵᠡᠭᠡᠯᠢ ᠶᠢᠨ ᠥᠩᠭᠡ ᠲᠦᠷᠬᠦ ᠶᠢ | ᠳᠡᠭᠡᠭᠰᠢᠯᠡᠭᠦᠯᠬᠦ᠂ ᠵᠠᠮ ᠤᠨ ᠭᠠᠳᠠᠷᠭᠤ ᠶᠢ ᠬᠠᠲᠠᠭᠤᠷᠠᠭᠤᠯᠵᠤ ᠵᠠᠰᠠᠬᠤ᠂ ᠵᠠᠮ ᠵᠢᠭᠠᠯᠲᠠ ᠶᠢᠨ ᠫᠠᠶᠢᠰᠠ ᠱᠤᠭᠤᠮ ᠢ | ᠦᠭᠡᠷᠡᠴᠢᠯᠡᠨ ᠳᠡᠭᠡᠭᠰᠢᠯᠡᠭᠦᠯᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ 12.7 ᠲᠦᠮᠡᠨ ᠰᠠᠥᠷᠢ ᠲᠣᠷᠤᠭ ᠪᠤᠲᠠ | ᠮᠣᠳᠤ ᠲᠠᠷᠢᠵᠤ᠂ ᠳᠤᠯᠠᠭᠠᠯᠠᠭ᠎ᠠ ᠶᠢᠨ ᠦᠷᠲᠡᠭᠡ 1 ᠶᠢ ᠰᠢᠨ᠎ᠡ ᠪᠠᠷ ᠪᠠᠶᠢᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ | ᠴᠡᠨᠡᠭᠯᠡᠬᠦ ᠪᠠᠭᠠᠨ᠎ᠠ ᠶᠢ 10 ᠭᠠᠵᠠᠷ ᠲᠤ ᠤᠭᠰᠠᠷᠠᠨ᠂ ᠲᠣᠭᠤᠭᠠᠨ ᠭᠡᠷ ᠤᠨ ᠬᠤᠭ ᠨᠣᠪᠰᠢ ᠶᠢ ᠬᠦᠨᠦᠭᠡᠯ ᠦᠭᠡᠢ | ᠰᠢᠢᠳᠪᠦᠷᠢᠯᠡᠬᠦ ᠲᠠᠯᠠᠪᠤᠷ᠂ ᠳᠤᠯᠠᠭᠠᠯᠠᠭ᠎ᠠ᠂ ᠪᠣᠬᠢᠷ ᠤᠰᠤ᠂ ᠤᠰᠤ ᠬᠠᠩᠭᠠᠬᠤ ᠬᠠᠭᠤᠴᠢᠨ ᠬᠤᠭᠤᠯᠠᠢ ᠭᠤᠤᠷᠰᠣ ᠶᠢᠨ | ᠲᠣᠣᠷᠵᠢᠯ ᠢ ᠰᠢᠨᠡᠳᠬᠡᠨ ᠦᠭᠡᠷᠡᠴᠢᠯᠡᠬᠦ ᠢᠨᠵᠧᠨᠧᠷᠢᠩ ᠢ ᠤᠷᠤᠭᠰᠢᠲᠠᠢ ᠪᠡᠶᠡᠯᠡᠭᠦᠯᠵᠦ᠂ ᠬᠤᠲᠠ ᠪᠠᠯᠭᠠᠰᠤ ᠶᠢᠨ | ᠰᠠᠭᠤᠷᠢ ᠲᠦᠬᠦᠭᠡᠷᠦᠮᠵᠢ ᠪᠠ ᠳᠦᠷᠢ ᠳᠦᠷᠬᠦ ᠶᠢ ᠰᠢᠨᠡᠳᠬᠡᠨ ᠵᠠᠰᠠᠪᠠ᠃ 4G ᠤᠨ ᠰᠠᠭᠤᠷᠢ ᠦᠷᠲᠡᠭᠡ ᠶᠢ 183᠂ | 5G ᠤᠨ ᠰᠠᠭᠤᠷᠢ ᠦᠷᠲᠡᠭᠡ ᠶᠢ 17 ᠪᠠᠶᠢᠭᠤᠯᠵᠤ᠂ ᠪᠣᠶᠢᠳᠠ ᠪᠦᠭᠯᠡᠬᠦᠦ ᠭᠠᠵᠠᠷ ᠣᠷᠤᠨ ᠤ ᠴᠢᠮᠡᠭᠡ | ᠨᠠᠪᠲᠡᠷᠡᠭᠦᠯᠬᠡ ᠶᠢᠨ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠪᠡ᠃ ᠡᠵᠡᠨ᠎ᠡ ᠶᠢᠨ 220 ᠺᠢᠯᠣᠸᠣᠯᠲ᠂ | ᠰᠠᠶᠢᠬᠠᠨᠲᠣᠣᠷᠠᠢ ᠶᠢᠨ 110 ᠺᠢᠯᠣᠸᠣᠯᠲ ᠤᠨ ᠴᠠᠬᠢᠯᠭᠠᠨ ᠬᠤᠪᠢᠰᠬᠠᠬᠤ ᠥᠷᠲᠡᠭᠡ ᠶᠢ ᠪᠠᠶᠢᠭᠤᠯᠬᠤ ᠠᠵᠢᠯ ᠢ | ᠵᠠᠯᠭᠠᠭ᠎ᠠ ᠪᠠᠷ ᠳᠠᠭᠤᠰᠬᠠᠵᠤ᠂ ᠴᠠᠬᠢᠯᠭᠠᠨ ᠲᠣᠣᠷ ᠤᠨ ᠠᠮᠤᠷ ᠲᠣᠭᠳᠠᠭᠤᠨ ᠠᠵᠢᠯᠯᠠᠭᠠᠨ ᠤ ᠴᠢᠳᠠᠪᠤᠷᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ 1963.3 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠰᠤᠮᠤ | ᠪᠠᠯᠭᠠᠰᠤᠨ ᠤ ᠠᠵᠢᠯᠯᠠᠬᠤ ᠲᠠᠯᠠᠪᠤᠷ ᠪᠠ ᠳᠤᠯᠠᠭᠠᠯᠠᠭ᠎ᠠ ᠬᠠᠩᠭᠠᠬᠤ ᠰᠢᠰᠲ᠋ᠧᠮ ᠢ ᠳᠡᠭᠡᠭᠰᠢᠯᠡᠭᠦᠯᠦᠨ ᠥᠭᠡᠷᠡᠴᠢᠯᠡᠬᠦ | ᠢᠨᠵᠧᠨᠧᠷᠢᠩ᠂ ᠪᠠᠶᠠᠨᠲᠣᠤᠷᠠᠶ ᠰᠤᠮᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠬᠤᠭ ᠨᠣᠪᠰᠢ ᠶᠢ ᠬᠦᠨᠦᠭᠡᠯ ᠦᠭᠡᠢ ᠪᠣᠯᠭᠠᠨ ᠰᠢᠢᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠵᠦ᠂ ᠦᠨᠳᠦᠰᠦᠨ | ᠱᠠᠲᠤᠨ ᠤ ᠠᠵᠢᠯ ᠪᠠ ᠠᠮᠢᠳᠤᠷᠠᠯ ᠤᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠪᠠ᠃ 20 ᠭᠠᠴᠠᠭᠠᠨ ᠤ | 690 ᠮᠠᠯᠴᠢᠨ ᠲᠠᠷᠢᠶᠠᠴᠢᠨ ᠡᠷᠦᠬᠡ ᠶᠢᠨ ᠵᠣᠷᠯᠣᠩ ᠢ ᠤᠷᠤᠭᠰᠢᠲᠠᠢ ᠦᠭᠡᠷᠡᠴᠢᠯᠡᠵᠦ᠂ ᠰᠤᠮᠤ ᠭᠠᠴᠠᠭ᠎ᠠ ᠪᠣᠯᠭᠠᠨ | ᠠᠷᠢᠭᠤᠨ ᠴᠡᠪᠡᠷ ᠢ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ | ᠦᠵᠡᠰᠬᠦᠯᠡᠩᠲᠦ ᠰᠠᠶᠢᠬᠠᠨ ᠬᠦᠳᠡᠭᠡ ᠲᠣᠰᠬᠤᠨ ᠢ ᠪᠠᠶᠢᠭᠤᠯᠪᠠ᠃ | ᠬᠦᠨᠳᠦ ᠴᠢᠬᠤᠯᠠ ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠢ ᠪᠣᠳᠠᠲᠤ ᠠᠬᠢᠴᠠ ᠲᠠᠢ ᠪᠣᠯᠭᠠᠪᠠ᠃ | ᠡᠵᠡᠨ᠎ᠡ ᠬᠤᠰᠢᠭᠤᠨ ᠤ ᠨᠢᠰᠭᠡᠯ ᠤᠨ ᠲᠠᠯᠠᠪᠠᠢ ᠶᠢ ᠳᠡᠰ ᠳᠡᠪᠰᠢᠭᠦᠯᠬᠦ ᠲᠦᠷᠦᠯ ᠵᠦᠢᠯ ᠢ ᠪᠦᠲᠦᠭᠡᠨ ᠪᠠᠶᠢᠭᠤᠯᠬᠤ | ᠬᠡᠯᠡᠯᠴᠡᠭᠡᠷ ᠢ ᠲᠤᠭᠲᠠᠵᠤ᠂ ᠯᠢᠨ ᠾᠧ ᠠᠴᠠ ᠬᠠᠮᠢᠯ ᠬᠦᠷᠬᠦ ᠲᠡᠮᠦᠷ ᠵᠠᠮ ᠢ ᠬᠤᠣᠰ ᠴᠢᠭᠯᠡᠯᠵᠢᠭᠦᠯᠬᠦ ᠵᠢᠴᠢ | ᠴᠠᠬᠢᠯᠭᠠᠨᠵᠢᠭᠤᠯᠵᠤ ᠴᠢᠳᠠᠮᠵᠢ ᠶᠢ ᠨᠢ ᠦᠷᠭᠡᠳᠬᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ | ᠤᠷᠤᠭᠰᠢᠲᠠᠢ ᠡᠬᠢᠯᠡᠭᠦᠯᠦᠨ᠂ ᠵᠢᠦᠴᠢᠤᠸᠠᠨ ᠠᠴᠠ ᠡᠵᠡᠨ᠎ᠡ ᠬᠦᠷᠬᠦ ᠲᠡᠮᠦᠷ ᠵᠠᠮ ᠤᠨ ᠳ᠋ᠦᠩ ᠹᠧᠩ ᠡᠮᠦᠨ᠎ᠡ | ᠦᠷᠲᠡᠭᠡ ᠠᠴᠠ ᠡᠵᠡᠨ᠎ᠡ ᠬᠦᠷᠬᠦ ᠬᠡᠰᠡᠭ ᠤᠨ ᠠᠩᠬ᠎ᠠ ᠠᠯᠬᠤᠮ ᠤᠨ ᠬᠡᠷᠡᠭᠵᠢᠭᠦᠯᠵᠦ ᠪᠣᠯᠬᠤᠶᠢᠴᠠ ᠰᠤᠳᠤᠯᠭᠠᠨ ᠤ | ᠮᠡᠳᠡᠭᠦᠯᠦᠯᠲᠡ ᠶᠢ ᠨᠠᠶᠢᠷᠠᠭᠤᠯᠪᠠ᠃ G331 ᠱᠤᠭᠤᠮ ᠤᠨ ᠵᠠᠮ ᠤᠨ ᠬᠤᠳᠳᠤᠭ ᠠᠴᠠ ᠰᠠᠶᠢᠨ ᠤᠰᠤᠲᠤ | ᠬᠤᠳᠲᠤᠭ ᠬᠦᠷᠬᠦ ᠵᠠᠰᠠᠮᠠᠯ ᠵᠠᠮ᠂ ᠴᠢᠩ ᠾᠧ ᠺᠸᠦ ᠠᠴᠠ ᠰᠠᠶᠢᠬᠠᠨ ᠵᠠᠪᠠᠢ ᠪᠣᠭᠤᠮᠲᠠ ᠬᠦᠷᠬᠦ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠪᠠ ᠰᠠᠶᠢᠬᠠᠨᠲᠣᠣᠷᠠᠢ ᠠᠴᠠ ᠪᠠᠶᠠᠨᠪᠣᠭᠳᠠ ᠬᠦᠷᠬᠦ ᠵᠠᠰᠠᠮᠠᠯ ᠵᠠᠮ ᠢ ᠰᠠᠶᠢᠵᠢᠷᠠᠭᠤᠯᠤᠨ | ᠦᠭᠡᠷᠡᠴᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠬᠦᠯᠵᠦ᠂ G213 ᠳ᠋ᠦᠩ ᠹᠧᠩ ᠰᠠᠨᠰᠠᠷ ᠤᠨ | ᠬᠤᠲᠠ ᠠᠴᠠ ᠠᠷᠪᠠᠨ ᠳᠦᠷᠪᠡᠳᠦᠭᠡᠷ ᠰᠠᠭᠤᠷᠢᠨ ᠭᠠᠵᠠᠷ ᠬᠦᠷᠬᠦ ᠵᠠᠰᠠᠮᠠᠯ ᠵᠠᠮ ᠢ ᠪᠦᠲᠦᠭᠡᠨ ᠪᠠᠶᠢᠭᠤᠯᠬᠤ ᠭᠤᠷᠪᠠᠨ | ᠡᠳᠡᠭᠡᠳ ᠤᠨ ᠬᠡᠯᠡᠯᠴᠡᠭᠡᠷ ᠢ ᠲᠣᠭᠲᠠᠪᠠ᠃ 3100 ᠭᠠᠷᠤᠢ ᠲᠦᠮᠡᠨ ᠲᠦᠭᠦᠷᠢᠭ ᠤᠨ ᠪᠡᠯᠡ ᠣᠷᠤᠭᠤᠯᠵᠤ᠂ | ᠬᠦᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠ ᠠᠮᠢ ᠨᠠᠰᠤᠨ ᠤ ᠠᠮᠦᠷ ᠲᠦᠪᠰᠢᠨ ᠤ | ᠬᠠᠮᠠᠭᠠᠯᠠᠯᠠᠲᠠ ᠶᠢᠨ ᠢᠨᠵᠧᠨᠧᠷᠢᠩ ᠢ 127 ᠺᠢᠯᠣᠮᠧᠲᠷ ᠵᠠᠰᠠᠵᠤ᠂ ︽ᠳᠦᠷᠪᠡᠨ ᠰᠠᠶᠢᠲᠠᠢ ᠬᠦᠳᠡᠭᠡ ᠲᠣᠰᠬᠤᠨ ᠤ | ᠵᠠᠰᠠᠮᠠᠯ ᠵᠠᠮ︾ ᠤᠨ ᠪᠦᠲᠦᠭᠡᠨ ᠪᠠᠶᠢᠭᠤᠯᠤᠯᠲᠠ ᠢᠯᠡᠷᠬᠡᠢ ᠦᠷ᠎ᠡ ᠪᠦᠲᠦᠮᠵᠢ ᠣᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠠᠷᠠᠳ ᠤᠨ ᠠᠮᠢᠳᠤᠷᠠᠯ ᠢ ᠪᠠᠲᠤᠯᠠᠬᠤ ᠪᠠ ᠠᠷᠠᠳ ᠤᠨ ᠬᠦᠰᠡᠯ | ᠡᠷᠡᠮᠡᠯᠵᠡᠯ ᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠵᠤ᠂ ᠬᠥᠭᠵᠢᠯᠲᠡ ᠶᠢᠨ ᠶᠠᠪᠤᠴᠠ ᠳᠤ ᠠᠷᠠᠳ ᠲᠦᠮᠡᠨ ᠤ ᠵᠣᠯ | ᠵᠢᠷᠭᠠᠯ ᠢ ᠨᠡᠮᠡᠭᠳᠡᠭᠦᠯᠪᠡ᠃ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ | ᠦᠢᠯᠡᠳᠦᠯᠭᠡᠵᠢᠭᠦᠯᠵᠦ᠂ ᠪᠦᠬᠦ ᠵᠢᠯ ᠤᠨ ᠠᠷᠠᠳ ᠤᠨ ᠠᠮᠢᠳᠤᠷᠠᠯ ᠤᠨ ᠴᠠᠷ᠎ᠠ ᠬᠦᠷᠢᠶᠡᠨ ᠳᠤ 10.9 ᠳ᠋ᠦᠩᠰᠢᠭᠤᠷ | ᠲᠥᠭᠦᠷᠢᠭ ᠵᠠᠷᠤᠴᠠᠭᠤᠯᠵᠤ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 60.9% ᠶᠢ | ᠡᠵᠡᠯᠡᠪᠡ᠃ ᠪᠥᠬᠦ ᠬᠤᠰᠢᠭᠤᠨ ᠤ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠠᠨ ᠡᠷᠡᠰ | ᠪᠡᠶᠡᠯᠡᠭᠦᠯᠵᠦ᠂ 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠷᠠᠳ ᠤᠨ ᠠᠮᠢᠳᠤᠷᠠᠯ ᠳᠤ | ᠵᠣᠷᠢᠭᠤᠯᠤᠭᠰᠠᠨ 8 ᠪᠣᠳᠠᠲᠤ ᠶᠠᠪᠤᠳᠠᠯ ᠢ ᠴᠢᠨᠠᠷ ᠰᠠᠶᠢᠲᠠᠶ ᠪᠡᠶᠡᠯᠡᠭᠦᠯᠪᠡ᠃ ᠦᠢᠯᠡᠰ ᠪᠣᠰᠬᠠᠯᠲᠠ ᠠᠵᠢᠯ | ᠣᠯᠭᠤᠯᠲᠠ ᠶᠢ ᠨᠡᠩ ᠪᠦᠷᠢᠨ ᠲᠡᠭᠦᠯᠳᠡᠷᠵᠢᠭᠦᠯᠪᠡ᠃ ᠤᠯᠠᠨ ᠵᠦᠢᠯ ᠤᠨ ᠠᠷᠭ᠎ᠠ ᠠᠪᠴᠠᠯ ᠢᠶᠠᠷ ᠭᠤᠣᠯᠳᠠᠯᠭ᠎ᠠ ᠲᠠᠢ | ᠬᠥᠮᠦᠰ ᠲᠤ ᠠᠵᠢᠯ ᠣᠯᠭᠤᠵᠤ᠂ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠵᠦ᠂ ᠬᠤᠪᠢ ᠬᠥᠮᠦᠨ ᠤ ᠦᠢᠯᠡᠰ | ᠪᠤᠰᠬᠠᠬᠤ ᠪᠠᠲᠤᠯᠠᠭᠠᠲᠤ ᠵᠢᠭᠡᠯᠡᠯᠭᠡ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ | ᠨᠥᠬᠦᠪᠥᠷᠢ ᠵᠡᠷᠭᠡ ᠡᠯ᠎ᠡ ᠲᠦᠷᠦᠯ ᠤᠨ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢ | 400 ᠭᠠᠷᠤᠢ ᠲᠦᠮᠡᠨ ᠲᠥᠭᠦᠷᠢᠭ ᠲᠠᠷᠬᠠᠭᠠᠵᠤ᠂ 522 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠪᠠ᠃ | ᠨᠡᠶᠢᠭᠡᠮ ᠤᠨ ᠪᠠᠲᠤᠯᠠᠭ᠎ᠠ ᠶᠢ ᠨᠠᠩ ᠪᠠᠲᠤᠳᠬᠠᠪᠠ᠃ ᠭᠠᠩ ᠢ ᠡᠰᠡᠷᠭᠦᠴᠡᠬᠦ ᠪᠡᠯᠡ ᠮᠥᠩᠭᠦ ᠶᠢ 518 ᠲᠦᠮᠡᠨ | ᠲᠥᠭᠦᠷᠢᠭ ᠵᠠᠷᠤᠴᠠᠭᠤᠯᠵᠤ᠂ ᠭᠠᠮᠰᠢᠭ ᠢ ᠡᠰᠡᠷᠭᠦᠴᠡᠬᠦ ᠡᠪᠡᠰᠦ ᠪᠣᠷᠳᠤᠭ᠎ᠠ ᠶᠢ 380 ᠲᠣᠨ ᠵᠦᠭᠡᠭᠡᠪᠦᠷᠢᠯᠡᠨ | ᠲᠠᠷᠬᠠᠭᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠢ ᠬᠠᠪᠰᠤᠷᠤᠨ ᠭᠠᠩ ᠬᠠᠭᠰᠠᠷᠠᠭ᠎ᠠ ᠶᠢ ᠪᠦᠲᠦᠮᠵᠢᠲᠡᠶ | ᠠᠷᠭᠠᠴᠠᠭᠠᠪᠠ᠃ 1721 ᠲᠣᠨ ᠡᠩ ᠤᠨ ᠦᠨ᠎ᠡ ᠶᠢᠨ ᠨᠡᠭᠦᠷᠡᠰᠦ ᠶᠢ 883 ᠡᠷᠦᠬᠡ ᠮᠠᠯᠴᠢᠨ ᠲᠠᠷᠢᠶᠠᠴᠢᠨ ᠳᠤ | ᠲᠠᠷᠬᠠᠭᠠᠵᠤ ᠳᠤᠯᠠᠭᠠᠨ ᠡᠪᠦᠯᠵᠢᠭᠦᠯᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ | ᠠᠪᠤᠷᠠᠨ ᠲᠤᠰᠠᠯᠠᠯᠲᠠ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠪᠠᠯᠠ ᠮᠥᠩᠭᠦ ᠶᠢ 202 ᠲᠦᠮᠡᠨ ᠲᠥᠭᠦᠷᠢᠭ | ᠲᠠᠷᠬᠠᠭᠠᠵᠤ᠂ ᠬᠦᠴᠢᠷᠳᠡᠯᠲᠡᠶ ᠣᠯᠠᠨ ᠲᠦᠮᠡᠨ ᠳᠤ 1651 ᠬᠥᠮᠦᠨ ᠤᠳᠠᠭ᠎ᠠ ᠠᠰᠢᠭ ᠬᠦᠷᠲᠡᠭᠡᠪᠡ᠃ ᠠᠵᠢᠯᠲᠠᠨ | ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠦᠯᠦᠪᠯᠡᠬᠦ ᠪᠠᠲᠤᠯᠠᠭᠠᠨ ᠤ ᠲᠣᠭᠲᠠᠴᠠ ᠶᠢ ᠯᠠᠪᠳᠠᠭᠤᠨ ᠢᠶᠠᠷ | ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠶᠡᠬᠡᠪᠡᠷ ᠳᠡᠯᠭᠡᠷᠡᠭᠦᠯᠦᠨ᠂ | ᠣᠨᠳᠣᠤ ᠭᠠᠵᠠᠷ ᠡᠪᠡᠳᠴᠢᠨ ᠦᠵᠡᠭᠦᠯᠵᠦ ᠡᠮ ᠠᠪᠬᠤ ᠶᠢ ᠥᠪᠡᠰᠦᠪᠡᠨ ᠳᠠᠩᠰᠠᠯᠠᠭᠤᠯᠤᠨ᠂ ᠡᠮᠴᠢᠯᠡᠭᠡᠨ ᠤ | ᠵᠠᠷᠤᠳᠠᠯ ᠢ ᠴᠠᠭ ᠲᠤᠬᠠᠶ ᠳᠤᠨᠢ ᠪᠤᠳᠤᠬᠤ ᠶᠢ ᠪᠡᠶᠡᠯᠡᠭᠦᠯᠪᠡ᠃ ᠥᠨᠳᠥᠷ ᠨᠠᠰᠤᠨ ᠤ ᠨᠦᠬᠦᠪᠦᠷᠢ ᠮᠦᠩᠭᠦᠨ ᠤ | ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠵᠦ᠂ ᠨᠡᠶᠢᠲᠡ 166.2 ᠲᠦᠮᠡᠨ ᠲᠥᠭᠦᠷᠢᠭ ᠤᠨ ᠨᠥᠬᠦᠪᠥᠷᠢ ᠮᠥᠩᠭᠦ | ᠲᠠᠷᠬᠠᠭᠠᠪᠠ᠃ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ | ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ᠂ ᠡᠷᠡᠭᠦᠯᠵᠢᠯ ᠤᠨ ᠨᠠᠶᠢᠳᠠᠨ ᠠᠰᠠᠷᠠᠭᠤᠯᠬᠤ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠨᠠᠰᠤᠲᠠᠶᠢᠴᠤᠤᠯ ᠢ ᠠᠰᠠᠷᠠᠨ ᠨᠢᠯᠬᠠᠰ ᠢ | ᠪᠣᠶᠢᠵᠢᠭᠤᠯᠵᠤ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠵᠦ ᠳᠡᠰ ᠳᠡᠪᠰᠢᠭᠦᠯᠪᠡ᠃ | ᠡᠮ ᠡᠮᠨᠡᠯᠭᠡ ᠶᠢᠨ ᠦᠢᠯᠡᠴᠢᠯᠡᠭᠡ ᠶᠢ ᠨᠡᠩ ᠲᠡᠭᠦᠯᠳᠡᠷᠵᠢᠭᠦᠯᠪᠡ᠃ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ | ᠬᠤᠲᠠ︾ ᠶᠢ ᠡᠬᠦᠳᠦᠨ ᠪᠠᠶᠢᠭᠤᠯᠬᠤ ᠠᠵᠢᠯ ᠤᠨ ᠳᠠᠬᠢᠨ ᠬᠢᠨᠠᠯᠲᠠ ᠶᠢ ᠠᠮᠵᠢᠯᠲᠠ ᠲᠠᠢ ᠦᠩᠭᠡᠷᠡᠭᠡᠵᠦ᠂ ᠡᠷᠡᠭᠦᠯ | ᠡᠩᠬᠡ ᠡᠵᠡᠨ᠎ᠡ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠠᠷᠠᠳ ᠤᠨ ᠡᠮᠨᠡᠯᠭᠡ ᠶᠢᠨ | ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠢ | ᠥᠷᠭᠡᠳᠬᠡᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠡᠮᠬᠢ ᠵᠢᠷᠤᠮ ᠲᠠᠢ ᠶᠠᠪᠤᠭᠳᠠᠭᠤᠯᠪᠠ᠃ | 3516.5 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠴᠢᠮ ᠳᠤᠲᠠᠭᠳᠠᠵᠤ ᠪᠠᠶᠢᠭ᠎ᠠ 1849 | ᠲᠥᠬᠦᠭᠡᠷᠦᠮᠵᠢ ᠶᠢ ᠬᠤᠳᠠᠯᠳᠤᠨ ᠠᠪᠴᠤ᠂ ᠡᠮᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ | ᠨᠥᠬᠦᠪᠥᠷᠢᠯᠡᠪᠡ᠃ ᠪᠠᠶᠢᠯᠳᠤᠬᠤ ᠪᠣᠳᠣᠯᠭ᠎ᠠ ᠶᠢᠨ ᠲᠤᠰᠠᠯᠠᠬᠤ ᠴᠡᠷᠢᠭ ᠠᠩᠭᠢ ᠶᠢᠨ ᠤᠨᠴᠠᠯᠢᠬᠳᠤ ᠠᠨᠠᠭᠠᠬᠤ | ᠤᠬᠠᠭᠠᠨ ᠤ ᠲᠥᠪ᠂ ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠵᠡᠷᠭᠡ ᠲᠠᠢ ᠲᠤᠰᠠᠯᠠᠨ ᠬᠠᠮᠲᠤᠷᠠᠯᠴᠠᠬᠤ | ᠴᠢᠨᠠᠷ ᠴᠢᠨᠰᠠᠭ᠎ᠠ ᠦᠷ᠎ᠡ ᠪᠦᠲᠦᠮᠵᠢ ᠶᠢ ᠥᠷᠭᠡᠳᠬᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ | ᠪᠠᠶᠠᠯᠢᠭ ᠤᠨ ᠬᠠᠷᠢᠯᠴᠠᠨ ᠬᠤᠯᠪᠤᠭᠠᠯᠠᠨ ᠨᠡᠪᠲᠡᠷᠡᠯᠴᠡᠬᠦ ᠶᠢ ᠪᠡᠶᠡᠯᠡᠭᠦᠯᠪᠡ᠃ ᠰᠤᠷᠭᠠᠨ ᠬᠦᠮᠦᠵᠢᠯ ᠤᠨ ᠣᠷᠴᠢᠨ | ᠨᠥᠬᠦᠴᠡᠯ ᠢ ᠨᠠᠩ ᠰᠢᠯᠢᠳᠡᠭᠵᠢᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠲᠡᠩᠴᠡᠭᠦᠷᠢᠲᠡᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ᠬᠤᠶᠠᠳᠤᠭᠠᠷ ᠪᠠᠭ᠎ᠠ ᠰᠤᠷᠭᠠᠭᠤᠯᠢ ᠶᠢᠨ | ᠪᠠᠶᠢᠭᠤᠯᠤᠯᠲᠠ ᠶᠢ ᠲᠦᠷᠭᠡᠳᠬᠡᠪᠡ᠃ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠨ᠂ ᠡᠵᠡᠨ᠎ᠡ ᠬᠤᠰᠢᠭᠤᠨ ᠤ ᠳᠤᠮᠳᠠᠳᠤ ᠰᠤᠷᠭᠠᠭᠤᠯᠢ ᠨᠢ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠫᠠᠶᠢᠰᠠ | ᠡᠯᠭᠦᠵᠦ᠂ ᠳ᠋ᠦᠩ ᠹᠧᠩ ᠳᠤᠮᠳᠠᠳᠤ ᠪᠠᠭ᠎ᠠ ᠰᠤᠷᠭᠠᠭᠤᠯᠢ ᠯᠤᠭ᠎ᠠ ᠬᠤᠯᠪᠤᠭᠠᠲᠤ ᠰᠤᠷᠭᠠᠭᠤᠯᠢ ᠪᠣᠯᠪᠠ᠃ ᠪᠠᠭᠰᠢ ᠶᠢᠨ | ᠮᠡᠷᠭᠡᠵᠢᠯ ᠤᠨ ᠴᠣᠯᠠ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠰᠤᠷᠭᠠᠭᠤᠯᠢ ᠶᠢᠨ ᠵᠠᠬᠢᠷᠦᠯ ᠢ ᠦᠷᠢᠰᠦᠯᠳᠦᠭᠡᠨ ᠢᠶᠠᠷ ᠡᠯᠰᠡᠬᠦ᠂ ᠡᠭᠡᠯᠵᠢᠯᠡᠨ ᠠᠵᠢᠯᠯᠠᠬᠤ ᠵᠡᠷᠭᠡ | ᠠᠵᠢᠯᠯᠠᠭ᠎ᠠ ᠶᠢ ᠦᠷᠨᠢᠭᠦᠯᠵᠦ᠂ 23 ᠪᠠᠭᠰᠢ ᠡᠯᠰᠡᠪᠡ᠃ ᠰᠤᠷᠭᠠᠨ ᠬᠥᠮᠦᠵᠢᠯ ᠤᠨ ᠬᠥᠭᠵᠢᠯᠲᠡ ᠶᠢᠨ ᠨᠢᠭᠦᠯᠡᠰᠦᠩᠭᠦᠢ | ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ᠶᠢ 519 ᠲᠦᠮᠡᠨ ᠲᠥᠭᠦᠷᠢᠭ ᠴᠤᠭᠯᠠᠭᠤᠯᠪᠠ᠃ ᠰᠣᠶᠣᠯ | ᠲᠠᠮᠢᠷ ᠤᠨ ᠦᠢᠯᠡᠰ ᠨᠡᠩ ᠴᠡᠴᠡᠭᠯᠡᠨ ᠬᠥᠭᠵᠢᠪᠡ᠃ ᠲᠠᠪᠤᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠯᠲᠠᠨ | ᠨᠠᠮᠤᠷ︾ ᠤᠨ ᠪᠥᠬᠦ ᠣᠷᠣᠨ ᠤ ᠳᠠᠭᠤᠤ ᠬᠥᠭᠵᠢᠮ ᠤᠨ ᠤᠷᠤᠯᠳᠤᠭᠠᠨ ᠢ ᠥᠨᠳᠥᠷ ᠬᠢᠷᠢ ᠲᠦᠪᠰᠢᠨ ᠢᠶᠠᠷ ᠳᠠᠭᠠᠭᠠᠨ | ᠡᠷᠭᠢᠯᠡᠵᠦ᠂ ᠤᠯᠠᠭᠠᠨᠮᠥ᠋ᠴᠢᠷ ᠨᠢ ᠠᠵᠢᠯ ᠦᠢᠯᠡᠰ ᠢᠶᠠᠨ ᠤᠯᠠᠮ ᠭᠢᠯᠠᠯᠵᠠᠭᠤᠯᠵᠤ᠂ ᠪᠥᠬᠦ ᠵᠢᠯ ᠳᠤ ᠡᠯ᠎ᠡ ᠲᠥᠷᠥᠯ ᠤᠨ | ᠲᠣᠭᠯᠠᠯᠲᠠ᠂ ᠤᠬᠠᠭᠤᠯᠭ᠎ᠠ ᠶᠢᠨ ᠠᠵᠢᠯᠯᠠᠭ᠎ᠠ ᠶᠢ 152 ᠲᠠᠯᠠᠪᠤᠷ ᠡᠷᠭᠢᠯᠡᠪᠡ᠃ ᠵᠢᠦᠢ ᠶᠠᠨ ᠤ ᠪᠠᠭᠤᠷᠢ ᠶᠢ | ᠳᠡᠯᠡᠬᠡᠢ ᠶᠢᠨ ᠰᠣᠶᠣᠯ ᠤᠨ ᠥᠪ ᠪᠣᠯᠭᠠᠬᠤ ᠪᠠᠷ ᠢᠳᠡᠪᠬᠢᠲᠡᠢ ᠭᠤᠶᠤᠴᠢᠯᠠᠵᠤ᠂ ︽ᠬᠤᠶᠠᠳᠤᠭᠠᠷ ᠬᠤᠭᠤᠴᠠᠭᠠᠨ ᠤ | ᠵᠢᠦᠢ ᠶᠠᠨ ᠤ ᠰᠣᠶᠣᠯ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾ ᠢ ᠠᠮᠵᠢᠯᠲᠠ ᠲᠠᠢ ᠪᠠᠷ | ᠳᠠᠭᠠᠭᠠᠨ ᠡᠷᠬᠢᠯᠡᠪᠡ᠃ ᠰᠣᠶᠣᠯ ᠤᠨ ᠣᠷᠳᠣᠨ ᠢ ᠲᠥᠯᠥᠪᠦᠷᠢ ᠦᠭᠡᠢ ᠪᠠᠷ ᠨᠡᠭᠡᠭᠡᠬᠦ ᠠᠵᠢᠯ ᠢ ᠬᠢᠨᠠᠮᠠᠭᠠᠶ ᠰᠠᠶᠢᠲᠤᠷ | ᠬᠢᠵᠦ᠂ ︽ᠬᠠᠮᠤᠭ ᠰᠠᠶᠢᠨ ᠨᠤᠲᠤᠭ ᠪᠡᠯᠴᠢᠭᠡᠷ ᠢᠶᠠᠨ ᠰᠠᠨᠰᠠᠷ ᠤᠨ ᠦᠢᠯᠡᠰ ᠲᠤ ᠵᠣᠷᠢᠭᠤᠯᠤᠭᠰᠠᠨ︾ | ᠦᠵᠡᠭᠦᠯᠦᠯᠭᠡ ᠶᠢᠨ ᠲᠢᠩᠬᠢᠮ ᠢ ᠪᠠᠶᠢᠭᠤᠯᠤᠨ ᠠᠰᠢᠭᠯᠠᠭᠰᠠᠨ ᠪᠠ ᠡᠵᠡᠨ᠎ᠡ ᠬᠤᠰᠢᠭᠤᠨ ᠤ ᠨᠣᠮ ᠤᠨ ᠰᠠᠩ ᠨᠢ | ᠤᠯᠤᠰ ᠤᠨ ᠬᠤᠶᠠᠳᠤᠭᠠᠷ ᠳᠡᠰ ᠤᠨ ᠨᠣᠮ ᠤᠨ ᠰᠠᠩ ᠢᠶᠠᠷ ᠦᠨᠡᠯᠡᠭᠳᠡᠪᠡ᠃ ᠨᠡᠷ᠎ᠡ ᠲᠡᠮᠳᠡᠭᠲᠦ ᠪᠡᠶ᠎ᠡ ᠲᠠᠮᠢᠷ ᠤᠨ | ᠤᠷᠤᠯᠳᠤᠭᠠᠨ ᠢ ᠳᠡᠰ ᠳᠡᠪᠰᠢᠭᠦᠯᠵᠦ᠂ ᠲᠤᠤᠷᠠᠶ ᠶᠢᠨ ᠣᠶ ᠶᠢ ᠲᠤᠭᠤᠷᠢᠭᠰᠠᠨ ᠳᠤᠭᠤᠶ ᠤᠨᠤᠬᠤ ᠵᠠᠮ ᠱᠤᠭᠤᠮ ᠨᠢ | 2023 ᠣᠨ ᠤ ᠳᠤᠮᠳᠠᠳᠤ ᠤᠯᠤᠰ ᠤᠨ ᠳᠤᠭᠤᠶ ᠤᠨᠤᠬᠤ ᠰᠣᠳᠣᠨ ᠵᠠᠮ ᠱᠤᠭᠤᠮ ᠢᠶᠠᠷ ᠰᠣᠩᠭᠤᠭᠳᠠᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠥᠭᠡᠷᠡᠴᠢᠯᠡᠯᠲᠡ ᠰᠢᠨᠡᠴᠢᠯᠡᠯᠲᠡ ᠪᠠ ᠬᠤᠷᠢᠭ᠎ᠠ ᠱᠤᠭᠤᠮ ᠤᠨ | ᠪᠠᠷᠢᠮᠲᠠᠯᠠᠯ ᠢ ᠵᠣᠬᠢᠴᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠭᠦᠨᠵᠡᠭᠡᠶᠢᠷᠡᠭᠦᠯᠬᠦ ᠳᠤᠮᠳᠠ ᠡᠶ᠎ᠡ | ᠵᠣᠬᠢᠴᠠᠩᠭᠤᠢ ᠲᠣᠭᠲᠠᠭᠤᠨ ᠢ ᠪᠡᠶᠡᠯᠡᠭᠦᠯᠪᠡ᠃ | ᠥᠭᠡᠷᠡᠴᠢᠯᠡᠯᠲᠡ ᠨᠡᠭᠡᠭᠡᠯᠲᠡ ᠪᠠᠷ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠦᠭᠵᠢᠭᠡᠪᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠨᠢᠭᠡ ᠡᠭᠦᠳᠡ ᠨᠢᠭᠡ ᠴᠣᠩᠬᠤᠪᠴᠢ ᠮᠠᠶ᠋ᠢᠭ︾ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢᠨ ᠰᠠᠭᠤᠷᠢᠨ ᠳᠡᠭᠡᠷ᠎ᠡ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠰᠢᠯᠢᠳᠡᠭᠵᠢᠭᠦᠯᠵᠦ᠂ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠨᠠᠩ ᠣᠯᠠᠨ ᠦᠢᠯᠡᠴᠢᠯᠡᠭᠡᠨ ᠤ ᠵᠦᠢᠯᠡᠰ ᠢ ︽ᠨᠢᠭᠡ | ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠪᠡ᠃ ᠦᠨᠳᠦᠰᠦᠨ ᠱᠠᠲᠤᠨ ᠤ ᠵᠠᠰᠠᠭ ᠤᠨ | ᠠᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠴᠡᠭᠡ ᠪᠤᠭᠤᠮᠲᠠ ᠶᠢᠨ | ᠵᠠᠰᠠᠭ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠵᠠᠰᠠᠭ ᠤᠨ ᠠᠵᠢᠯ ᠤᠨ ᠦᠢᠯᠡᠴᠢᠯᠡᠭᠡ ᠶᠢ | ᠦᠨᠳᠦᠰᠦᠨ ᠱᠠᠲᠤᠨ ᠳᠤ ᠬᠦᠷᠲᠡᠯ᠎ᠡ ᠥᠷᠭᠡᠳᠬᠡᠨ ᠪᠦᠷᠬᠦᠬᠦᠯᠬᠦ ᠶᠢ ᠪᠦᠲᠦᠮᠵᠢᠲᠡᠢ ᠪᠡᠶᠡᠯᠡᠭᠦᠯᠪᠡ᠃ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠭᠠᠷᠳᠠᠮ ᠢ ᠭᠦᠢᠴᠡᠳᠬᠡᠬᠦ᠂ | ᠪᠡᠯᠡ ᠮᠥᠩᠭᠦ ᠴᠤᠭᠯᠠᠭᠤᠯᠬᠤ ᠵᠢᠭᠡᠯᠡᠯᠭᠡ᠂ ᠭᠤᠣᠯ ᠡᠯᠧᠮᠧᠨ᠋ᠲ ᠢ ᠪᠠᠲᠤᠯᠠᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ | ᠪᠣᠳᠠᠲᠤ ᠴᠣᠭᠴᠠ ᠶᠢᠨ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠠᠬᠢᠭᠤᠯᠪᠠ᠃ ︽ᠲᠠᠪᠤ ᠶᠢ ᠲᠦᠢᠯᠪᠤᠷᠢᠲᠠᠢ | ᠪᠠᠶᠢᠴᠠᠭᠠᠬᠤ︾ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠳᠣᠪᠣᠶᠢᠮ᠎ᠠ ᠪᠠᠶᠢᠵᠤ᠂ ᠵᠦᠪᠰᠢᠶᠡᠷᠠᠯ ᠬᠦᠯᠢᠶᠡᠵᠦ | ᠪᠠᠶᠢᠭ᠎ᠠ 2 ᠲᠥᠷᠥᠯ ᠵᠦᠢᠯ ᠢ ᠴᠥᠮ ᠢ ᠭᠦᠢᠴᠡᠳᠬᠡᠵᠦ᠂ ︽ᠳᠤᠲᠠᠭᠤ ᠳᠣᠷᠭᠤᠨ︾ ᠢᠨᠵᠧᠨᠧᠷᠢᠩ ᠢ ᠪᠡᠶᠡᠯᠡᠭᠦᠯᠵᠦ᠂ | ᠵᠦᠪᠰᠢᠶᠡᠷᠠᠯ ᠣᠯᠭᠤᠭᠠᠳ ᠪᠠᠶᠢᠭᠰᠠᠨ 210 ᠮᠥ ᠭᠠᠵᠠᠷ ᠰᠢᠷᠣᠢ ᠶᠢ ᠬᠠᠩᠭᠠᠵᠤ᠂ ᠬᠠᠷᠠᠯᠲᠠ ᠡᠭᠦᠷᠭᠡ ᠪᠠᠨ | ᠳᠠᠪᠠᠭᠤᠯᠤᠨ ᠪᠡᠶᠡᠯᠡᠭᠦᠯᠪᠡ᠃ ᠴᠡᠭᠡ ᠪᠣᠭᠤᠮᠲᠡ ᠶᠢᠨ ᠨᠡᠭᠡᠭᠡᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠪᠥᠬᠦ | ᠵᠢᠯ ᠤᠨ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ 1900 ᠲᠦᠮᠡᠨ ᠲᠣᠨ ᠢ ᠳᠠᠪᠠᠵᠤ᠂ ᠲᠡᠤᠬᠡ ᠶᠢᠨ ᠰᠢᠨ᠎ᠡ | ᠲᠡᠮᠳᠡᠭᠯᠡᠯ ᠢ ᠡᠭᠦᠳᠪᠡ᠃ 2023 ᠣᠨ ᠤ ᠳᠤᠮᠳᠠᠳᠤ ᠤᠯᠤᠰ ︵ᠡᠵᠡᠨ᠎ᠡ︶ ᠤᠨ ᠪᠣᠭᠤᠮᠲᠠ ᠶᠢᠨ ᠣᠯᠠᠨ | ᠤᠯᠤᠰ ᠤᠨ ᠲᠠᠸᠠᠷ ᠤᠨ ᠦᠵᠡᠰᠬᠦᠯᠡᠩ ᠤᠨ ᠴᠤᠭᠯᠠᠭᠠᠨ ᠵᠢᠴᠢ ᠡᠵᠡᠨ᠎ᠡ · ᠳᠤᠮᠳᠠᠳᠤ ᠮᠣᠩᠭᠤᠯ ᠤᠨ ᠣᠯᠠᠨ | ᠤᠯᠤᠰ ᠤᠨ ᠲᠠᠸᠠᠷ ᠤᠨ ᠳᠡᠯᠭᠡᠨ ᠪᠣᠷᠤᠯᠠᠭᠤᠯᠭ᠎ᠠ ᠪᠠ ᠶᠠᠷᠢᠯᠴᠠᠭᠠᠨ ᠤ ᠬᠤᠷᠠᠯ ᠢ ᠠᠮᠵᠢᠯᠲᠠ ᠲᠠᠢ ᠡᠷᠭᠢᠯᠡᠵᠦ᠂ | ᠲᠤᠬᠠᠶ ᠶᠢᠨ ᠲᠠᠯᠠᠪᠠᠶ ᠳᠤ 1100 ᠭᠠᠷᠤᠶ ᠲᠦᠮᠡᠨ ᠲᠥᠭᠦᠷᠢᠭ ᠤᠨ ᠠᠷᠠᠯᠵᠢᠶ᠎ᠠ ᠶᠠᠪᠤᠭᠳᠠᠵᠤ᠂ 27.6 | ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠶᠢᠨ ᠬᠡᠯᠡᠯᠴᠡᠭᠡᠷ ᠲᠣᠭᠲᠠᠵᠤ᠂ ᠤᠮᠠᠷᠠᠰᠢ ᠨᠡᠭᠡᠭᠡᠯᠲᠡ | ᠬᠢᠬᠦ ᠪᠠᠬᠢᠯᠡᠯᠲᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ | ᠬᠤᠷᠢᠭ᠎ᠠ ᠱᠤᠭᠤᠮ ᠤᠨ ᠰᠡᠳᠬᠢᠬᠦᠢ ᠪᠠᠷ ᠦᠨᠳᠦᠰᠦᠨ ᠱᠠᠲᠤᠨ ᠤ ᠵᠠᠰᠠᠯᠲᠠ ᠶᠢ ᠪᠠᠬᠢᠵᠢᠭᠦᠯᠪᠡ᠃ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠠᠮᠤᠷ ᠠᠮᠤᠭᠤᠯᠠᠩ | ᠡᠵᠡᠨ᠎ᠡ ᠶᠢᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠤᠯᠠᠨ | ᠡᠰᠢᠵᠢᠭᠦᠯᠦᠨ ᠰᠢᠢᠳᠪᠦᠷᠢᠯᠡᠬᠦ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠵᠡᠨ᠎ᠡ ᠬᠤᠰᠢᠭᠤᠨ ᠤ | ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠨᠢ ᠪᠥᠬᠦ ᠣᠷᠣᠨ ᠤ ︽ᠳᠠᠪᠲᠠᠯᠲᠠ ᠶᠢ ᠵᠠᠰᠠᠵᠤ ᠳᠠᠷᠤᠭᠳᠠᠮᠠᠯ ᠢ | ᠠᠷᠢᠯᠭᠠᠬᠤ︾ ᠲᠤᠰᠬᠠᠢ ᠠᠵᠢᠯᠯᠠᠭ᠎ᠠ ᠶᠢᠨ ᠬᠠᠮᠲᠤ ᠨᠡᠶᠢᠲᠡ ᠶᠢᠨ ᠭᠤᠷᠪᠠᠳᠤᠭᠠᠷ ᠳᠡᠰ ᠤᠨ ᠭᠠᠪᠢᠶ᠎ᠠ ᠶᠢ ᠪᠠᠶᠢᠭᠤᠯᠪᠠ᠃ | ᠬᠢᠯᠢ ᠪᠠᠨ ᠬᠦᠴᠦᠷᠬᠡᠭᠵᠢᠭᠦᠯᠵᠦ ᠰᠡᠷᠭᠡᠶᠢᠯᠡᠯᠲᠡ ᠪᠠᠨ ᠪᠠᠬᠢᠵᠢᠭᠦᠯᠬᠦ ᠶᠢ ᠶᠡᠬᠡᠪᠡᠷ ᠠᠬᠢᠭᠤᠯᠵᠤ᠂ 1345 ᠲᠦᠮᠡᠨ | ᠲᠦᠭᠦᠷᠢᠭ ᠤᠨ ᠪᠡᠯᠡ ᠣᠷᠣᠭᠤᠯᠤᠨ᠂ ᠬᠢᠯᠢ ᠬᠠᠮᠠᠭᠠᠯᠠᠭᠴᠢ ᠶᠢ ᠬᠠᠮᠢᠶᠠᠷᠤᠨ ᠬᠠᠮᠠᠭᠠᠯᠠᠬᠤ ᠲᠥᠪ᠂ ᠬᠢᠯᠢ ᠶᠢᠨ | ᠴᠠᠭᠳᠠᠭᠠᠨ ᠶᠠᠪᠤᠳᠠᠯ ᠤᠨ ᠲᠠᠰᠤᠭ᠂ ᠴᠡᠷᠢᠭ ᠴᠠᠭᠳᠠᠭ᠎ᠠ ᠠᠷᠠᠳ ᠤᠨ ᠬᠤᠯᠪᠤᠭᠠᠯᠠᠨ ᠰᠡᠷᠭᠡᠶᠢᠯᠡᠬᠦ ᠶᠢ ᠵᠢᠯᠤᠭᠤᠳᠬᠤ | ᠳᠠᠪᠴᠠᠩ ᠢ ᠪᠦᠲᠦᠭᠡᠨ ᠪᠠᠶᠢᠭᠤᠯᠤᠨ ᠠᠰᠢᠭᠯᠠᠵᠤ᠂ ᠬᠢᠯᠢ ᠬᠠᠮᠠᠭᠠᠯᠠᠭᠴᠢ ᠶᠢᠨ ᠣᠯᠭᠤᠮᠵᠢ ᠶᠢ ᠦᠷᠭᠦᠯᠵᠢᠯᠡᠨ | ᠳᠡᠭᠡᠭᠰᠢᠯᠡᠭᠦᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠬᠢᠯᠢ ᠶᠢᠨ ᠵᠠᠰᠠᠯᠲᠠ ᠶᠢᠨ ᠪᠠᠶᠢᠷᠢᠰᠢᠯ ᠢ ᠲᠠᠰᠤᠷᠠᠯᠲᠠ | ᠥᠬᠡᠶ ᠭᠦᠨᠵᠡᠭᠡᠶᠢᠷᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠡᠨᠡᠬᠦ ᠭᠤᠣᠯ ᠱᠤᠭᠤᠮ ᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ 1920 ᠲᠦᠮᠡᠨ | ᠲᠥᠭᠦᠷᠢᠭ ᠤᠨ ᠪᠡᠯᠡ ᠣᠷᠣᠭᠤᠯᠵᠤ᠂ ︽ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ︾᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ 21 ᠲᠦᠷᠦᠯ ᠵᠦᠢᠯ ᠢ ᠬᠤᠯᠪᠤᠵᠤ ᠬᠡᠷᠡᠭᠵᠢᠭᠦᠯᠦᠨ᠂ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠭᠦᠨᠵᠡᠭᠡᠢ ᠠᠬᠢᠭᠤᠯᠪᠠ᠃ | ᠰᠤᠪᠨᠠᠭᠤᠷ ᠰᠤᠮᠤ ᠨᠢ ᠶᠢᠰᠦᠳᠦᠭᠡᠷ ᠪᠦᠯᠦᠭ ᠤᠨ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠣᠷᠣᠨ ᠤ ᠵᠢᠱᠢᠶᠡᠴᠢ ᠨᠢᠭᠡᠴᠡ ᠪᠠᠷ ᠦᠨᠡᠯᠡᠭᠳᠡᠵᠦ᠂ ᠳᠠᠯᠠᠶᠢᠬᠦ᠋ᠪ ᠪᠠᠯᠭᠠᠰᠤ ᠵᠡᠷᠭᠡ 9 ᠬᠠᠮᠲᠤ | ᠨᠢᠭᠡᠴᠠ᠂ ᠨᠢᠰᠬᠦ ᠣᠩᠭᠤᠴᠠ ᠶᠢᠨ ᠡᠵᠡᠨ᠎ᠡ ᠬᠤᠰᠢᠭᠤᠨ ᠳᠤ ᠪᠠᠭᠤᠬᠤ ᠦᠷᠲᠡᠭᠡ ᠵᠡᠷᠭᠡ ᠬᠤᠶᠠᠷ ᠰᠠᠯᠠᠭ᠎ᠠ ᠴᠡᠷᠢᠭ | ᠠᠩᠭᠢ ᠪᠣᠯᠤᠨ 18 ᠬᠤᠪᠢ ᠬᠥᠮᠦᠨ ᠨᠢ ᠪᠥᠬᠦ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠲᠡᠷᠢᠭᠦᠨ ᠤ ᠱᠠᠩᠨᠠᠯ ᠢ | ᠬᠦᠷᠲᠡᠪᠡ᠃ 6000 ᠲᠦᠮᠡᠨ ᠲᠦᠬᠦᠷᠢᠭ ᠤᠨ ᠪᠡᠯᠡ ᠣᠷᠣᠭᠤᠯᠵᠦ᠂ 5 ᠲᠦᠷᠦᠯ ᠤᠨ ᠴᠡᠷᠢᠭ ᠠᠷᠠᠳ ᠤᠨ | ᠠᠭᠤᠰᠣᠯᠴᠠᠯ ᠤᠨ ᠲᠦᠷᠦᠯ ᠵᠦᠢᠯ ᠢ ᠬᠡᠷᠡᠭᠵᠢᠬᠦᠯᠵᠦ᠂ 11 ᠴᠡᠷᠢᠭ ᠢᠶᠠᠨ ᠳᠠᠭᠠᠭᠰᠠᠨ ᠭᠡᠷ ᠪᠥᠯᠢ ᠶᠢᠨ | ᠪᠦᠷᠢᠯᠳᠦᠭᠦᠨ ᠤ ᠡᠷᠦᠭᠡ ᠠᠮᠠ ᠶᠢ ᠰᠢᠯᠵᠢᠭᠦᠯᠦᠨ ᠠᠪᠴᠢᠷᠠᠵᠤ᠂ ᠴᠡᠷᠢᠭ ᠠᠴᠠ ᠠᠵᠢᠯ ᠤᠨ ᠠᠮᠠᠷᠠᠯᠲᠠ ᠠᠪᠤᠭᠰᠠᠨ | 12 ᠺᠠᠳ᠋ᠷ ᠢ ᠬᠦᠯᠢᠶᠠᠨ ᠲᠣᠬᠢᠷᠠᠭᠤᠯᠵᠤ᠂ ᠴᠡᠷᠢᠭ ᠤᠨ ᠭᠡᠷ ᠪᠦᠯᠢ ᠶᠢᠨ ᠬᠢ ᠳᠤ ᠪᠠᠭᠰᠢ ᠶᠢᠨ ᠠᠵᠢᠯ ᠤᠨ 88 | ᠪᠠᠶᠢᠷᠢ ᠶᠢ ᠲᠤᠰᠬᠠᠢ ᠬᠠᠩᠭᠠᠵᠤ᠂ ᠣᠨᠴᠠ ᠬᠠᠷᠠᠭᠠᠯᠵᠠᠯ ᠪᠠ ᠨᠦᠬᠦᠪᠦᠷᠢ ᠮᠦᠩᠭᠦ ᠶᠢ 898 ᠲᠦᠮᠡᠨ ᠲᠦᠭᠦᠷᠢᠭ | ᠲᠠᠷᠬᠠᠭᠠᠨ᠂ ᠳᠠᠷᠤᠭ᠎ᠠ ᠪᠠᠶᠢᠯᠳᠤᠭᠴᠢ ᠶᠢᠨ ︽ᠠᠷᠤ ᠭᠡᠷ ᠤᠨ ᠭᠤᠷᠪᠠᠨ ᠠᠰᠠᠭᠤᠳᠠᠯ︾ ᠢ ᠬᠦᠴᠦᠯᠡᠨ | ᠰᠢᠢᠳᠪᠦᠷᠢᠯᠡᠪᠡ᠃ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠶᠡᠭᠡ ᠪᠠᠷ ᠰᠢᠭᠰᠢᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠪᠦᠲᠦᠮᠵᠢᠲᠡᠢ ᠥᠷᠨᠢᠭᠦᠯᠵᠦ᠂ ᠢᠳᠡᠭᠡᠨ ᠪᠠ ᠡᠮ ᠤᠨ ᠵᠦᠢᠯᠡᠰ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠨ ᠦᠩᠭᠡᠨ ᠲᠠᠯ᠎ᠠ ᠪᠠ ᠦᠨᠳᠦᠰᠦ ᠠᠴᠠ ᠨᠢ | ᠵᠡᠷᠭᠡ ᠵᠠᠰᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠢ ᠰᠡᠷᠭᠡᠶᠢᠯᠡᠨ | ᠠᠷᠢᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠥᠨᠳᠥᠷ ᠲᠦᠪᠰᠢᠨ ᠢᠶᠠᠷ | ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠡᠷᠴᠢᠮᠲᠡᠢ ᠪᠠᠲᠤᠯᠠᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠴᠤᠭ ᠵᠠᠯᠢ ᠪᠠᠨ ᠪᠠᠳᠠᠷᠠᠭᠤᠯᠬᠤ ᠪᠠ ᠦᠨᠡᠨ ᠪᠣᠳᠠᠲᠠᠢ ᠠᠵᠢᠯᠯᠠᠬᠤ ᠢ | ᠤᠶᠠᠯᠳᠤᠭᠤᠯᠵᠤ᠂ ᠠᠵᠢᠯ ᠢᠶᠠᠨ ᠪᠡᠶᠡᠯᠡᠭᠦᠯᠬᠦ ᠶᠠᠪᠤᠴᠠ ᠳᠤᠮᠲᠠ ᠬᠠᠷᠢᠭᠤᠴᠠᠯᠭᠠᠲᠤ ᠣᠪᠤᠷ ᠢᠶᠠᠨ ᠭᠦᠢᠴᠡᠳ | ᠬᠠᠷᠠᠭᠤᠯᠪᠠ᠃ | ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ | ᠲᠣᠭᠲᠠᠭᠠᠬᠤ︾ ᠶᠢᠨ ᠰᠢᠢᠳᠪᠦᠷᠢᠲᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠵᠠᠰᠠᠭ ᠤᠨ | ᠣᠷᠳᠣᠨ ᠤ ᠰᠢᠰᠲ᠋ᠧᠮ ᠤᠨ ︽ᠳᠥᠷᠪᠡᠨ ᠤᠬᠠᠮᠰᠠᠷ︾ ᠢ ᠨᠠᠩ ᠪᠠᠬᠢᠵᠢᠭᠦᠯᠵᠦ᠂ ︽ᠳᠥᠷᠪᠡᠨ ᠢᠲᠡᠭᠡᠯ︾ ᠢ ᠨᠠᠩ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠨᠠᠩ ᠡᠷᠡᠰ ᠪᠡᠶᠡᠯᠡᠭᠦᠯᠪᠡ᠃ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠪ ᠤᠨ ︽ᠨᠠᠢᠮᠠᠨ ᠵᠤᠷᠪᠤᠰ | ᠲᠣᠭᠲᠠᠭᠠᠯ︾ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠬᠡᠷᠡᠭᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠴᠠᠷ᠎ᠠ | ᠬᠦᠷᠢᠶᠡᠨ ᠤ ᠲᠣᠭᠲᠠᠭᠤᠨ ᠪᠠᠶᠢᠳᠠᠯ ᠢ ᠪᠠᠲᠤᠯᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠨᠡᠶᠢᠲᠡ ᠶᠢᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠯ 42᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠳᠤᠷᠠᠳᠤᠯᠭ᠎ᠠ 67 ᠶᠢ ᠪᠦᠬᠦᠨ ᠢ ᠭᠦᠢᠴᠡᠳᠬᠡᠪᠡ᠃ ᠬᠢᠨᠠᠨ ᠪᠤᠳᠤᠬᠤ ᠬᠢᠨᠠᠯᠲᠠ ᠶᠢ ᠨᠡᠶᠢᠳᠡᠮ ᠪᠦᠷᠬᠦᠭᠦᠯᠬᠦ ᠪᠠ ᠬᠢᠨᠠᠨ | ᠪᠤᠳᠤᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠭᠦᠨᠵᠡᠭᠡᠶ ᠠᠬᠢᠭᠤᠯᠵᠤ᠂ ᠴᠢᠬᠡᠴᠢ ᠪᠠᠷ ᠵᠠᠰᠠᠭ ᠪᠠᠷᠢᠬᠤ | ᠶᠠᠪᠤᠴᠠ ᠳᠠᠬᠢ ᠲᠦᠭᠰᠢᠭᠦᠷᠢ ᠶᠢᠨ ᠬᠠᠮᠢᠶᠠᠷᠤᠯᠲᠠ ᠡᠵᠡᠮᠳᠡᠯᠲᠡ ᠶᠢ ᠲᠠᠰᠤᠷᠠᠯᠲᠠ ᠥᠬᠡᠶ ᠴᠢᠩᠭᠠᠳᠬᠠᠪᠠ᠃ ᠥᠨᠳᠥᠷ | ᠲᠦᠭᠰᠢᠭᠦᠷᠢᠲᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠠᠷᠢᠯᠭᠠᠨ᠂ ᠵᠠᠰᠠᠭ ᠤᠨ ᠣᠷᠳᠣᠨ ᠤ | ᠥᠷᠢ ᠥᠭᠴᠡᠭᠡ ᠶᠢ ᠰᠢᠢᠳᠪᠦᠷᠢᠯᠡᠬᠦ ᠣᠨ ᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠰᠲ᠋ᠧᠮᠲᠦ | ᠴᠢᠨᠠᠷᠲᠠᠢ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠪᠠ᠃ ︽ | ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠣᠯᠣᠨ ᠡᠩ ᠤᠨ ᠵᠠᠷᠤᠯᠭ᠎ᠠ ᠶᠢ ᠶᠠᠭᠡᠪᠡᠷ ᠪᠠᠭᠠᠰᠬᠠᠵᠤ᠂ ︽ᠠᠷᠪᠢᠯᠠᠨ | ᠭᠠᠮᠨᠠᠬᠤ︾ ᠱᠠᠭᠠᠷᠲᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠪᠠ᠃ | ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠡᠷᠦᠬᠡ ᠶᠢᠨ ᠴᠡᠷᠢᠭ ᠤᠨ | ᠪᠡᠯᠡᠳᠬᠡᠯ ᠠᠯᠪᠠ ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠪᠠ︔ ᠮᠥᠩᠭᠦᠨ ᠭᠦᠢᠯᠭᠡᠭᠡ᠂ ᠭᠠᠶᠢᠯᠢ ᠶᠢᠨ | ᠶᠠᠪᠤᠳᠠᠯ᠂ ᠴᠠᠬᠢᠯᠭᠠᠨ ᠬᠦᠴᠦᠨ᠂ ᠰᠢᠤᠳᠠᠨ᠂ ᠴᠢᠮᠡᠭᠡ ᠬᠤᠯᠪᠣᠭ᠎ᠠ᠂ ᠴᠠᠭ ᠠᠭᠤᠷ᠂ ᠳᠠᠭᠠᠳᠬᠠᠯ ᠵᠡᠷᠭᠡ ᠠᠵᠢᠯ | ᠲᠥᠷᠥᠯ ᠤᠨ ᠬᠢᠨ ᠣᠷᠣᠨ ᠨᠤᠲᠤᠭ ᠤᠨ ᠠᠵᠤ ᠠᠬᠤᠶ ᠶᠢ ᠢᠳᠡᠪᠬᠢᠲᠡᠶ ᠳᠡᠮᠵᠢᠵᠦ᠂ ᠠᠵᠢᠯᠴᠢᠨ ᠤ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ | ᠵᠡᠮᠳᠡᠭᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠵᠣᠬᠢᠶᠠᠨ ᠪᠠᠶᠢᠭᠤᠯᠤᠯᠲᠠ ᠨᠢ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠦᠷᠢᠳᠬᠡᠯ ᠪᠠ ᠪᠠᠶᠢᠴᠠᠭᠠᠯᠲᠠ᠂ ᠨᠢᠭᠦᠯᠡᠰᠦᠩᠭᠦᠶ ᠪᠠ ᠨᠠᠰᠤᠵᠢᠯ᠂ | ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠨᠢ ᠰᠢᠨ᠎ᠡ ᠦᠷ᠎ᠡ ᠪᠦᠲᠦᠮᠵᠢ ᠤᠯᠪᠠ᠃ | ᠲᠥᠯᠥᠭᠡᠯᠡᠭᠴᠢᠳ ᠡ︕ ᠰᠠᠶ᠋ᠢᠬᠠᠨ ᠥᠩᠭᠡᠷᠡᠭᠰᠡᠨ 2023 ᠣᠨ ᠳᠤ᠂ ᠪᠢᠳᠡ ᠠᠵᠤ ᠠᠬᠤᠢ ᠪᠠᠭᠤᠷᠠᠬᠤ | ᠳᠠᠷᠤᠯᠲᠠ ᠶᠢᠨ ᠬᠦᠨᠳᠦ ᠨᠣᠴᠢᠲᠠᠢ ᠥᠷᠢᠰᠥᠯᠳᠦᠭᠡᠨ ᠢ ᠢᠳᠡᠪᠬᠢᠲᠡᠢ ᠠᠷᠭᠠᠴᠠᠭᠠᠵᠤ᠂ ᠡᠯ᠎ᠡ ᠵᠦᠢᠯ ᠤᠨ | ᠬᠥᠭᠵᠢᠯᠲᠡ ᠶᠢᠨ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠬᠤᠪᠢᠷᠠᠯᠲᠠ ᠶᠢ ᠣᠨᠣᠪᠴᠢᠲᠠᠢ | ᠲᠠᠨᠢᠬᠤ ᠳᠤᠮᠳᠠ ᠰᠢᠨ᠎ᠡ ᠠᠵᠠ ᠲᠣᠬᠢᠶᠠᠯ ᠢ ᠪᠤᠢ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ ᠳᠤᠮᠳᠠ | ᠰᠢᠨ᠎ᠡ ᠪᠠᠶᠢᠳᠠᠯ ᠢ ᠡᠭᠦᠳᠴᠦ᠂ ᠰᠠᠨᠠᠭᠠᠴᠢᠯᠠᠭ᠎ᠠ ᠠᠴᠠ ᠪᠠᠨ ᠦᠭᠡᠷᠡᠴᠢᠯᠡᠬᠦ ᠳᠤᠮᠳᠠ ᠰᠢᠨ᠎ᠡ ᠠᠮᠵᠢᠯᠲᠠ ᠣᠯᠵᠤ᠂ | ᠦᠷ᠎ᠡ ᠪᠦᠲᠦᠮᠵᠢ ᠲᠤᠪᠤᠶᠢᠮ᠎ᠠ᠂ ᠤᠷᠮ᠎ᠠ ᠵᠣᠷᠢᠭ ᠢ ᠬᠦᠭᠵᠢᠭᠡᠮᠡ ᠲᠡᠭᠦᠰ ᠠᠮᠵᠢᠯᠲᠠ ᠲᠠᠢ ᠬᠠᠷᠢᠭᠤᠯᠲᠠ ᠶᠢ | ᠲᠤᠰᠢᠶᠠᠵᠤ᠂ ᠴᠢᠩ ᠦᠨᠡᠨᠴᠢ ᠪᠠᠷ ᠪᠦᠯᠬᠦᠮᠳᠡᠬᠦ᠂ ᠠᠵᠢᠯ ᠦᠢᠯᠡᠰ ᠪᠤᠰᠬᠠᠬᠤ ᠲᠥᠪ ᠴᠢᠭᠡᠴᠢ ᠬᠠᠮᠲᠤᠷᠠᠯ ᠤᠨ | ᠬᠦᠴᠦᠨ ᠢ ᠨᠢᠭᠲᠠᠷᠠᠭᠤᠯᠪᠠ᠃ ᠡᠲᠡᠭᠡᠷ ᠠᠮᠵᠢᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠳᠠᠭᠠᠭᠤᠯᠭ᠎ᠠ ᠶᠢᠨ | ᠦᠷ᠎ᠡ ᠳ᠋ᠦᠩ ᠮᠥᠨ᠂ ᠨᠠᠮ ᠤᠨ ᠲᠥᠪ ᠬᠤᠷᠢᠶ᠎ᠠ᠂ ᠠᠶᠢᠮᠠᠭ ᠤᠨ ᠤ ᠨᠠᠮ ᠤᠨ ᠬᠤᠷᠢᠶ᠎ᠠ᠂ ᠵᠠᠬᠢᠷᠭ᠎ᠠ ᠪᠠ | ᠬᠤᠰᠢᠭᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠰᠢᠢᠳᠪᠦᠷᠢᠲᠦ ᠪᠣᠳᠣᠯᠭ᠎ᠠ᠂ ᠪᠠᠲᠤ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ ᠶᠢᠨ | ᠦᠷ᠎ᠡ ᠳ᠋ᠦᠩ ᠮᠥᠨ᠂ ᠡᠭᠦᠨ ᠳᠤ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠪᠠ ᠥᠷᠭᠡᠨ ᠣᠯᠠᠨ | ᠺᠠᠳ᠋ᠷ ᠣᠯᠠᠨ ᠲᠦᠮᠡᠨ ᠤ ᠬᠦᠴᠦ ᠬᠥᠯᠥᠰᠥ ᠪᠠ ᠪᠣᠶ ᠪᠥᠬᠦᠶ ᠠᠬᠠᠮᠠᠳ ᠺᠠᠳ᠋ᠷ᠂ ᠠᠬᠠᠮᠠᠳ ᠨᠥᠬᠦᠳ ᠪᠠ | ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠣᠶᠤᠨ ᠤᠬᠠᠭᠠᠨ ᠪᠠ ᠬᠦᠴᠦᠨ ᠴᠢᠳᠠᠯ ᠰᠢᠩᠭᠡᠵᠦ ᠪᠣᠢ᠃ ᠠᠳᠡ | ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠡᠯ᠎ᠡ | ᠦᠨᠳᠦᠰᠦᠲᠡᠨ ᠤ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠰᠠᠭᠤᠭ᠎ᠠ | ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠭᠠᠯ ᠤᠨᠲᠠᠷᠠᠭᠠᠬᠤ ᠵᠢᠯᠣᠭᠤᠳᠤᠭᠴᠢ | ᠪᠠᠶᠢᠯᠳᠤᠭᠴᠢ᠂ ᠬᠠᠮᠢᠶᠠᠷᠤᠯᠲᠠ ᠶᠢᠨ ᠨᠢᠭᠡᠴᠢ᠂ ᠠᠷᠠᠳ ᠤᠨ ᠪᠦᠯᠬᠦᠮ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ | ᠵᠢᠴᠢ ᠡᠵᠡᠨ᠎ᠡ ᠶᠢᠨ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠥᠬᠦᠳ᠂ ᠨᠠᠶᠢᠵᠠ | ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠵᠢᠷᠭᠠᠵᠤ ᠰᠠᠭᠤᠬᠤ ᠪᠠᠷ ᠪᠡᠷᠬᠡ ᠶᠢ ᠰᠠᠨᠠᠵᠤ᠂ ᠵᠢᠷᠦᠬᠡᠰᠢᠶᠡᠵᠦ ᠰᠠᠭᠠᠷᠠᠬᠤ ᠪᠠᠷ ᠬᠦᠴᠢᠷ ᠢ ᠲᠤᠭᠤᠯᠬᠤ | ᠬᠡᠷᠡᠭᠲᠡᠢ᠃ ᠪᠢᠳᠠ ᠠᠮᠵᠢᠯᠲᠠ ᠪᠦᠲᠦᠮᠵᠢ ᠣᠯᠣᠭᠰᠠᠨ ᠤ ᠵᠡᠷᠭᠡ ᠡᠵᠡᠨ᠎ᠡ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠮᠦᠨᠴᠦ ᠬᠦᠴᠢᠷᠳᠡᠯ ᠪᠣᠯᠣᠨ ᠦᠷᠢᠰᠦᠯᠳᠦᠭᠡᠨ ᠲᠤᠯᠭᠠᠷᠠᠵᠤ ᠪᠠᠶᠢᠬᠤ ᠶᠢ ᠮᠡᠳᠡᠬᠦ ᠬᠡᠷᠡᠭᠲᠡᠢ᠃ ᠴᠢᠨᠠᠷ | ᠰᠠᠶᠢᠲᠠᠶ ᠬᠥᠭᠵᠢᠯᠲᠡ ᠲᠠᠢ ᠬᠠᠷᠭᠤᠭᠤᠯᠪᠠᠯ᠂ ᠠᠵᠤ ᠦᠢᠯᠡᠰ ᠤᠨ ᠬᠥᠭᠵᠢᠯᠲᠡ ᠶᠢᠨ ᠲᠠᠰ ᠳᠠᠪᠬᠤᠷᠭ᠎ᠠ ᠳᠣᠣᠷ᠎ᠠ᠂ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠤᠨ ᠲᠥᠷᠥᠯ ᠵᠦᠢᠯ ᠴᠥᠭᠡᠨ᠂ ᠠᠷᠠᠳ ᠤᠨ ᠳᠤᠮᠳᠠᠬᠢ ᠪᠠᠯᠠ | ᠣᠷᠣᠭᠤᠯᠤᠯᠲᠠ ᠶᠢᠨ ᠡᠷᠴᠢᠮ ᠪᠠᠭᠤᠷᠠᠶ᠂ ᠠᠵᠤ ᠠᠬᠤᠶ ᠶᠢᠨ ᠰᠢᠨ᠎ᠡ ᠨᠡᠮᠡᠭᠳᠡᠯ ᠤᠳᠠᠭᠠᠨ︔ ᠴᠢᠨᠠᠷᠯᠢᠭ ᠰᠠᠶᠢᠬᠠᠨ | ᠠᠷᠠᠳ ᠤᠨ ᠠᠮᠢᠳᠤᠷᠠᠯ ᠲᠠᠢ ᠬᠠᠷᠭᠤᠭᠤᠯᠪᠠᠯ᠂ ᠡᠳ᠋ ᠤᠨ ᠵᠠᠰᠠᠭ ᠤᠨ ᠣᠷᠣᠯᠭ᠎ᠠ ᠲᠣᠭᠲᠠᠪᠤᠷᠢ ᠦᠭᠡᠢ᠂ ᠵᠠᠶᠢᠯᠠᠰᠢ | ᠥᠬᠡᠶ ᠵᠠᠷᠤᠯᠭ᠎ᠠ ᠶᠢᠨ ᠨᠡᠮᠡᠭᠳᠡᠯ ᠨᠢ ᠨᠡᠯᠢᠶᠡᠳ ᠲᠦᠷᠭᠡᠨ᠂ ᠠᠷᠠᠳ ᠣᠯᠠᠨ ᠤ ᠠᠵᠢᠯ ᠣᠯᠭᠤᠯᠲᠠ᠂ ᠰᠤᠷᠭᠠᠨ | ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠪᠠᠰᠠ ᠴᠥᠭᠡᠨ ᠪᠤᠰᠤ ᠠᠰᠠᠭᠤᠳᠠᠯ | ᠣᠷᠣᠰᠢᠵᠤ ᠪᠣᠢ︔ ᠥᠨᠳᠥᠷ ᠪᠦᠲᠦᠮᠵᠢᠲᠦ ᠵᠠᠰᠠᠯᠲᠠ ᠲᠠᠢ ᠬᠠᠷᠭᠤᠭᠤᠯᠪᠠᠯ᠂ ᠵᠠᠰᠠᠭ ᠤᠨ ᠣᠷᠳᠣᠨ ᠤ | ᠰᠢᠰᠲ᠋ᠧᠮ ᠤᠨ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠵᠡᠷᠭᠡ ᠠᠰᠠᠭᠤᠳᠠᠯ ᠠᠳᠠᠯᠢ ᠪᠤᠰᠤ | ᠬᠡᠮᠵᠢᠶ᠎ᠡ ᠪᠠᠷ ᠣᠷᠣᠰᠢᠵᠤ᠂ ᠦᠢᠯᠡᠴᠢᠯᠡᠭᠡᠨ ᠤ ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢᠶᠠᠷ ᠳᠤᠲᠠᠮᠠᠭ | ᠪᠠᠶᠢᠵᠤ᠂ ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠭᠦᠨ ᠢ ᠪᠢᠳᠡ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠵᠣᠷᠢᠭᠲᠠᠶ ᠪᠠᠷ ᠬᠠᠨᠳᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠨᠠᠷᠢᠨ ᠬᠢᠨᠠᠮᠠᠭᠠᠶ ᠰᠢᠢᠳᠪᠦᠷᠢᠯᠡᠵᠦ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠤ ᠬᠦᠰᠡᠯ | ᠡᠷᠡᠮᠡᠯᠵᠡᠯ ᠪᠠ ᠢᠲᠡᠭᠡᠯ ᠢ ᠬᠥᠰᠡᠷᠳᠡᠭᠦᠯᠬᠦ ᠥᠬᠡᠶ ᠪᠠᠷ ᠴᠢᠷᠮᠠᠶᠢᠨ᠎ᠠ︕ | ᠬᠤᠶᠠᠷ᠂ 2024 ᠣᠨ ᠤ ᠭᠤᠣᠯ ᠬᠠᠷᠠᠯᠲᠠ ᠪᠠ ᠭᠤᠣᠯᠳᠠᠯᠭ᠎ᠠ ᠲᠠᠢ ᠠᠵᠢᠯ | 2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ | ᠲᠣᠣᠱᠯᠠᠭᠤᠯᠵᠤ᠂ ᠤᠯᠤᠰ ᠤᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠤᠳᠤᠬᠠᠨ ᠳᠤ᠂ ᠡᠯ᠎ᠠ ᠬᠤᠰᠢᠭᠤ ᠲᠣᠭᠤᠷᠢᠭ ᠤᠨ | ᠬᠦᠭᠵᠢᠯᠲᠡ ᠴᠦᠮ ᠦᠷᠢᠰᠦᠯᠳᠦᠨ ᠤᠷᠤᠯᠳᠤᠵᠤ ᠪᠠᠶᠢᠭ᠎ᠠ ᠵᠠᠩᠭᠢᠯᠠᠭ᠎ᠠ ᠶᠢᠨ ᠱᠠᠳᠤᠨ ᠳᠤ ᠤᠷᠤᠰᠢᠵᠤ ᠪᠤᠢ᠃ | ᠤᠷᠤᠨ ᠪᠠᠶᠢᠷᠢᠰᠢᠯ ᠬᠥᠷᠰᠢ ᠵᠡᠷᠭᠡᠯᠡᠳᠡᠭᠡ᠂ ᠠᠵᠤ ᠦᠢᠯᠡᠰ ᠢᠶᠠᠷ ᠲᠦᠰᠦᠭᠡᠲᠡᠢ᠂ ᠬᠦᠴᠦᠨ ᠴᠢᠳᠠᠪᠤᠷᠢ ᠲᠡᠩᠴᠡᠭᠦᠬᠡᠨ | ᠠᠬ᠎ᠠ ᠳᠡᠭᠦᠦ ᠬᠤᠰᠢᠭᠤ ᠲᠤᠭᠤᠷᠢᠭ ᠤᠨ ᠪᠠᠶᠢᠳᠠᠯ ᠢ ᠠᠩᠬᠠᠷᠬᠤ ᠳᠤ᠂ ᠪᠢᠳᠠ ᠬᠦᠴᠢᠷ ᠢ ᠲᠤᠭᠤᠯᠤᠨ ᠵᠣᠷᠢᠭᠲᠠᠢ | ᠤᠷᠤᠭᠰᠢᠯᠠᠬᠤ ᠪᠠᠷ ᠪᠠᠷᠠᠬᠤ ᠦᠭᠡᠢ ᠠᠯᠬᠤᠮ ᠢᠶᠠᠨ ᠲᠦᠷᠭᠡᠳᠬᠡᠨ᠂ ᠦᠵᠦᠭᠦᠷᠯᠡᠬᠦ ᠪᠠᠷ ᠴᠢᠷᠮᠠᠶᠢᠬᠤ ᠬᠡᠷᠡᠭᠲᠡᠢ | ᠪᠠᠶᠢᠵᠤ᠂ ︽ᠳᠡᠪᠰᠢᠬᠦ ᠦᠭᠡᠢ ᠪᠤᠯ ᠤᠬᠤᠷᠢᠬᠤ᠂ ᠬᠦᠶᠦᠬᠦ ᠦᠭᠡᠢ ᠪᠤᠯ ᠬᠤᠴᠣᠷᠬᠤ︾ ᠳᠠᠷᠤᠯᠲᠠ ᠨᠡᠩ ᠢᠯᠡᠷᠭᠡᠢ | ᠪᠣᠯᠵᠠᠢ᠃ ᠭᠡᠳᠡᠯ᠎ᠠ ᠦᠪᠡᠷ ᠢ ᠪᠠᠨ ᠭᠤᠯᠣᠬᠤ ᠦᠵᠡᠯ ᠶᠢ ᠲᠠᠶᠠᠬᠳᠠᠵᠤ᠂ ᠤᠯᠤᠰ ᠤᠨ ᠭᠡᠷᠡᠭᠴᠡᠭᠡ᠂ ᠡᠵᠡᠨ᠎ᠡ ᠶᠢᠨ | ᠱᠠᠭᠠᠷᠳᠠᠯᠭ᠎ᠠ᠂ ᠢᠷᠡᠬᠡᠳᠤᠢ ᠶᠢᠨ ᠬᠠᠨᠳᠤᠰᠢ ᠲᠠᠢ ᠬᠦᠨᠵᠡᠭᠡᠢ ᠵᠤᠯᠭᠠᠭᠤᠯᠵᠤ᠂ ᠬᠡᠪᠰᠢᠬᠦ ᠠᠴᠠ ᠡᠮᠦᠨ᠎ᠡ ᠰᠢᠪᠲᠤᠯᠤᠨ | ᠲᠤᠭᠤᠯᠵᠤ᠂ ᠬᠠᠶᠠᠭᠳᠠᠬᠤ ᠠᠴᠠ ᠡᠮᠦᠨ᠎ᠡ ᠤᠷᠢᠳᠴᠢᠯᠡᠨ ᠪᠦᠲᠦᠭᠡᠵᠦ᠂ ᠠᠵᠤ ᠦᠢᠯᠡᠰ ᠤᠨ ᠪᠦᠳᠦᠴᠠ᠂ ᠦᠵᠡᠯ | ᠰᠠᠨᠠᠭ᠎ᠠ ᠦᠵᠡᠯᠳᠠ᠂ ᠠᠵᠢᠯ ᠤᠨ ᠰᠤᠷᠳᠠᠯ ᠢᠶᠠᠨ ᠱᠠᠯᠠᠪᠳᠠᠨ ᠬᠤᠪᠢᠷᠠᠭᠤᠯᠤᠨ ᠴᠣᠭᠴᠠᠯᠠᠪᠠᠯ᠂ ᠰᠢᠨ᠎ᠠ ᠵᠠᠮ ᠢ | ᠨᠡᠭᠡᠭᠡᠵᠦ ᠳᠤᠮᠳᠠ ᠲᠦᠪᠰᠢᠨ ᠳᠤ ᠬᠦᠷᠬᠦ ᠬᠠᠷᠠᠯᠳᠠ ᠶᠢ ᠯᠠᠪᠳᠠᠢ ᠪᠠᠶᠠᠯᠡᠬᠦᠯᠵᠤ ᠴᠢᠳᠠᠨ᠎ᠠ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠲᠥᠪ ᠬᠤᠷᠢᠶᠠᠨ ᠤ ᠬᠤᠷᠢᠳᠤᠭᠠᠷ | ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠳᠤ ᠦᠢᠯᠡᠴᠢᠯᠡᠵᠦ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠ ᠲᠡᠦᠬᠡᠲᠦ | ᠡᠭᠦᠷᠭᠡ ᠶᠢ ᠡᠷᠡᠰ ᠪᠠᠲᠤ ᠡᠭᠦᠷᠭᠡᠯᠡᠵᠦ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠶ ᠪᠡᠶᠡᠯᠡᠭᠦᠯᠬᠦ ᠪᠠ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ | ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠠᠵᠤ ᠠᠬᠤᠶ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠪᠣᠬᠢᠷᠲᠤᠯ ᠥᠬᠡᠶ ᠬᠥᠭᠵᠢᠬᠦ᠂ | ᠴᠢᠨᠠᠷ ᠰᠠᠶᠢᠲᠠᠶ ᠬᠥᠭᠵᠢᠬᠦ ᠶᠢ ᠲᠦᠷᠭᠡᠳᠬᠡᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠰᠠᠭᠤᠷᠢᠨ | ᠳᠡᠭᠡᠷ᠎ᠡ ᠠᠵᠤ ᠠᠬᠤᠢ ᠶᠢᠨ ᠴᠢᠨᠠᠷ ᠤᠨ ᠪᠦᠲᠦᠮᠵᠢᠲᠦ ᠳᠡᠭᠡᠭᠰᠢᠯᠡᠯᠲᠡ ᠪᠠ ᠬᠡᠮᠵᠢᠶᠠᠨ ᠤ ᠲᠣᠬᠢᠷᠠᠮᠵᠢᠲᠠᠢ ᠨᠡᠮᠡᠭᠳᠡᠯ ᠶᠢ | ᠪᠡᠶᠡᠯᠡᠭᠦᠯᠦᠨ᠂ ᠲᠤᠮᠳᠠᠳᠤ ᠤᠯᠤᠰ ᠤᠨ ᠮᠠᠶ᠋ᠢᠭ ᠤᠨ ᠣᠳᠤᠬᠢᠴᠢᠯᠠᠯᠲᠠ ᠶᠢ ᠲᠦᠯᠬᠢᠨ ᠠᠬᠢᠭᠤᠯᠬᠤ ᠳᠤ ᠡᠵᠡᠨ᠎ᠡ ᠶᠢᠨ | ᠬᠤᠪᠢ ᠨᠡᠮᠡᠷᠢ ᠪᠠᠨ ᠦᠵᠡᠭᠦᠯᠦᠨ᠎ᠡ᠃ | ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠭᠤᠣᠯ ᠵᠢᠱᠢᠭᠰᠡᠨ ᠬᠠᠷᠠᠯᠲᠠ ᠪᠣᠯ᠄ | ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7.5%᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 20%᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 6.5%᠂ ᠨᠡᠶᠢᠭᠡᠮ ᠤᠨ | ᠬᠡᠷᠡᠭᠯᠡᠭᠡᠨ ᠤ ᠪᠣᠳᠠᠰ ᠤᠨ ᠬᠡᠰᠡᠭᠯᠡᠨ ᠪᠣᠷᠤᠯᠠᠭᠤᠯᠤᠯᠲᠠ ᠶᠢᠨ ᠶᠡᠷᠦᠩᠬᠡᠢ ᠦᠷᠲᠡᠭ ᠢ 4%᠂ ᠬᠤᠲᠠ ᠪᠠᠯᠭᠠᠰᠤ ᠪᠠ | ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠲᠤᠰ ᠲᠤᠰ 5% ᠪᠠ 6% ᠪᠠᠷ ᠨᠡᠮᠡᠭᠳᠡᠭᠦᠯᠵᠦ᠂ ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠢ | ᠭᠦᠢᠴᠡᠳᠬᠡᠯ ᠲᠤᠭ᠎ᠠ ᠶᠢ ᠳᠡᠭᠡᠳᠦ ᠱᠠᠲᠤᠨ ᠠᠴᠠ ᠪᠠᠭᠤᠯᠭᠠᠭᠰᠠᠨ ᠬᠡᠪᠴᠢᠶᠡᠨ ᠳᠤ ᠬᠢᠵᠠᠭᠠᠷᠯᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠨ᠎ᠡ᠃ | ︵ᠨᠢᠭᠡ︶ ᠴᠢᠬᠤᠯᠠᠴᠢᠯᠠᠨ ᠬᠠᠮᠠᠭᠠᠯᠠᠵᠤ ᠴᠢᠩᠭᠠᠳᠬᠠᠨ ᠵᠠᠰᠠᠵᠤ᠂ ᠪᠣᠬᠢᠷᠲᠤᠯ ᠦᠭᠡᠢ ᠬᠥᠭᠵᠢᠯᠲᠡ ᠶᠢ | ᠠᠬᠢᠭᠤᠯᠤᠨ᠎ᠠ᠃ | 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠠᠷᠠᠭᠤᠨ ᠣᠷᠣᠨ ᠤ ᠴᠦᠯᠡᠷᠭᠡᠭᠵᠢᠯ ᠢ ᠶᠡᠷᠦᠩᠬᠡᠶᠢᠯᠡᠨ | ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠬᠡᠷᠡᠭᠵᠢᠭᠦᠯᠵᠦ᠂ 123.5 ᠲᠦᠮᠡᠨ ᠮᠦ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠡᠷᠡᠰ ᠪᠡᠶᠡᠯᠡᠭᠦᠯᠵᠦ᠂ ᠴᠡᠷᠢᠭ ᠤᠨ ᠶᠠᠪᠤᠳᠠᠯ ᠤᠨ ᠰᠠᠭᠤᠷᠢᠨ ᠭᠠᠵᠠᠷ ᠤᠨ | ᠬᠠᠮᠠᠭᠠᠯᠠᠯᠲᠠ ᠪᠠ ᠡᠯᠡᠰᠦᠷᠬᠡᠭᠵᠢᠯ ᠢ ᠰᠡᠷᠭᠡᠶᠢᠯᠡᠬᠦ ᠬᠤᠲᠠ ᠶᠢᠨ ᠬᠠᠮᠠᠭᠠᠯᠠᠯᠲᠠ ᠶᠢ ᠭᠤᠣᠯᠳᠠᠯᠭ᠎ᠠ ᠲᠠᠢ ᠰᠠᠶᠢᠲᠤᠷ | ᠬᠢᠵᠦ᠂ ᠪᠣᠰᠤᠭ᠎ᠠ ᠴᠣᠭᠴᠠᠲᠤ ᠠᠮᠢ ᠠᠬᠤᠢ ᠶᠢᠨ ᠬᠠᠮᠠᠭᠠᠯᠠᠯᠲᠠ ᠶᠢᠨ ᠲᠣᠭᠲᠠᠯᠴᠠᠭ᠎ᠠ ᠶᠢ ᠱᠠᠲᠤ ᠳᠠᠷᠠᠭᠠᠯᠠᠨ | ᠪᠠᠶᠢᠭᠤᠯᠤᠨ᠎ᠠ᠃ ᠨᠤᠲᠤᠭ ᠤᠨ ᠦᠷ᠎ᠡ ᠪᠠ ᠴᠢᠬᠢ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠴᠠᠭ | ᠤᠯᠠᠷᠢᠯ ᠪᠠ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠴᠠᠭᠠᠨ ᠭᠤᠶᠣᠣ ᠪᠠ ᠤᠯᠠᠭᠠᠨ ᠭᠤᠶᠣᠣ ᠲᠠᠷᠢᠵᠤ᠂ | ᠨᠡᠩ ᠣᠯᠠᠨ ᠠᠷᠠᠳ ᠢ ᠳᠠᠶᠢᠴᠢᠯᠠᠨ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠳᠤᠮᠳᠠ ᠴᠢᠨᠡᠭᠡᠯᠢᠭᠵᠢᠯ ᠵᠦᠭ | ᠬᠦᠲᠦᠯᠦᠨ᠎ᠡ᠃ ᠲᠣᠣᠷᠠᠶ ᠶᠢᠨ ᠣᠢ ᠪᠠᠷ ᠭᠤᠤᠯᠳᠠᠯᠭ᠎ᠠ ᠪᠣᠯᠭᠠᠨ᠂ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ | ᠰᠡᠷᠭᠡᠶᠢᠯᠡᠨ ᠵᠠᠰᠠᠬᠤ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ︽ᠨᠠᠭᠤᠷ ᠭᠤᠤᠯ ᠤᠨ ᠳᠠᠷᠤᠭ᠎ᠠ ᠶᠢᠨ ᠲᠦᠷᠢᠮ︾ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ | ᠲᠦᠷᠢᠮ ᠢ ᠨᠠᠶᠢᠳᠠᠪᠤᠷᠢᠵᠢᠭᠤᠯᠤᠨ᠂ ︽ᠬᠠᠷ᠎ᠠ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠤᠰᠤᠨ ᠤ | ᠲᠣᠣᠷᠵᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾᠂ ︽ᠬᠠᠷ᠎ᠠ ᠭᠤᠤᠯ ᠤᠨ ᠥᠪᠥᠷ | ᠮᠣᠩᠭᠤᠯ ᠳᠠᠬᠢ ᠬᠡᠰᠡᠭ ᠤᠨ ᠲᠣᠭᠠᠴᠢᠯᠠᠭᠰᠠᠨ ᠢᠬᠡᠷ᠎ᠡ ᠲᠥᠯᠥᠪᠵᠢᠭᠦᠯᠭᠡ︾ ᠵᠡᠷᠭᠡ ᠡᠮᠦᠨᠡᠬᠢ ᠬᠤᠭᠤᠴᠠᠭᠠᠨ ᠤ | ᠠᠵᠢᠯ ᠢ ᠠᠬᠢᠭᠤᠯᠤᠨ᠎ᠠ᠃ ᠬᠠᠷᠠᠰᠤᠬᠠᠢ᠂ ᠴᠡᠴᠡᠭ ᠣᠪᠤᠭ᠎ᠠ ᠤᠰᠤᠨ ᠬᠠᠭᠠᠯᠲᠠ ᠶᠢ ᠪᠠᠬᠢᠯᠡᠬᠦ ᠵᠡᠷᠭᠡ | ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠷᠥᠯ ᠵᠦᠢᠯ ᠢ ᠯᠠᠪᠳᠠᠭᠤᠨ ᠢᠶᠠᠷ ᠬᠡᠷᠡᠭᠵᠢᠭᠦᠯᠦᠨ᠎ᠡ᠃ | ᠡᠵᠡᠨ᠎ᠡ ᠶᠢᠨ ᠨᠣᠭᠤᠭᠠᠨ ᠪᠦᠷᠢᠳᠦ ᠶᠢᠨ ᠤᠰᠤᠨ ᠤ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ | ᠲᠣᠬᠢᠷᠠᠭᠤᠯᠵᠤ᠂ ︽ᠡᠵᠡᠨ᠎ᠡ ᠶᠢᠨ ᠠᠮᠢ ᠠᠬᠤᠢ ᠶᠢᠨ ᠤᠰᠤ ᠶᠢ ᠲᠣᠬᠢᠷᠠᠭᠤᠯᠬᠤ ᠲᠦᠰᠦᠪ︾ ᠢ ᠨᠡᠶᠢᠲᠡᠯᠡᠨ᠂ ᠬᠠᠷ᠎ᠠ | ᠭᠤᠣᠯ ᠤᠨ ᠤᠰᠤᠨ ᠤ ᠠᠮᠢ ᠠᠬᠤᠢ ᠶᠢᠨ ᠤᠰᠤᠯᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ︽ᠬᠥᠬᠡᠮᠳᠦᠭ | ᠨᠣᠭᠤᠭᠠᠨ ᠠᠭᠤᠯᠠ ᠤᠰᠤ︾ ᠶᠢ ︽ᠠᠯᠲᠠ ᠮᠥᠩᠭᠦᠨ ᠠᠭᠤᠯᠠ︾ ᠪᠣᠯᠭᠠᠨ ᠬᠤᠪᠢᠷᠠᠭᠤᠯᠬᠤ ᠪᠦᠲᠦᠮᠵᠢᠲᠡᠶ ᠠᠷᠭ᠎ᠠ | ᠵᠠᠮ ᠢ ᠥᠷᠭᠡᠳᠬᠡᠵᠦ᠂ ᠣᠶ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠳᠠᠪᠤᠷᠢ ᠶᠢᠨ | ᠪᠠᠶᠢᠭᠤᠯᠤᠯᠲᠠ ᠶᠢ ᠲᠦᠷᠭᠡᠳᠬᠡᠵᠦ᠂ ᠨᠡᠭᠦᠷᠡᠰᠦᠲᠥ᠋ᠷᠥᠭᠴᠢ ᠬᠤᠷᠠᠮᠳᠤᠯᠭ᠎ᠠ ᠶᠢᠨ ᠰᠤᠯᠢᠯᠴᠠᠭᠠᠨ ᠳᠤ ᠢᠳᠡᠪᠬᠢᠲᠡᠢ | ᠣᠷᠣᠯᠴᠠᠨ᠎ᠠ᠃ ︽ᠭᠤᠷᠪᠠᠨ ᠱᠤᠭᠤᠮ ᠨᠢᠭᠡ ᠵᠢᠭᠰᠠᠭᠠᠯᠲᠠ︾ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠥᠬᠡ | ᠲᠡᠭᠷᠢ᠂ ᠴᠡᠩᠬᠡᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ | ︽ᠬᠤᠶᠠᠷ ᠠᠭᠤᠯᠠ︾ ᠶᠢᠨ ᠦᠢᠯᠡᠳᠦᠯᠭᠡ ᠡᠭᠦᠳᠦᠯᠲᠡ ᠶᠢᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ᠪᠥᠬᠦ | ᠨᠡᠶᠢᠭᠡᠮ ᠤᠨ ᠡᠬᠢ ᠪᠠᠶᠠᠯᠢᠭ ᠤᠨ ᠠᠷᠪᠢᠯᠠᠵᠤ ᠡᠷᠴᠢᠮᠵᠢᠭᠦᠯᠦᠭᠰᠡᠨ ᠠᠰᠢᠭᠯᠠᠯᠲᠠ ᠶᠢ ᠳᠥᠯᠭᠢᠨ ᠠᠬᠢᠭᠤᠯᠵᠤ᠂ | ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢ ᠶᠢ ᠪᠥᠬᠦ ᠬᠤᠰᠢᠭᠤᠨ ᠤ ᠠᠷᠠᠳ ᠲᠦᠮᠡᠨ ᠤ ︽ᠣᠷᠴᠢᠨ | ᠲᠣᠭᠤᠷᠢᠨ ᠢ ᠬᠠᠮᠠᠭᠠᠯᠠᠬᠤ ᠦᠵᠡᠯᠲᠡ︾ ᠪᠠ ︽ᠠᠮᠢ ᠠᠬᠤᠶ ᠶᠢ ᠬᠦᠨᠳᠦᠳᠬᠡᠬᠦ ᠤᠬᠠᠮᠰᠠᠷ︾ ᠪᠣᠯᠭᠠᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠨ᠎ᠠ᠃ | ︵ᠬᠤᠶᠠᠷ︶ ᠣᠨᠣᠪᠴᠢᠲᠠᠢ ᠠᠷᠭ᠎ᠠ ᠪᠣᠳᠣᠯᠭ᠎ᠠ ᠪᠠᠷ ᠪᠦᠲᠦᠴᠡ ᠶᠢ ᠲᠣᠬᠢᠷᠠᠭᠤᠯᠤᠨ ᠶᠠᠰᠤ ᠴᠢᠨᠠᠷ ᠢ | ᠳᠡᠭᠡᠭᠰᠢᠯᠡᠭᠦᠯᠵᠦ᠂ ᠠᠵᠤ ᠦᠢᠯᠡᠰ ᠢ ᠲᠦᠷᠭᠡᠳᠬᠡᠨ ᠰᠢᠯᠢᠳᠡᠭᠵᠢᠭᠦᠯᠦᠨ᠎ᠡ᠃ | ᠨᠢᠭᠡᠳᠦᠭᠡᠷ ᠠᠵᠤ ᠦᠢᠯᠡᠰ ᠤᠨ ᠶᠠᠰᠤ ᠴᠢᠨᠠᠷ ᠪᠠ ᠬᠡᠮᠵᠢᠶ᠎ᠡ ᠶᠢ ᠨᠡᠮᠡᠭᠳᠡᠬᠦᠯᠬᠦ ᠬᠦᠭᠵᠢᠯᠲᠡ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠠᠵᠤ ᠦᠢᠯᠡᠳᠪᠦᠷᠢᠵᠢᠭᠰᠡᠨ᠂ ᠵᠠᠬ᠎ᠠ | ᠳᠡᠯᠭᠡᠭᠦᠷᠴᠢᠯᠡᠭᠰᠡᠨ᠂ ᠨᠡᠷ᠎ᠡ ᠲᠡᠮᠳᠡᠭᠵᠢᠭᠰᠡᠨ ᠰᠡᠳᠬᠢᠬᠦᠶ ᠪᠠᠷ ᠲᠠᠷᠢᠶᠠᠯᠠᠩ ᠮᠠᠯ ᠠᠵᠤ ᠠᠬᠤᠶ ᠶᠢ ᠰᠦᠪᠡᠭᠴᠢᠯᠡᠬᠦ ᠶᠢ | ᠪᠠᠷᠢᠮᠲᠠᠯᠠᠵᠤ᠂ ᠠᠯᠠᠱᠠ ᠶᠢᠨ ᠬᠤᠣᠰ ᠪᠦᠬᠦᠲᠦ ᠲᠡᠮᠡᠭᠡ᠂ ᠴᠠᠭᠠᠨ ᠨᠣᠣᠯᠣᠷᠲᠣ ᠢᠮᠠᠭ᠎ᠠ᠂ ᠵᠢᠦᠢ ᠶᠠᠨ ᠪᠠᠯᠲᠤ ᠬᠡᠮᠬᠡ᠂ | ᠴᠠᠭᠠᠨ ᠭᠤᠶᠣᠣ᠂ ᠤᠯᠠᠭᠠᠨ ᠭᠤᠶᠣᠣ᠂ ᠴᠠᠷᠭᠠᠰᠤ ᠵᠡᠷᠭᠡ ᠣᠨᠴᠠᠯᠢᠭᠲᠤ ᠡᠬᠢ ᠪᠠᠶᠠᠯᠢᠭ ᠲᠤ ᠠᠩᠬᠠᠷᠤᠯ ᠢᠶᠠᠨ | ᠲᠥᠪᠯᠡᠷᠡᠭᠦᠯᠦᠨ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ | ᠲᠡᠳᠬᠦᠵᠦ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠦᠢᠯᠡᠰ ᠢ ᠬᠥᠭᠵᠢᠭᠦᠯᠦᠨ᠂ | ᠬᠦᠢᠲᠡᠨ ᠬᠡᠯᠬᠢᠶᠡᠲᠦ ᠪᠠᠷᠠᠭ᠎ᠠ ᠭᠦᠢᠯᠭᠡᠭᠡᠨ ᠤ ᠳᠤᠲᠠᠭᠤᠳᠠᠯ ᠢ ᠨᠥᠬᠦᠪᠥᠷᠢᠯᠡᠵᠦ᠂ ᠮᠠᠯᠵᠢᠯ ᠲᠠᠷᠢᠶᠠᠯᠠᠩ ᠤᠨ ᠨᠢᠭᠡ | ᠬᠤᠶᠠᠳᠤᠭᠠᠷ ᠠᠵᠤ ᠦᠢᠯᠡᠰ ᠢ ᠰᠠᠶᠢᠲᠤᠷ ᠠᠭᠤᠰᠤᠯᠴᠠᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠥᠲᠥᠭᠡᠨ ᠪᠠᠶᠢᠭᠤᠯᠵᠤ ᠥᠭᠡᠷᠡᠴᠢᠯᠡᠬᠦ ᠲᠥᠷᠥᠯ ᠵᠦᠢᠯ ᠢ ᠢᠳᠡᠪᠬᠢᠲᠡᠶ ᠴᠢᠷᠮᠠᠶᠢᠨ ᠣᠯᠵᠤ᠂ ᠵᠢᠦᠢ ᠶᠠᠨ ᠪᠠᠯᠲᠤ | ᠬᠡᠮᠬᠡ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠨᠡᠷ᠎ᠡ ᠲᠡᠮᠳᠡᠭᠲᠦ ᠶᠢ ᠡᠭᠦᠳᠬᠦ᠂ ᠡᠯᠧᠺᠲᠷᠣᠨ | ᠬᠤᠳᠠᠯᠳᠤᠭ᠎ᠠ ᠪᠠᠷ ᠪᠣᠷᠣᠯᠠᠭᠤᠯᠬᠤ ᠵᠡᠷᠭᠡ ᠶᠢ ᠪᠠᠭᠲᠠᠭᠠᠭᠰᠠᠨ ᠰᠢᠰᠲ᠋ᠧᠮᠵᠢᠭᠰᠡᠨ ᠠᠵᠤ ᠦᠢᠯᠡᠰ ᠤᠨ ᠦᠢᠯᠡᠴᠢᠯᠡᠭᠡᠨ ᠤ | ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠪᠠᠯᠲᠤ ᠬᠡᠮᠬᠡ ᠶᠢᠨ ᠠᠵᠤ ᠦᠢᠯᠡᠰ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ ᠴᠢᠨᠠᠷᠵᠢᠭᠤᠯᠤᠨᠠ᠃ ᠰᠤᠯᠠ ᠪᠠᠶᠢᠭ᠎ᠠ ᠬᠦᠯᠡᠮᠵᠢ ᠶᠢ ᠪᠦᠲᠦᠮᠵᠢᠲᠡᠶ ᠠᠮᠢᠳᠤᠯᠢᠭᠵᠢᠭᠤᠯᠤᠨ | ᠠᠰᠢᠭᠯᠠᠵᠤ᠂ ᠮᠣᠩᠭᠤᠯ ᠳᠤ ᠭᠠᠷᠭᠠᠬᠤ ᠨᠤᠭᠤᠭ᠎ᠠ ᠵᠢᠮᠢᠰ ᠤᠨ ᠨᠢᠭᠡ ᠪᠦᠯᠦᠭ ᠰᠠᠭᠤᠷᠢᠨ ᠭᠠᠵᠠᠷ ᠢ ᠰᠤᠪᠨᠠᠭᠤᠷ | ᠰᠤᠮᠤᠨ ᠳᠤ ᠪᠠᠶᠢᠭᠤᠯᠵᠤ᠂ ᠲᠠᠷᠢᠶᠠᠯᠠᠩ ᠤᠨ ᠬᠥᠭᠵᠢᠯᠲᠡ ᠶᠢᠨ ᠳᠠᠯᠳᠠ ᠬᠦᠴᠦᠨ ᠪᠠ ᠴᠢᠳᠠᠮᠵᠢ ᠶᠢ ᠥᠷᠭᠡᠳᠬᠡᠨ᠎ᠡ᠃ | ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠰᠡᠷᠭᠦᠭᠡᠬᠦ | ᠳᠦᠷᠢᠮ ᠢ ᠴᠢᠩᠭ᠎ᠠ ᠬᠡᠷᠡᠭᠵᠢᠭᠦᠯᠦᠨ᠂ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠬᠢᠨᠠᠮᠠᠭᠠᠢ | ᠰᠢᠢᠳᠪᠦᠷᠢᠯᠡᠨ᠎ᠡ᠃ ︽ᠬᠤᠶᠠᠷ ᠪᠦᠲᠦᠭᠡᠭᠲᠡᠭᠦᠨ ᠨᠢᠭᠡ ᠲᠡᠮᠳᠡᠭ︾ ︽ᠨᠠᠷᠠᠲᠤ ᠣᠨᠴᠠᠯᠢᠭᠲᠤ ᠰᠢᠯᠢᠳᠡᠭ ᠰᠢᠨ᠎ᠡ︾ | ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠭᠡᠷᠡᠴᠢᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠵᠡᠨ᠎ᠡ ᠶᠢᠨ | ᠣᠲᠣ ᠦᠶ᠎ᠡ ᠶᠢᠨ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢᠨ ᠨᠡᠷ᠎ᠡ ᠲᠡᠮᠳᠡᠭᠲᠦ ᠶᠢ ᠪᠥᠬᠦ ᠲᠠᠯ᠎ᠠ ᠪᠠᠷ | ᠤᠬᠠᠭᠤᠯᠤᠨ ᠲᠠᠨᠢᠯᠴᠠᠭᠤᠯᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠮᠥᠷᠳᠡᠵᠦ ᠪᠣᠯᠬᠤ ᠲᠣᠭᠲᠠᠯᠴᠠᠭ᠎ᠠ ᠪᠠ | ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ | ᠪᠠᠶᠢᠭᠤᠯᠵᠤ᠂ ᠴᠢᠨᠠᠷ ᠰᠠᠶᠢᠲᠠᠶ ᠮᠠᠯ ᠲᠠᠷᠢᠶᠠᠯᠠᠩ ᠤᠨ ᠪᠦᠲᠦᠭᠡᠭᠳᠡᠬᠦᠨ ᠢ ᠰᠣᠶᠣᠯ ᠵᠢᠭᠤᠯᠴᠢᠯᠠᠯ᠂ ᠰᠡᠯᠡᠭᠦᠴᠡᠯ᠂ ᠪᠡᠶ᠎ᠡ | ᠰᠤᠪᠢᠯᠠᠯᠲᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠯᠤᠭ᠎ᠠ ᠭᠦᠨᠵᠡᠭᠡᠶ | ᠠᠭᠤᠰᠤᠯᠴᠠᠭᠤᠯᠬᠤ ᠶᠢ ᠠᠬᠢᠭᠤᠯᠤᠨ᠂ ᠨᠠᠩ ᠣᠯᠠᠨ ᠮᠠᠯ ᠲᠠᠷᠢᠶᠠᠯᠠᠩ ᠤᠨ ᠰᠢᠨ᠎ᠡ ᠪᠦᠲᠦᠭᠡᠭᠳᠡᠬᠦᠨ ᠢ ᠲᠠᠰᠤᠷᠠᠯᠲᠠ | ᠦᠭᠡᠢ ᠦᠢᠯᠡᠳᠪᠦᠷᠢᠯᠡᠵᠦ᠂ ᠦᠷ᠎ᠡ ᠠᠰᠢᠭ ᠢ ᠨᠢ ᠳᠡᠭᠡᠭᠰᠢᠯᠡᠭᠦᠯᠦᠨ᠂ ᠤᠯᠤᠰ ᠤᠨ ᠴᠢᠬᠤᠯᠠ ᠮᠠᠯ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠶᠡᠭᠡ ᠬᠡᠪᠴᠢᠶ᠎ᠡ ᠲᠠᠢ ᠴᠢᠨᠠᠷᠯᠢᠭ ᠪᠥᠲᠥᠭᠡᠨ | ᠪᠠᠶᠢᠭᠤᠯᠤᠨ᠎ᠠ᠃ | ᠬᠤᠶᠠᠳᠤᠭᠠᠷ ᠠᠵᠤ ᠦᠢᠯᠡᠰ ᠤᠨ ᠰᠢᠨ᠎ᠡ ᠶᠢ ᠡᠭᠦᠳᠴᠦ ᠰᠢᠯᠢᠳᠡᠭᠵᠢᠭᠦᠯᠬᠦ ᠬᠦᠭᠵᠢᠯᠲᠡ ᠶᠢᠨ ᠲᠤᠭ᠎ᠠ | ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠵᠤ ᠦᠢᠯᠡᠰ ᠤᠨ ᠬᠡᠯᠬᠢᠶᠡᠵᠢᠯ ᠢ | ᠰᠠᠶᠢᠲᠤᠷ ᠬᠦᠴᠦᠯᠡᠨ ᠪᠠᠶᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠪᠠ ᠬᠤᠷᠢᠶᠠᠨ | ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠂ ᠶᠤᠸᠠᠨ ᠲᠦᠩ᠂ ᠺᠠᠩ ᠳ᠋ᠠ ᠵᠡᠷᠭᠡ ᠤᠯᠠᠮᠵᠢᠯᠠᠯᠲᠤ ᠠᠵᠤ ᠦᠢᠯᠡᠳᠪᠦᠷᠢ | ᠠᠭᠤᠷᠬᠠᠢ ᠶᠢᠨ ᠦᠢᠯᠡᠰ ᠤᠨ ᠪᠦᠬᠦ ᠬᠦᠴᠦᠨ ᠢᠶᠠᠷ ᠦᠢᠯᠡᠳᠪᠦᠷᠢᠯᠡᠬᠦ ᠢ ᠠᠬᠢᠭᠤᠯᠵᠤ᠂ ᠤᠯᠤᠰ ᠤᠨ ᠬᠤᠶᠢᠲᠤ | ᠠᠭᠤᠯᠠᠨ ᠤ ᠠᠭᠤᠷᠬᠠᠢ ᠶᠢᠨ ᠪᠦᠰᠡ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠭᠡᠳ | ᠪᠣᠯᠪᠠᠰᠤᠷᠠᠩᠭᠤᠶ ᠪᠣᠯᠤᠭᠰᠠᠨ ᠲᠥᠷᠥᠯ ᠵᠦᠢᠯ ᠢ ᠵᠠᠬ᠎ᠠ ᠳᠡᠯᠭᠡᠭᠦᠷ ᠲᠤ ᠴᠠᠭ ᠲᠤᠬᠠᠶ ᠳᠤᠨᠢ ᠴᠢᠷᠮᠠᠶᠢᠨ ᠣᠷᠤᠭᠤᠯᠵᠤ᠂ | ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ | ᠪᠥᠬᠦ ᠠᠶᠢᠮᠠᠭ ᠤᠨ ᠠᠵᠤ ᠦᠢᠯᠡᠰ ᠤᠨ ᠪᠠᠶᠢᠷᠢᠰᠢᠯ ᠳᠤ ᠦᠢᠯᠡᠴᠢᠯᠡᠵᠦ᠂ ᠠᠯᠠᠱᠠ ᠶᠢᠨ ᠰᠢᠨ᠎ᠡ ᠳᠡᠭᠡᠳᠦ | ᠮᠡᠷᠭᠡᠵᠢᠯ ᠤᠨ ᠨᠡᠭᠡᠭᠡᠯᠲᠡ ᠶᠢᠨ ᠣᠷᠣᠨ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠬᠠᠶᠢᠯᠤᠭᠤᠷ ᠵᠣᠩᠰᠢ ᠶᠢ | ᠶᠡᠷᠦᠩᠬᠡᠶᠢᠯᠡᠨ ᠨᠡᠭᠡᠭᠡᠨ ᠬᠥᠭᠵᠢᠭᠦᠯᠬᠦ᠂ ︽ᠬᠠᠷᠢᠶ᠎ᠠ ᠭᠠᠵᠠᠷ ᠰᠤᠨᠳᠠᠯᠠᠭᠰᠠᠨ ᠬᠦᠷᠢᠶᠠᠯᠠᠩ︾ ᠤᠨ ᠠᠵᠤ | ᠠᠬᠤᠶᠢᠯᠠᠯ ᠤᠨ ᠲᠦᠷᠦᠯ ᠵᠦᠢᠯ ᠢ ᠠᠰᠢᠭᠯᠠᠯᠲᠠ ᠳᠤ ᠣᠷᠤᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ | ᠵᠦᠩᠶᠦᠸᠠᠨ ᠴᠢᠯᠠᠭᠤᠨ ᠲᠣᠰᠤᠨ ᠤ ᠬᠤᠪᠢᠶᠠᠷᠢ ᠺᠣᠮᠫᠠᠨᠢ᠂ ᠰᠢ ᠨᠧᠩ ᠺᠣᠮᠫᠠᠨᠢ ᠶᠢᠨ ᠴᠢᠯᠠᠭᠤᠨ ᠲᠣᠰᠤᠨ ᠤ | ᠰᠢᠲᠠᠮᠠᠬᠠᠢ ᠬᠡᠢ ᠶᠢ ᠶᠡᠷᠦᠩᠬᠡᠶᠢᠯᠡᠭᠰᠡᠨ ᠬᠠᠶᠢᠨ ᠪᠠᠶᠢᠴᠠᠭᠠᠬᠤ ᠲᠥᠷᠥᠯ ᠵᠦᠢᠯ ᠤᠨ ᠦᠢᠯᠡᠴᠢᠯᠡᠭᠡᠨ ᠤ ᠡᠷᠴᠢᠮ ᠢ | ᠴᠢᠩᠭᠠᠷᠠᠭᠤᠯᠵᠤ᠂ ᠵᠢᠯ ᠳᠤ 2 ᠲᠦᠮᠡᠨ ᠲᠣᠨ ᠲᠦᠭᠦᠬᠡᠶ ᠴᠢᠯᠠᠭᠤᠨ ᠲᠣᠰᠣ ᠦᠢᠯᠡᠳᠪᠦᠷᠢᠯᠡᠬᠦ ᠪᠠᠷ ᠴᠢᠷᠮᠠᠶᠢᠨ᠎ᠠ᠃ | ᠡᠵᠡᠨ᠎ᠡ ᠬᠤᠰᠢᠭᠤᠨ ᠤ ᠮᠢᠩᠭᠠᠨ ᠲᠦᠮᠡᠨ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠠᠬᠢᠭᠤᠯᠵᠤ᠂ ᠰᠢᠨ ᠬᠠᠩ 6 ᠰᠠᠶ᠎ᠠ | ᠸᠠᠲ ᠲᠠᠷᠠᠬᠠᠢ ᠬᠡᠯᠪᠡᠷᠢ ᠶᠢᠨ ᠭᠡᠷᠡᠯ ᠸᠣᠯᠲ ᠤᠨ ᠲᠦᠷᠦᠯ ᠵᠦᠢᠯ ᠢ ᠪᠠᠶᠢᠭᠤᠯᠤᠨ ᠠᠰᠢᠭᠯᠠᠬᠤ ᠪᠠᠷ ᠬᠦᠴᠦᠯᠡᠵᠦ᠂ | ᠳᠤᠮᠳᠠᠳᠤ ᠤᠯᠤᠰ ᠤᠨ ᠨᠡᠭᠦᠷᠡᠰᠦᠨ ᠤ 4 × 100 ᠲᠦᠮᠡᠨ ᠺᠢᠯᠣᠸᠠᠲ ᠤᠨ ᠴᠠᠬᠢᠯᠭᠠᠨ ᠲᠣᠬᠢᠷᠠᠭᠤᠯᠵᠤ | ᠬᠠᠩᠭᠠᠬᠤ ᠦᠢᠯᠡᠳᠪᠦᠷᠢ᠂ ᠬᠤᠸᠠ ᠨᠧᠩ 1400 ᠲᠦᠮᠡᠨ ᠺᠢᠯᠣᠸᠠᠲ ᠤᠨ ︽ᠰᠠᠯᠬᠢ ᠬᠡᠷᠡᠯ ᠢᠯᠴᠢ︾ ᠶᠢ ᠨᠢᠭᠡ | ᠴᠤᠭᠴᠠᠵᠢᠭᠤᠯᠤᠭᠰᠠᠨ ᠲᠣᠮᠣ ᠬᠡᠯᠪᠡᠷᠢ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠴᠢᠬᠤᠯᠠ | ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠨᠠᠩ ᠣᠯᠠᠨ ᠰᠠᠯᠬᠢ | ᠭᠡᠷᠡᠯ ᠢᠶᠠᠷ ᠴᠠᠬᠢᠯᠭᠠᠨ ᠭᠠᠷᠭᠠᠬᠤ᠂ ᠴᠠᠬᠢᠯᠭᠠᠨ ᠲᠣᠣᠷᠵᠢᠯ ᠤᠨ ᠣᠷᠭᠢᠯ ᠤᠨ ᠬᠤᠭᠤᠴᠠᠭ᠎ᠠ ᠶᠢ ᠲᠣᠬᠢᠷᠠᠭᠤᠯᠬᠤ᠂ | ᠭᠠᠳᠠᠭᠰᠢ ᠬᠦᠷᠭᠡᠯᠲᠡ᠂ ᠪᠣᠬᠢᠷᠲᠤᠯ ᠥᠬᠡᠶ ᠡᠨᠧᠷᠭᠢ ᠶᠢ ᠰᠢᠩᠭᠡᠭᠡᠨ ᠠᠪᠬᠤ᠂ ︽ᠴᠠᠬᠢᠯᠭᠠᠨ ᠰᠤᠷᠪᠤᠯᠵᠢ᠂ | ᠴᠠᠬᠢᠯᠭᠠᠨ ᠲᠣᠣᠷ᠂ ᠳᠠᠭᠠᠭᠠᠴᠠ᠂ ᠨᠥᠭᠡᠴᠡ︾ ᠶᠢ ᠨᠢᠭᠡ ᠴᠤᠭᠴᠠᠵᠢᠭᠤᠯᠬᠤ ᠵᠡᠷᠭᠡ ᠢᠵᠢ ᠪᠦᠷᠢᠳᠦᠭᠰᠡᠨ | ᠬᠤᠯᠪᠣᠭᠳᠠᠯ ᠪᠥᠬᠦᠶ ᠠᠵᠤ ᠦᠢᠯᠡᠰ ᠢ ᠰᠠᠭᠤᠷᠢᠰᠢᠭᠤᠯᠬᠤ ᠪᠠᠷ ᠴᠢᠷᠮᠠᠶᠢᠵᠤ᠂ ᠤᠯᠤᠰ ᠤᠨ ᠴᠢᠬᠤᠯᠠ ᠡᠨᠧᠷᠭᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠡᠷᠴᠢᠮᠲᠡᠢ ᠪᠥᠲᠥᠭᠡᠨ ᠪᠠᠶᠢᠭᠤᠯᠤᠨ᠎ᠠ᠃ | ᠭᠤᠷᠪᠠᠳᠤᠭᠠᠷ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠦᠭᠵᠢᠯᠲᠡ ᠶᠢ | ᠲᠣᠭᠲᠠᠭᠤᠨ ᠢᠶᠠᠷ ᠠᠬᠢᠭᠤᠯᠤᠨ᠎ᠠ᠃ ᠵᠢᠭᠤᠯᠴᠢᠯᠠᠯ ᠤᠨ ᠦᠢᠯᠡᠰ ᠤᠨ ᠰᠢᠨ᠎ᠡ ᠪᠠᠶᠢᠳᠠᠯ᠂ ᠰᠢᠨ᠎ᠡ ᠠᠪᠴᠠᠯ᠂ ᠰᠢᠨ᠎ᠡ | ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠠᠲᠠᠭᠤ ᠲᠣᠨᠤᠭ ᠢ ᠲᠡᠭᠦᠯᠳᠡᠷᠵᠢᠭᠦᠯᠬᠦ᠂ ᠦᠢᠯᠡᠴᠢᠯᠡᠭᠡ ᠶᠢ | ᠳᠡᠭᠡᠭᠰᠢᠯᠡᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠦᠵᠡᠮᠵᠢ ᠶᠢᠨ ᠣᠷᠣᠨ ᠤ ᠡᠵᠡᠩᠨᠡᠯᠲᠡ ᠶᠢᠨ ᠠᠵᠤ | ᠠᠬᠤᠶᠢᠯᠠᠯ ᠤᠨ ᠣᠷᠣᠭᠤᠯᠤᠯᠲᠠ ᠶᠢ ᠡᠷᠴᠢᠮᠵᠢᠭᠦᠯᠵᠦ᠂ ᠪᠠᠶᠢᠷᠢᠰᠢᠯ ᠢ ᠲᠦᠯᠦᠪᠵᠢᠭᠦᠯᠬᠦ᠂ ᠨᠡᠶᠢᠲᠡ ᠶᠢᠨ ᠵᠣᠷᠯᠣᠩ ᠢ | ᠰᠠᠶᠢᠵᠢᠷᠠᠭᠤᠯᠤᠨ ᠵᠠᠰᠠᠬᠤ᠂ ᠶᠠᠪᠠᠭᠠᠨ ᠵᠤᠭᠠᠴᠠᠬᠤ ᠵᠠᠮ ᠢ ᠵᠠᠰᠠᠬᠤ᠂ ᠵᠢᠭᠠᠯᠲᠠ ᠲᠡᠮᠳᠡᠭ ᠤᠨ ᠰᠢᠰᠲ᠋ᠧᠮ ᠢ ᠰᠢᠨᠡᠳᠬᠡᠬᠦ | ᠪᠠ ᠨᠡᠷ᠎ᠡ ᠲᠡᠮᠳᠡᠭᠲᠦ ᠶᠢᠨ ᠳᠡᠯᠭᠡᠷᠡᠭᠦᠯᠦᠯᠲᠡ᠂ ᠣᠷᠣᠨ ᠪᠦᠰᠡ ᠶᠢᠨ ᠬᠠᠮᠲᠤᠷᠠᠯᠴᠠᠭ᠎ᠠ᠂ ᠦᠢᠯᠡᠴᠢᠯᠡᠭᠡᠨ ᠤ | ᠴᠢᠳᠠᠮᠵᠢ ᠶᠢ ᠰᠢᠯᠢᠳᠡᠭᠵᠢᠭᠦᠯᠬᠦ ᠳᠤ ᠭᠤᠤᠯᠳᠠᠯᠭ᠎ᠠ ᠲᠠᠢ ᠬᠦᠴᠦ ᠲᠠᠯᠪᠢᠵᠤ᠂ ᠵᠢᠭᠤᠯᠴᠢᠯᠠᠯ ᠤᠨ ᠦᠵᠡᠮᠵᠢ ᠶᠢᠨ | ᠣᠷᠣᠨ ᠤ ᠲᠠᠰ ᠳᠡᠪᠰᠢᠬᠦ᠂ ᠵᠢᠭᠤᠯᠴᠢᠯᠠᠯ ᠤᠨ ᠦᠢᠯᠡᠴᠢᠯᠡᠭᠡ ᠶᠢᠨ ᠪᠠᠷᠢᠮᠵᠢᠶ᠎ᠠ ᠶᠢ ᠲᠤᠤᠱᠯᠠᠭᠤᠯᠤᠨ | ᠰᠢᠯᠢᠳᠡᠭᠵᠢᠭᠦᠯᠬᠦ ᠪᠠᠷ ᠴᠢᠷᠮᠠᠶᠢᠬᠤ ᠶᠢ ᠠᠬᠢᠭᠤᠯᠤᠨ᠎ᠠ᠃ ᠲᠤᠤᠷᠠᠶ ᠶᠢᠨ ᠣᠢ ᠪᠠᠷ ᠭᠤᠤᠯ IP ᠪᠣᠯᠭᠠᠭᠰᠠᠨ | ᠵᠢᠭᠤᠯᠴᠢᠯᠠᠯ ᠤᠨ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠢ ᠦᠷᠭᠦᠯᠵᠢᠯᠡᠨ ᠴᠢᠩᠭᠠᠳᠬᠠᠵᠤ᠂ ᠰᠠᠨᠰᠠᠷ | ᠠᠶᠠᠯᠠᠯ ᠤᠨ ᠬᠠᠷᠪᠤᠯᠲᠠ ᠶᠢ ᠰᠣᠨᠢᠷᠬᠠᠨ ᠰᠤᠳᠤᠯᠵᠤ ᠰᠤᠷᠤᠯᠴᠠᠬᠤ ᠵᠡᠷᠭᠡ ᠣᠯᠠᠨ ᠵᠦᠢᠯ ᠤᠨ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ᠵᠢᠭᠤᠯᠴᠢᠯᠠᠯ ᠤᠨ ᠦᠢᠯᠡᠰ ᠢ | ᠪᠠᠶᠠᠯᠢᠭᠵᠢᠭᠤᠯᠵᠤ᠂ ᠵᠢᠭᠤᠯᠴᠢᠯᠠᠯ ᠤᠨ ᠰᠢᠨ᠎ᠡ ᠣᠶᠢᠯᠠᠭᠠᠯᠲᠠ ᠶᠢ ᠪᠤᠢ ᠪᠣᠯᠭᠠᠨ᠎ᠠ᠃ ︽ᠨᠢᠭᠡ ᠭᠠᠷ ᠤᠲᠠᠰᠤ ᠪᠠᠷ | ᠡᠵᠡᠨ᠎ᠡ ᠳᠤ ᠵᠢᠭᠤᠯᠴᠢᠯᠠᠬᠤ︾ ᠲᠠᠪᠴᠠᠩ ᠤᠨ ᠴᠢᠳᠠᠮᠵᠢ ᠶᠢᠨ ᠬᠡᠷᠡᠭᠯᠡᠭᠡ ᠶᠢ ᠥᠷᠭᠡᠳᠬᠡᠵᠦ᠂ ᠤᠶᠤᠨᠴᠢᠯᠠᠭᠰᠠᠨ | ᠬᠠᠮᠢᠶᠠᠷᠤᠯᠲᠠ ᠶᠢᠨ ᠦᠢᠯᠡᠴᠢᠯᠡᠭᠡ ᠪᠠ ᠠᠬᠤᠢ ᠲᠠᠯᠠᠪᠠᠢ ᠶᠢᠨ ᠤᠬᠠᠭᠤᠯᠤᠨ ᠳᠡᠯᠭᠡᠷᠡᠭᠦᠯᠬᠦ ᠶᠢ ᠭᠦᠨᠵᠡᠭᠡᠶᠢᠷᠡᠭᠦᠯᠵᠦ᠂ | ᠥᠷᠭᠡᠨ ᠤᠯᠠᠨ ᠵᠢᠭᠤᠯᠴᠢᠯᠠᠭᠰᠠᠳ ᠤᠨ ᠥᠪᠡᠷᠮᠢᠴᠡ ᠬᠡᠷᠡᠭᠴᠡᠭᠡ ᠶᠢ ᠬᠠᠩᠭᠠᠨ᠎ᠠ᠃ ᠨᠥᠬᠦᠴᠡᠯ ᠲᠠᠢ ᠭᠠᠴᠠᠭ᠎ᠠ ᠨᠢ | ᠠᠷᠠᠳ ᠤᠨ ᠣᠷᠣᠨ ᠰᠠᠭᠤᠴᠠ ᠶᠢᠨ ᠰᠠᠭᠤᠷᠢ ᠲᠦᠬᠦᠭᠡᠷᠦᠮᠵᠢ ᠶᠢ ᠪᠠᠷᠢᠮᠵᠢᠶ᠎ᠠ ᠶᠣᠰᠤᠭᠠᠷ ᠦᠭᠡᠷᠡᠴᠢᠯᠡᠨ | ᠰᠠᠶᠢᠵᠢᠷᠠᠭᠤᠯᠬᠤ ᠶᠢ ᠵᠣᠷᠢᠭᠵᠢᠭᠤᠯᠵᠤ᠂ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠵᠦ᠂ ᠤᠬᠠᠭᠤᠯᠵᠤ ᠡᠵᠡᠩᠨᠡᠨ ᠪᠣᠷᠤᠯᠠᠭᠤᠯᠬᠤ ᠶᠢ ᠨᠢᠭᠡ ᠴᠣᠭᠴᠠᠵᠢᠭᠤᠯᠵᠤ᠂ ᠬᠦᠳᠡᠭᠡ | ᠲᠣᠰᠬᠤᠨ ᠤ ᠵᠢᠭᠤᠯᠴᠢᠯᠠᠯ ᠢ ᠳᠠᠶᠢᠴᠢᠯᠠᠨ ᠣᠨᠴᠠᠯᠢᠭᠵᠢᠭᠤᠯᠵᠤ ᠨᠠᠷᠢᠯᠢᠭᠵᠢᠭᠤᠯᠤᠨ᠎ᠠ᠃ ᠦᠵᠡᠮᠵᠢ ᠶᠢᠨ ᠣᠷᠣᠨ ᠤ | ᠬᠤᠯᠪᠣᠭᠠᠯᠠᠨ ᠤᠬᠠᠭᠤᠯᠵᠤ ᠡᠵᠡᠩᠨᠡᠨ ᠪᠣᠷᠣᠯᠠᠭᠤᠯᠬᠤ ᠪᠠ ᠵᠠᠭᠤᠴᠢᠯᠠᠭᠤᠷ ᠤᠨ ᠦᠢᠯᠡᠳᠦᠯ ᠨᠦᠯᠦᠭᠡᠯᠡᠯ ᠢ | ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠤᠬᠠᠭᠤᠯᠭ᠎ᠠ ᠶᠢ ᠰᠠᠶᠢᠲᠤᠷ ᠬᠢᠨ᠎ᠡ᠃ ︽ | ᠢᠳᠡᠭᠡᠨ ᠤᠮᠳᠠᠭᠠᠨ᠂ ᠬᠤᠨᠤᠭ ᠰᠠᠭᠤᠴᠠ᠂ ᠵᠠᠮ ᠬᠠᠷᠢᠯᠴᠠᠭ᠎ᠠ᠂ ᠵᠢᠭᠤᠯᠴᠢᠯᠠᠯ ᠰᠡᠯᠡᠭᠦᠴᠡᠯ᠂ ᠬᠤᠳᠠᠯᠳᠤᠭ᠎ᠠ︾ | ᠵᠡᠷᠭᠡ ᠵᠢᠷᠭᠤᠭᠠᠨ ᠶᠡᠭᠡ ᠡᠯᠧᠮᠧᠨ᠋ᠲ ᠤᠨ ᠲᠣᠭᠤᠷᠢᠨ ᠳᠤ ᠵᠤᠭᠠᠴᠠᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠤᠭᠠᠴᠠᠯ ᠤᠨ ᠨᠡᠷ᠎ᠡ ᠲᠡᠮᠳᠡᠭ ᠤᠨ ᠪᠦᠬᠦᠯᠢ ᠴᠣᠭᠴᠠ ᠶᠢᠨ | ᠲᠦᠷᠢ ᠲᠥᠷᠬᠦ ᠶᠢ ᠰᠠᠶᠢᠲᠤᠷ ᠱᠤᠭᠤᠨ᠎ᠠ᠃ ᠵᠢᠦᠢ ᠶᠠᠨ ᠤ ᠰᠤᠶᠤᠯ ᠤᠨ ᠬᠤᠲᠠ ᠶᠢᠨ ᠠᠷᠠᠯᠵᠢᠶᠠᠨ ᠤ | ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠢ ᠤᠯᠠᠮ ᠴᠡᠴᠡᠭᠯᠡᠭᠦᠯᠦᠨ | ᠬᠥᠭᠵᠢᠭᠦᠯᠵᠦ᠂ ᠬᠤᠲᠠ ᠪᠠᠯᠭᠠᠰᠤ ᠶᠢᠨ ᠬᠥᠭᠵᠢᠶᠡᠨᠲᠦ ᠠᠭᠤᠷ ᠠᠮᠢᠰᠬᠤᠯ ᠢ ᠪᠠᠳᠠᠷᠠᠭᠠᠨ᠎ᠠ᠃ ︽ᠴᠤᠭᠯᠠᠭ᠎ᠠ | ᠮᠠᠶᠢᠮᠠᠶ︾᠂ ᠤᠨᠴᠠᠯᠢᠬᠳᠤ ᠮᠠᠯ ᠲᠠᠷᠢᠶᠠᠯᠠᠩ ᠤᠨ ᠪᠦᠲᠦᠭᠡᠭᠳᠡᠬᠦᠨ ᠢ ᠴᠡᠷᠢᠭ ᠤᠨ ᠬᠤᠸᠠᠷᠠᠨ ᠳᠤ ᠣᠷᠣᠭᠤᠯᠬᠤ ᠵᠡᠷᠭᠡ | ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ ᠶᠢ ᠲᠥᠰᠦᠪᠯᠡᠵᠦ᠂ ︽ᠠᠯᠠᠱᠠ ᠪᠡᠯᠡᠭ︾ ᠰᠢᠷᠢᠰ ᠪᠡᠯᠡᠭ ᠰᠡᠯᠲᠡ ᠶᠢ | ᠲᠠᠰᠤᠷᠠᠯᠲᠠ ᠥᠬᠡᠶ ᠪᠠᠶᠠᠯᠢᠭᠵᠢᠭᠤᠯᠵᠤ᠂ ᠬᠡᠷᠡᠭᠯᠡᠭᠡᠨ ᠤ ᠬᠡᠷᠡᠭᠴᠡᠭᠡ ᠶᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠤᠭᠤᠯᠤᠭᠰᠠᠨ ᠶᠡᠷᠦᠩᠬᠡᠶᠢᠯᠡᠭᠰᠡᠨ ᠵᠢᠱᠢᠶ᠎ᠡ | ᠦᠵᠡᠭᠦᠯᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠨ ᠨᠤᠳᠤᠭ ᠤᠨ | ᠰᠦᠯᠵᠢᠶᠡᠨ ᠤ ᠨᠡᠷᠡᠲᠦ ᠬᠥᠮᠦᠰ ᠢ ᠶᠡᠬᠡᠪᠡᠷ ᠪᠣᠢ ᠪᠤᠯᠭᠠᠨ᠂ ᠤᠯᠠᠮᠵᠢᠯᠠᠯᠲᠤ ᠠᠵᠤ ᠦᠢᠯᠡᠰ ᠪᠣᠯᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠳᠠᠶᠢᠴᠢᠯᠠᠵᠤ᠂ ᠰᠦᠯᠵᠢᠶ᠎ᠡ ᠪᠠᠷ ᠳᠠᠮᠵᠢᠨ | ᠡᠵᠡᠨ᠎ᠡ ᠶᠢᠨ ᠪᠦᠲᠦᠭᠡᠭᠳᠡᠬᠦᠨ ᠦᠢᠯᠡᠴᠢᠯᠡᠭᠡ ᠶᠢᠨ ᠬᠡᠷᠡᠭᠯᠡᠭᠡ ᠶᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ | ︵ᠭᠤᠷᠪᠠ︶ ᠪᠥᠬᠦ ᠬᠦᠴᠦᠨ ᠢᠶᠠᠷ ᠢᠶᠠᠨ ᠪᠠᠯᠠ ᠣᠷᠣᠭᠤᠯᠤᠯᠲᠠ ᠶᠢ ᠥᠷᠭᠡᠳᠬᠡᠨ ᠦᠢᠯᠡᠴᠢᠯᠡᠭᠡ ᠶᠢ | ᠰᠢᠯᠢᠳᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠬᠦᠴᠦ ᠰᠡᠯᠪᠢᠨ᠎ᠡ᠃ | ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠦᠪᠰᠢᠶᠡᠷᠡᠬᠦ | ᠶᠠᠪᠤᠴᠠ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠥᠨᠳᠥᠷ ᠪᠦᠲᠦᠮᠵᠢᠲᠡᠶ ᠳᠥᠭᠦᠮ ᠳᠥᠲᠡ᠂ ᠴᠢᠨᠠᠷ ᠰᠠᠶᠢᠲᠠᠶ | ᠲᠦᠭᠡᠮᠡᠯ ᠬᠠᠷᠠᠭᠠᠯᠵᠠᠯᠲᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠥᠬᠦ ᠶᠠᠪᠤᠴᠠ ᠳᠠᠬᠢ ᠦᠢᠯᠡᠴᠢᠯᠡᠭᠡᠨ ᠤ | ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠤᠭᠲᠠᠯᠴᠠᠭᠠᠨ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠰᠠᠭ ᠤᠨ | ᠶᠠᠪᠤᠳᠠᠯ ᠤᠨ ᠬᠢᠨᠠᠨ ᠵᠥᠪᠰᠢᠶᠡᠷᠡᠬᠦ ᠵᠦᠢᠯᠡᠰ ᠢ ᠦᠨᠳᠦᠰᠦᠨ ᠱᠠᠲᠤᠨ ᠳᠤ ᠭᠦᠢᠴᠡᠳᠬᠡᠬᠦ ᠶᠢ ᠪᠦᠲᠦᠮᠵᠢᠲᠡᠢ | ᠠᠬᠢᠭᠤᠯᠵᠤ᠂ ᠪᠢᠴᠢᠭ ᠮᠠᠲ᠋ᠧᠷᠢᠶᠠᠯ᠂ ᠠᠵᠢᠯ ᠤᠨ ᠶᠠᠪᠤᠴᠠ᠂ ᠴᠠᠭ ᠤᠨ ᠬᠢᠵᠠᠭᠠᠷᠯᠠᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠵᠤ᠂ ᠪᠣᠳᠣᠯᠢᠶᠠᠨᠲᠠᠢ ᠠᠯᠬᠤᠮ ᠳᠠᠷᠠᠭᠠᠯᠠᠯ᠂ ᠲᠦᠷᠦᠯ ᠵᠤᠷᠪᠤᠰ ᠢ ᠳᠦᠭᠦᠮᠴᠢᠯᠡᠨ᠎ᠡ᠃ | ᠵᠠᠰᠠᠭ ᠤᠨ ᠣᠷᠳᠣᠨ ᠬᠠᠤᠯᠢ ᠶᠣᠰᠣᠭᠠᠷ ᠠᠮᠠᠯᠠᠭᠰᠠᠨ ᠢᠶᠠᠨ ᠡᠷᠡᠰ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠠᠮᠤᠷ ᠲᠣᠭᠲᠠᠭᠤᠨ ᠪᠠᠶᠢᠯᠭᠠᠵᠤ᠂ ᠦᠨᠡᠨᠴᠢ ᠢᠲᠡᠭᠡᠮᠵᠢᠲᠡᠢ ᠲᠦᠷᠢ ᠲᠥᠷᠬᠦ ᠶᠢ ᠦᠨᠡᠨ ᠬᠦ ᠪᠤᠢ | ᠪᠣᠯᠭᠠᠨ᠎ᠠ᠃ ᠵᠣᠬᠢᠴᠠᠭᠤᠯᠵᠤ ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ︽12345︾ ᠬᠠᠯᠠᠮᠰᠢᠯ | ᠤᠲᠠᠰᠤ ᠨᠢ ᠬᠦᠰᠡᠯ ᠱᠠᠭᠠᠷᠳᠠᠯᠭ᠎ᠠ ᠶᠢ ᠪᠠᠷᠢᠮᠵᠢᠶ᠎ᠠ ᠶᠣᠰᠣᠭᠠᠷ ᠰᠢᠢᠳᠪᠦᠷᠢᠯᠡᠬᠦ ᠶᠢ ᠠᠬᠢᠭᠤᠯᠵᠤ᠂ ︽ᠨᠢᠭᠡ ᠬᠦᠰᠡᠯ | ᠱᠠᠭᠠᠷᠳᠠᠯᠭ᠎ᠠ ᠳᠤ ᠬᠠᠷᠢᠭᠤᠯᠲᠠ ᠥᠭᠴᠦ᠂ ᠨᠢᠭᠡ ᠲᠥᠷᠥᠯ ᠤᠨ ᠠᠰᠠᠭᠤᠳᠠᠯ ᠢ ᠰᠢᠢᠳᠪᠦᠷᠢᠯᠡᠵᠦ᠂ ᠨᠢᠭᠡ ᠬᠦᠷᠢᠶ᠎ᠡ | ᠴᠠᠷᠠᠭ᠎ᠠ ᠶᠢ ᠳᠡᠭᠡᠭᠰᠢᠯᠡᠭᠦᠯᠬᠦ︾ ᠶᠢ ᠴᠢᠷᠮᠠᠶᠢᠨ ᠪᠡᠶᠡᠯᠡᠭᠦᠯᠦᠨ᠎ᠡ᠃ ᠲᠠᠷᠢᠶᠠᠯᠠᠩ ᠬᠦᠳᠡᠭᠡ ᠲᠣᠰᠬᠤᠨ᠂ ᠡᠮ ᠡᠮᠴᠢᠯᠡᠭᠡ | ᠡᠮᠨᠡᠯᠭᠡ ᠶᠢᠨ ᠳᠠᠭᠠᠳᠬᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ | ᠠᠬᠤᠶᠢᠯᠠᠯ ᠵᠡᠷᠭᠡ ᠭᠤᠣᠯᠳᠠᠯᠭ᠎ᠠ ᠲᠠᠢ ᠴᠠᠷ᠎ᠠ ᠬᠦᠷᠢᠶᠠᠨ ᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ | ᠲᠦᠷᠭᠡᠪᠴᠢᠯᠡᠨ ᠠᠷᠢᠯᠭᠠᠵᠤ᠂ ᠥᠭᠡᠷᠡᠴᠢᠯᠡᠯᠲᠡ ᠡᠭᠦᠳᠦᠯᠲᠡ ᠪᠠᠷ ᠤᠯᠠᠮ ᠰᠠᠶᠢᠨ ᠬᠥᠲᠥᠯᠥᠨ ᠳᠠᠭᠠᠭᠤᠯᠤᠨ᠎ᠠ᠃ | ᠤᠯᠤᠰ ᠤᠨ ᠭᠠᠳᠠᠭᠠᠳᠤ ᠨᠡᠭᠡᠭᠡᠯᠲᠡ ᠶᠢᠨ ᠶᠡᠭᠡ ᠲᠠᠯ᠎ᠠ ᠳᠤ ᠦᠢᠯᠡᠴᠢᠯᠡᠨ᠎ᠡ᠃ ᠴᠡᠭᠡ — ᠡᠵᠡᠨ᠎ᠡ | ᠬᠤᠰᠢᠭᠤᠨ ᠤ ᠨᠢᠭᠡ ᠴᠣᠭᠴᠠᠵᠢᠭᠰᠠᠨ ᠬᠥᠭᠵᠢᠯᠲᠡ ᠶᠢ ᠲᠦᠷᠭᠡᠳᠬᠡᠨ᠎ᠡ᠃ ᠴᠡᠭᠡ ᠪᠣᠭᠤᠮᠲᠠ ᠶᠢᠨ ᠤᠰᠤ | ᠬᠠᠩᠭᠠᠯᠭ᠎ᠠ᠂ ᠬᠤᠲᠠ ᠪᠠᠯᠭᠠᠰᠤ ᠶᠢᠨ ᠬᠡᠷᠡᠭᠯᠡᠭᠡᠨ ᠤ ᠤᠰᠤᠨ ᠤ ᠬᠦᠷᠭᠡᠯᠲᠡ᠂ ᠪᠠᠷᠠᠭ᠎ᠠ ᠭᠦᠢᠯᠭᠡᠭᠡᠨ ᠤ ᠬᠦᠷᠢᠶᠡᠯᠡᠩ | ᠲᠣᠭᠤᠷᠢᠭ ᠤᠨ ᠬᠤᠭᠤᠯᠠᠶ ᠲᠣᠣᠷᠵᠢᠯ ᠤᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠲᠥᠯᠥᠪᠯᠡᠨ | ᠬᠡᠷᠡᠭᠵᠢᠭᠦᠯᠵᠦ᠂ ᠪᠣᠭᠤᠮᠲᠠ ᠶᠢᠨ ᠰᠠᠭᠤᠷᠢ ᠲᠦᠬᠦᠭᠡᠷᠦᠮᠵᠢ ᠪᠠ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ | ᠳᠤᠲᠠᠭᠤᠳᠠᠯ ᠢ ᠨᠥᠬᠦᠪᠥᠷᠢᠯᠡᠨ᠎ᠡ᠃ ᠰᠠᠶᠢᠬᠠᠨᠲᠤᠤᠷᠠᠢ ᠣᠷᠣᠨ ᠪᠦᠰᠡ ᠶᠢᠨ ᠪᠠᠷᠠᠭ᠎ᠠ ᠭᠦᠢᠯᠭᠡᠭᠡᠨ ᠤ ᠵᠠᠮ ᠤᠨ | ᠠᠭᠤᠯᠵᠠᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠮᠢᠯ ᠵᠡᠷᠭᠡ ᠬᠥᠷᠰᠢ ᠵᠡᠷᠭᠡᠯᠡᠳᠡᠭᠡ ᠣᠷᠤᠨ᠂ ᠡᠬᠢ | ᠪᠠᠶᠠᠯᠢᠭ ᠢᠶᠠᠷ ᠡᠯᠪᠡᠭ ᠭᠠᠵᠠᠷ ᠯᠤᠭ᠎ᠠ ᠦᠢᠯᠡᠳᠪᠦᠷᠢᠯᠡᠯ ᠤᠨ ᠡᠬᠢ ᠠᠳᠠᠭ ᠤᠨ ᠠᠵᠤ ᠦᠢᠯᠡᠰ ᠤᠨ ᠬᠠᠮᠢᠶ᠎ᠠ ᠪᠦᠬᠦᠢ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠨᠧᠷᠭᠢ᠂ ᠡᠬᠢ ᠪᠠᠶᠠᠯᠢᠭ ᠢ ᠤᠯᠠᠷᠢᠭᠤᠯᠤᠨ ᠦᠷᠲᠡᠭ ᠢ ᠨᠢ | ᠨᠡᠮᠡᠭᠳᠡᠭᠦᠯᠦᠨ᠎ᠡ᠃ ᠴᠡᠭᠡ — ᠰᠠᠶᠢᠬᠠᠨᠲᠤᠤᠷᠠᠢ ᠶᠢᠨ ᠮᠢᠩᠭᠠᠨ ᠲᠦᠮᠡᠨ ᠲᠣᠨ ᠤ ᠲᠠᠰ ᠤᠨ ᠨᠡᠭᠦᠷᠡᠰᠦ ᠬᠠᠳᠠᠭᠠᠯᠠᠵᠤ | ᠲᠣᠬᠢᠷᠠᠭᠤᠯᠬᠤ ᠰᠠᠭᠤᠷᠢᠨ ᠭᠠᠵᠠᠷ᠂ ᠬᠦᠨᠳᠦ ᠠᠴᠢᠶᠠᠨ ᠤ ᠲᠤᠰᠬᠠᠶ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠮᠢᠩᠭᠠᠨ ᠲᠦᠮᠡᠨ ᠲᠣᠨ ᠤ ᠲᠠᠰ ᠤᠨ ᠨᠡᠭᠦᠷᠡᠰᠦ ᠶᠢ ᠲᠥᠪᠯᠡᠷᠡᠭᠦᠯᠦᠨ ᠲᠠᠷᠬᠠᠭᠠᠵᠤ ᠲᠡᠭᠡᠭᠡᠪᠦᠷᠢᠯᠡᠬᠦ | ᠲᠥᠪ ᠪᠠ ᠣᠳᠣᠬᠢᠴᠢᠯᠠᠭᠰᠠᠨ ᠨᠡᠭᠦᠷᠡᠰᠦ ᠲᠣᠬᠢᠷᠠᠭᠤᠯᠬᠤ ᠰᠠᠭᠤᠷᠢᠨ ᠭᠠᠵᠠᠷ᠂ ᠤᠯᠤᠰ ᠤᠨ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠢ ᠨᠥᠭᠡᠴᠡᠯᠡᠬᠦ ᠰᠠᠭᠤᠷᠢᠨ ᠭᠠᠵᠠᠷ᠂ ᠰᠢᠨ᠎ᠡ ᠡᠨᠧᠷᠭᠢ ᠶᠢᠨ ᠪᠣᠬᠢᠷᠲᠤᠯ ᠥᠬᠡᠶ | ᠴᠠᠬᠢᠯᠭᠠᠨ ᠢ ᠲᠤᠬᠠᠶ ᠶᠢᠨ ᠭᠠᠵᠠᠷ ᠲᠤᠨᠢ ᠰᠢᠩᠭᠡᠭᠡᠬᠦ ᠵᠡᠷᠭᠡ ᠨᠢᠭᠡ ᠪᠦᠯᠦᠭ ᠲᠤᠯᠭᠠᠭᠤᠷᠢ ᠠᠵᠤ ᠦᠢᠯᠡᠰ ᠤᠨ | ᠲᠥᠷᠥᠯ ᠵᠦᠢᠯ ᠢ ᠬᠤᠷᠠᠮᠳᠤᠭᠤᠯᠵᠤ᠂ ︽ᠪᠣᠭᠤᠮᠲᠠ ᠪᠠᠷ ᠳᠠᠶᠢᠴᠢᠯᠠᠬᠤ᠂ ᠳᠣᠲᠣᠷ᠎ᠠ ᠭᠠᠵᠠᠷ ᠢᠶᠠᠷ ᠲᠤᠯᠭᠠᠭᠤᠷᠢᠯᠠᠬᠤ᠂ | ᠬᠢᠯᠢ ᠪᠠ ᠳᠣᠲᠣᠷ᠎ᠠ ᠭᠠᠵᠠᠷ ᠬᠤᠯᠪᠣᠭᠠᠯᠠᠨ ᠬᠥᠳᠡᠯᠦᠯᠴᠡᠬᠦ︾ ᠠᠵᠤ ᠠᠬᠤᠶ ᠶᠢᠨ ᠬᠥᠭᠵᠢᠯᠲᠡ ᠶᠢᠨ ᠰᠢᠨ᠎ᠡ | ᠪᠠᠶᠢᠷᠢᠰᠢᠯ ᠢ ᠬᠦᠴᠦᠯᠡᠨ ᠪᠠᠶᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠰᠦᠷ | ᠳᠠᠯᠠᠶᠢᠴᠠᠲᠠᠶ ᠪᠣᠯᠭᠠᠨ ᠪᠥᠲᠥᠭᠡᠨ ᠪᠠᠶᠢᠭᠤᠯᠤᠨ᠎ᠠ᠃ | ︵ᠲᠦᠷᠪᠡ︶ ᠰᠠᠭᠤᠷᠢ ᠶᠢ ᠴᠢᠩᠭᠠᠳᠬᠠᠨ ᠬᠠᠮᠢᠶᠠᠷᠤᠯᠲᠠ ᠶᠢ ᠨᠠᠷᠢᠯᠢᠭᠵᠢᠭᠤᠯᠵᠤ᠂ ᠬᠤᠲᠠ ᠬᠥᠳᠡᠭᠡ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠤᠳᠠ ᠶᠢ ᠰᠢᠨᠡᠳᠬᠡᠬᠦ | ᠠᠵᠢᠯᠯᠠᠭ᠎ᠠ ᠶᠢ ᠯᠠᠪᠳᠠᠭᠤᠨ ᠬᠡᠷᠡᠭᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ ᠣᠶᠤᠨᠴᠢ | ᠬᠤᠳᠠ ᠶᠢ ᠪᠠᠶᠢᠭᠤᠯᠤᠨ᠎ᠠ᠃ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠳᠥᠭᠦᠮ ᠪᠦᠳᠦᠴᠡᠳᠦ | ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠭᠠᠵᠠᠷ ᠳᠣᠤᠷᠠᠬᠢ ᠬᠤᠭᠤᠯᠠᠶ ᠲᠣᠣᠷᠵᠢᠯ ᠢ | ᠦᠭᠡᠷᠡᠴᠢᠯᠡᠨ ᠵᠠᠰᠠᠬᠤ᠂ ᠬᠥᠳᠡᠯᠮᠦᠷᠢ ᠶᠢᠨ ᠰᠤᠪᠠᠭ ᠵᠠᠮ ᠤᠨ ᠨᠣᠭᠤᠭᠠᠷᠠᠭᠤᠯᠤᠯᠲᠠ᠂ ᠠᠮᠢᠳᠤᠷᠠᠯ ᠤᠨ ᠬᠤᠭ | ᠨᠣᠪᠰᠢ ᠶᠢ ᠬᠦᠨᠦᠭᠡᠯ ᠦᠭᠡᠢ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠵᠠᠷᠭᠡ ᠲᠦᠷᠦᠯ ᠵᠦᠢᠯ ᠢ ᠬᠡᠷᠡᠭᠵᠢᠭᠦᠯᠵᠦ᠂ | ᠬᠤᠲᠠ ᠪᠠᠯᠭᠠᠰᠤᠨ ᠤ ᠶᠡᠷᠦᠩᠬᠡᠶᠢᠯᠡᠭᠰᠡᠨ ᠳᠠᠭᠠᠭᠠᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠳᠤᠯᠠᠭᠠᠯᠠᠭ᠎ᠠ ᠶᠢᠨ ᠲᠣᠨᠤᠭ ᠲᠦᠬᠦᠭᠡᠷᠦᠮᠵᠢ ᠶᠢ ᠪᠠᠶᠢᠴᠠᠭᠠᠬᠤ ᠪᠠ ᠵᠠᠰᠠᠨ ᠦᠭᠡᠷᠡᠴᠢᠯᠡᠬᠦ ᠶᠢ ᠬᠦᠨᠵᠡᠭᠡᠢ ᠦᠷᠨᠢᠭᠦᠯᠵᠦ᠂ | ᠤᠯᠠᠨ ᠲᠦᠮᠡᠨ ᠯᠤᠭ᠎ᠠ ᠬᠠᠷᠢᠯᠴᠠᠬᠤ ᠵᠠᠮ ᠰᠤᠪᠠᠭ ᠢ ᠰᠢᠯᠤᠭᠤᠳᠬᠠᠵᠤ᠂ ᠲᠤᠯᠠᠭᠠᠯᠠᠭ᠎ᠠ ᠶᠢ ᠪᠠᠲᠤᠯᠠᠬᠤ ᠴᠢᠳᠠᠪᠤᠷᠢ | ᠪᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠣᠯᠠᠨ ᠢ ᠠᠮᠤᠷ | ᠲᠦᠪᠰᠢᠨ ᠲᠤᠯᠠᠭᠠᠨ ᠡᠪᠦᠯᠵᠢᠭᠦᠯᠦᠨ᠎ᠡ᠃ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠥᠷᠲᠡᠭᠡ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠵᠡᠷᠭᠡ | ᠭᠠᠵᠠᠷ ᠲᠤ ᠴᠠᠬᠢᠯᠭᠠᠨ ᠴᠡᠨᠡᠭᠯᠡᠬᠦ ᠲᠦᠬᠦᠭᠡᠷᠦᠮᠵᠢ ᠶᠢ ᠵᠣᠬᠢᠮᠵᠢᠲᠡᠢ ᠪᠠᠷ ᠤᠷᠢᠳᠴᠢᠯᠠᠨ ᠪᠠᠶᠢᠷᠢᠯᠠᠭᠤᠯᠵᠤ᠂ ᠵᠠᠮ | ᠬᠠᠷᠢᠯᠴᠠᠭᠠᠨ ᠤ ᠪᠣᠬᠢᠷᠳᠤᠯ ᠦᠭᠡᠢ ᠨᠡᠪᠲᠡᠷᠡᠯᠴᠡᠭᠡᠨ ᠳᠤ ᠲᠥᠬᠦᠮ ᠬᠠᠩᠭᠠᠨ᠎ᠠ᠃ ᠪᠥᠬᠦ ᠤᠯᠤᠰ ᠤᠨ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ ᠬᠤᠲᠠ ᠶᠢᠨ ᠳᠦᠷᠢ ᠳᠦᠷᠬᠦ᠂ ᠴᠡᠴᠡᠷᠯᠢᠭ ᠤᠨ | ᠨᠣᠭᠤᠭᠠᠷᠠᠭᠤᠯᠤᠯᠲᠠ᠂ ᠬᠤᠲᠠ ᠶᠢᠨ ᠶᠠᠪᠤᠳᠠᠯ ᠤᠨ ᠲᠦᠬᠦᠭᠡᠷᠦᠮᠵᠢ ᠵᠡᠷᠭᠡ ᠶᠡᠷᠦᠩᠬᠡᠶᠢᠯᠡᠭᠰᠡᠨ ᠣᠷᠴᠢᠨ ᠲᠣᠭᠤᠷᠢᠨ ᠤ | ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠤᠨ᠂ ᠣᠷᠴᠢᠨ ᠲᠣᠭᠤᠷᠢᠨ ᠤ ᠠᠷᠢᠭᠤᠨ | ᠴᠡᠪᠡᠷ᠂ ᠨᠣᠭᠤᠭᠠᠷᠠᠭᠤᠯᠤᠯᠲᠠ ᠶᠢᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ | ︽ᠪᠣᠯᠪᠠᠰᠤᠨ ᠬᠤᠲᠠ︾᠂ ︽ᠡᠷᠡᠭᠦᠯ ᠬᠠᠮᠠᠭᠠᠯᠠᠯ ᠤᠨ ᠬᠤᠲᠠ︾ ᠶᠢᠨ ᠪᠠᠶᠢᠭᠤᠯᠤᠯᠲᠠ ᠳᠤ ᠡᠵᠡᠨ᠎ᠡ ᠶᠢᠨ ᠬᠥᠮᠦᠨ | ᠪᠣᠯᠭᠠᠨ ᠢ ᠣᠷᠣᠯᠴᠠᠭᠤᠯᠵᠤ᠂ ᠬᠠᠮᠲᠤ ᠪᠠᠷ ᠪᠦᠲᠦᠭᠡᠨ ᠪᠠᠶᠢᠭᠤᠯᠵᠤ ᠬᠤᠲᠠ ᠶᠢᠨ ᠬᠥᠮᠦᠯᠢᠭ ᠬᠠᠮᠢᠶᠠᠷᠤᠯᠲᠠ ᠶᠢ | ᠬᠠᠮᠲᠤ ᠪᠠᠷ ᠡᠳ᠋ᠯᠡᠨ᠎ᠡ᠃ ᠠᠵᠢᠯ ᠦᠢᠯᠡᠰ ᠤᠨ ᠵᠥᠪᠯᠡᠯ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠳᠠᠯ | ᠠᠬᠤᠢ ᠶᠢᠨ ᠤᠯᠠᠨ ᠡᠰᠢᠵᠢᠭᠰᠡᠨ ᠵᠥᠪᠳᠡᠯᠴᠡᠨ ᠬᠠᠮᠲᠤᠪᠠᠷ ᠵᠠᠰᠠᠬᠤ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠰᠡᠷᠡᠮᠵᠢᠯᠡᠭᠦᠯᠬᠦ ᠪᠠ ᠬᠥᠳᠡᠯᠦᠩᠭᠦᠶ ᠪᠠᠷ ᠬᠠᠪᠰᠤᠷᠤᠨ ᠲᠡᠳᠬᠦᠬᠦ | ᠲᠣᠭᠲᠠᠴᠠ ᠶᠢ ᠪᠦᠷᠢᠨᠰᠢᠭᠦᠯᠵᠦ᠂ ᠠᠮᠠᠷᠬᠠᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠡᠷᠲᠡᠬᠡᠨ | ᠮᠠᠭᠠᠳᠯᠠᠨ ᠰᠢᠢᠳᠪᠦᠷᠢᠯᠡᠵᠦ᠂ ᠬᠠᠮᠤᠷᠬᠤ ᠶᠤᠰᠤᠲᠠᠢ ᠪᠦᠬᠦᠨ ᠢ ᠬᠠᠮᠤᠷᠴᠤ᠂ ᠳᠡᠳᠬᠦᠬᠦ ᠶᠤᠰᠤᠲᠠᠢ ᠪᠦᠬᠦᠨ ᠢ | ᠲᠡᠳᠬᠦᠨ᠎ᠡ᠃ ᠭᠠᠴᠠᠭᠠᠨ ᠤ ᠬᠥᠭᠵᠢᠯᠲᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠬᠢᠷᠢ ᠲᠦᠪᠰᠢᠨ ᠢ | ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠨ ᠮᠠᠯ ᠤᠨ ᠤᠤᠭᠤᠬᠤ ᠤᠰᠤᠨ ᠤ | ᠠᠮᠤᠷ ᠲᠦᠪᠰᠢᠨ᠂ ᠵᠠᠮ ᠬᠠᠷᠢᠯᠴᠠᠭ᠎ᠠ᠂ ᠴᠠᠬᠢᠯᠭᠠᠨ ᠬᠠᠩᠭᠠᠯᠭ᠎ᠠ᠂ ᠲᠣᠤᠷ ᠰᠦᠯᠵᠢᠶ᠎ᠡ ᠵᠡᠷᠭᠡ ᠭᠤᠤᠯᠳᠠᠯᠭ᠎ᠠ ᠲᠠᠢ | ᠴᠠᠷ᠎ᠠ ᠬᠦᠷᠢᠶᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ | ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ | ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠳᠥᠷᠢ ᠳᠥᠷᠬᠦ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠤ ᠦᠢᠯᠡᠰ ᠤᠨ ᠲᠦᠷᠦᠯ ᠵᠦᠢᠯ ᠢ ᠬᠥᠭᠵᠢᠭᠦᠯᠵᠦ᠂ ᠠᠵᠤ ᠦᠢᠯᠡᠰ ᠤᠨ ᠲᠦᠷᠦᠯ ᠵᠦᠢᠯ ᠤᠨ | ᠡᠵᠡᠯᠡᠬᠦ ᠬᠠᠷᠢᠴᠠᠯ ᠢ ᠬᠦᠴᠦᠯᠡᠨ ᠳᠡᠭᠡᠭᠰᠢᠯᠡᠭᠦᠯᠦᠨ᠎ᠡ᠃ ᠣᠯᠠᠨ ᠵᠦᠢᠯ ᠤᠨ ᠠᠷᠭ᠎ᠠ ᠪᠠᠷ ᠭᠠᠴᠠᠭᠠᠨ ᠤ ᠬᠠᠮᠲᠤ ᠶᠢᠨ | ᠠᠵᠤ ᠠᠬᠤᠶ ᠶᠢ ᠡᠷᠴᠢᠮᠵᠢᠭᠦᠯᠦᠨ ᠲᠡᠳᠬᠦᠵᠦ᠂ ᠬᠠᠮᠲᠤ ᠶᠢᠨ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ᠂ | ᠬᠢᠨᠠᠯᠲᠠ ᠪᠠ ᠠᠰᠢᠭ ᠣᠷᠣᠯᠭ᠎ᠠ ᠬᠤᠪᠢᠶᠠᠷᠢᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠰᠤᠮᠤ ᠪᠠᠯᠭᠠᠰᠤ᠂ ᠭᠠᠴᠠᠭᠠᠨ | ᠳᠣᠰᠬᠤᠨ ᠤ ᠬᠤᠭᠤᠷᠣᠨᠳᠣᠬᠢ ᠵᠠᠭᠠᠭ ᠬᠤᠪᠢᠶᠠᠷᠢᠯᠠᠯ ᠪᠠ ᠭᠠᠵᠠᠷ ᠣᠷᠣᠨ ᠤ ᠬᠢᠵᠠᠭᠠᠷᠯᠠᠯ ᠢ ᠰᠢᠪᠲᠤᠯᠵᠤ᠂ ︽ | ᠬᠠᠷᠢᠶ᠎ᠠ ᠭᠠᠵᠠᠷ ᠢ ᠰᠤᠨᠳᠠᠯᠠᠭᠰᠠᠨ ᠠᠵᠤ ᠠᠬᠤᠢ︾ ᠶᠢ ᠬᠦᠭᠵᠢᠭᠦᠯᠵᠦ᠂ ᠰᠤᠯᠠ ᠲᠠᠷᠠᠬᠠᠢ ᠪᠠᠯᠠ ᠮᠥᠩᠭᠦ᠂ ᠡᠬᠢ | ᠪᠠᠶᠠᠯᠢᠭ ᠢ ᠠᠮᠢᠳᠤᠯᠢᠭᠵᠢᠭᠤᠯᠵᠤ᠂ ᠣᠯᠠᠨ ᠲᠠᠰ ᠳᠠᠪᠬᠤᠷᠭ᠎ᠠ᠂ ᠣᠯᠠᠨ ᠠᠷᠭ᠎ᠠ ᠵᠠᠮ᠂ ᠣᠯᠠᠨ ᠡᠯᠧᠮᠧᠨ᠋ᠲ ᠤᠨ | ᠬᠠᠮᠲᠤᠷᠠᠯᠴᠠᠭ᠎ᠠ ᠶᠢ ᠥᠷᠨᠢᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠨᠡᠮᠡᠭᠳᠡᠯ ᠬᠦᠴᠢᠷᠳᠡᠵᠦ ᠪᠠᠶᠢᠭ᠎ᠠ | ᠪᠠᠶᠢᠳᠠᠯ ᠢ ᠪᠦᠲᠦᠮᠵᠢᠲᠡᠶ ᠰᠢᠢᠳᠪᠦᠷᠢᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ | ᠪᠠᠬᠢᠵᠢᠭᠦᠯᠦᠨ᠎ᠡ᠃ | ᠭᠠᠳᠠᠭᠰᠢ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠥᠷᠭᠡᠳᠬᠡᠨ᠎ᠡ᠃ | ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠯᠢᠨ ᠾᠧ ᠠᠴᠠ ᠬᠠᠮᠢᠯ ᠬᠦᠷᠬᠦ ᠲᠡᠮᠦᠷ ᠵᠠᠮ ᠢ ᠬᠤᠣᠰ | ᠴᠢᠭᠯᠡᠯᠵᠢᠭᠦᠯᠬᠦ ᠵᠢᠴᠢ ᠴᠠᠬᠢᠯᠭᠠᠨᠵᠢᠭᠤᠯᠵᠤ ᠦᠭᠡᠷᠡᠴᠢᠯᠡᠬᠦ ᠪᠣᠯᠣᠨ ᠴᠡᠭᠡ — ᠰᠢᠪᠡᠭᠡ ᠬᠦᠷᠡᠩ ᠪᠣᠭᠤᠮᠲᠠ ᠬᠥᠷᠬᠦ | ᠬᠢᠯᠢ ᠠᠯᠤᠰᠯᠠᠭᠰᠠᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠳᠤ ᠰᠠᠶᠢᠲᠤᠷ ᠦᠢᠯᠡᠴᠢᠯᠡᠵᠦ᠂ G213 | ᠱᠤᠭᠤᠮ ᠤᠨ ᠳ᠋ᠦᠩ ᠹᠧᠩ ᠰᠠᠨᠰᠠᠷ ᠤᠨ ᠬᠤᠲᠠ ᠠᠴᠠ ᠠᠷᠪᠠᠨ ᠳᠥᠷᠪᠡᠳᠦᠭᠡᠷ ᠰᠠᠭᠤᠷᠢᠨ ᠭᠠᠵᠠᠷ ᠬᠦᠷᠬᠦ᠂ | G331 ᠱᠤᠭᠤᠮ ᠤᠨ ᠵᠠᠮ ᠤᠨ ᠬᠤᠳᠳᠤᠭ ᠠᠴᠠ ᠰᠠᠶᠢᠨ ᠤᠰᠤᠲᠤ ᠬᠤᠳᠳᠤᠭ ᠬᠥᠷᠬᠦ᠂ G627 | ᠱᠤᠭᠤᠮ ᠤᠨ ᠶᠠᠭᠠᠨ ᠠᠴᠠ ᠬᠦᠷᠡᠭᠴᠢ ᠭᠡᠭᠦᠦᠲᠦ ᠬᠥᠷᠬᠦ᠂ S228 ᠱᠤᠭᠤᠮ ᠤᠨ ᠠᠷᠪᠠᠨ ᠳᠥᠷᠪᠡᠳᠦᠭᠡᠷ | ᠰᠠᠭᠤᠷᠢᠨ ᠭᠠᠵᠠᠷ ᠠᠴᠠ ᠬᠤᠯᠤᠰᠤᠲᠤ ᠪᠤᠯᠠᠭ ᠬᠥᠷᠬᠦ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠠᠯᠬᠤᠮ | ᠳᠠᠷᠠᠭ᠎ᠠ ᠲᠠᠢ ᠠᠬᠢᠭᠤᠯᠵᠤ᠂ ᠴᠢᠩ ᠾᠧ ᠺᠸᠤ ᠠᠴᠠ ᠰᠠᠶᠢᠬᠠᠨ ᠵᠠᠪᠠᠢ ᠪᠤᠭᠤᠮᠲᠠ ᠬᠦᠷᠬᠦ ᠵᠠᠰᠠᠮᠠᠯ ᠵᠠᠮ ᠤᠨ | ᠠᠷᠠᠴᠢᠯᠠᠨ ᠬᠠᠮᠠᠭᠠᠯᠠᠯᠲᠠ᠂ ᠰᠠᠶᠢᠬᠠᠨᠲᠣᠣᠷᠠᠢ ᠠᠴᠠ ᠪᠠᠶᠠᠨᠪᠣᠭᠳᠠ ᠬᠦᠷᠬᠦ ᠵᠠᠰᠠᠮᠠᠯ ᠵᠠᠮ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠭᠡᠷᠡᠴᠢᠯᠡᠨ ᠵᠠᠰᠠᠬᠤ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ | ᠡᠵᠡᠨ᠎ᠡ ᠠᠴᠠ ᠵᠢᠦᠴᠢᠦᠸᠠᠨ ᠬᠦᠷᠬᠦ ᠲᠡᠮᠦᠷ ᠵᠠᠮ ᠤᠨ ᠳ᠋ᠦᠩ ᠹᠧᠩ ᠡᠮᠦᠨ᠎ᠡ ᠦᠷᠲᠡᠭᠡ ᠠᠴᠠ ᠡᠵᠡᠨ᠎ᠡ ᠬᠦᠷᠬᠦ | ᠬᠡᠰᠡᠭ᠂ ᠡᠵᠡᠨ᠎ᠡ ᠶᠢᠨ ᠨᠢᠰᠭᠡᠯ ᠤᠨ ᠲᠠᠯᠠᠪᠠᠢ ᠢ ᠲᠠᠰ ᠳᠡᠪᠰᠢᠭᠦᠯᠬᠦ ᠪᠠ ᠴᠡᠭᠡ ᠪᠣᠭᠤᠮᠲᠠ ᠶᠢᠨ ᠨᠢᠰᠬᠡᠯ ᠤᠨ | ᠲᠠᠯᠠᠪᠠᠢ ᠤᠨ ᠲᠥᠷᠥᠯ ᠵᠦᠢᠯ ᠤᠨ ᠴᠢᠬᠤᠯᠠ ᠶᠡᠭᠡ ᠠᠬᠢᠴᠠ ᠢ ᠣᠯᠬᠤ ᠪᠠᠷ ᠴᠢᠷᠮᠠᠶᠢᠵᠤ᠂ ᠳᠣᠲᠣᠭᠠᠳᠤ ᠳᠤ ᠪᠠᠨ | ᠳᠦᠬᠦᠮ᠂ ᠭᠠᠳᠠᠭᠰᠢ ᠪᠠᠨ ᠰᠢᠯᠤᠭᠤᠨ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠤᠭᠲᠠᠯᠴᠠᠭ᠎ᠠ ᠶᠢ ᠪᠦᠬᠦ ᠬᠦᠴᠦᠨ ᠢᠶᠠᠷ ᠪᠣᠶᠢᠵᠢᠭᠤᠯᠤᠨ᠎ᠠ᠃ | ︵ᠲᠠᠪᠤ︶ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠪᠦᠬᠦ | ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢ ᠪᠦᠬᠦ ᠲᠠᠯ᠎ᠠ ᠪᠠᠷ ᠠᠳᠬᠤᠨ᠎ᠠ᠃ ᠠᠵᠢᠯ ᠣᠯᠭᠤᠯᠲᠠ ᠶᠢ ᠲᠡᠷᠢᠭᠦᠨ ᠪᠠᠶᠢᠷᠢᠨ ᠳᠤ | ᠲᠠᠯᠪᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠶᠠᠳᠠᠭᠤ ᠠᠴᠠ | ᠠᠩᠭᠢᠵᠢᠷᠠᠭᠰᠠᠨ ᠡᠷᠦᠬᠡ᠂ ︽ᠠᠵᠢᠯ ᠣᠯᠤᠭᠰᠠᠨ ᠬᠥᠮᠦᠨ ᠥᠬᠡᠶ︾ ᠬᠡᠷ ᠪᠦᠯᠢ ᠵᠡᠷᠭᠡ ᠣᠨᠴᠠᠭᠠᠶ ᠬᠥᠮᠦᠰ ᠲᠤ | ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠬᠤ ᠶᠢ | ᠪᠠᠲᠤᠯᠠᠵᠤ᠂ ᠨᠠᠩ ᠣᠯᠠᠨ ᠬᠥᠳᠡᠯᠮᠦᠷᠢᠴᠢᠨ ᠳᠤ ᠠᠵᠢᠯ ᠦᠢᠯᠡᠰ ᠣᠯᠭᠤᠵᠤ᠂ ᠬᠦᠰᠡᠯ ᠡᠷᠡᠮᠡᠯᠵᠡᠯ ᠦᠭᠭᠦᠨ᠎ᠡ᠃ ︽ | ᠴᠠᠯᠢᠩ ᠦᠷᠢᠲᠦᠬᠦ ᠶᠢ ᠠᠷᠢᠯᠭᠠᠬᠤ︾ ᠠᠴᠠ ︽ᠴᠠᠯᠢᠩ ᠦᠷᠢᠲᠦᠬᠦ ᠶᠢ ᠰᠡᠷᠭᠡᠶᠢᠯᠡᠬᠦ︾ ᠪᠠᠷ ᠬᠥᠳᠡᠯᠮᠦᠷᠢ ᠶᠢᠨ ᠡᠷᠬᠡ | ᠠᠰᠢᠭ ᠤᠨ ᠪᠠᠲᠤᠯᠠᠭ᠎ᠠ ᠶᠢᠨ ᠭᠤᠤᠯᠳᠠᠯᠭ᠎ᠠ ᠶᠢ ᠬᠤᠪᠢᠷᠠᠭᠤᠯᠵᠤ᠂ ᠬᠥᠳᠡᠯᠮᠦᠷᠢᠴᠢᠳ ᠢ ᠰᠠᠨᠠᠭ᠎ᠠ ᠠᠮᠤᠷ | ᠠᠵᠢᠯᠯᠠᠭᠤᠯᠵᠤ᠂ ᠴᠠᠯᠢᠩ ᠬᠥᠯᠥᠰᠥ ᠶᠢ ᠨᠢ ᠣᠯᠭᠤᠨ᠎ᠠ᠃ ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ | ᠡᠮᠴᠢᠯᠡᠭᠡ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ | ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ | ᠠᠬᠢᠭᠤᠯᠵᠤ᠂ ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ᠂ ᠵᠡᠮᠳᠡᠭᠴᠦᠳ ᠤᠨ ᠦᠢᠯᠡᠴᠢᠯᠡᠭᠡ | ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠡᠷᠦᠬᠡ᠂ ᠥᠨᠥᠴᠢᠨ ᠬᠡᠤᠬᠡᠳ ᠵᠡᠷᠭᠡ ᠳᠤ ᠳᠡᠮᠵᠢᠬᠦ | ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠯᠠᠪᠳᠠᠭᠤᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠨᠠᠩ | ᠰᠠᠶᠢᠲᠤᠷ ᠪᠠᠲᠤᠯᠠᠨ᠎ᠠ᠃ | ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠬᠦ ᠶᠢ ᠲᠦᠷᠭᠡᠳᠬᠡᠨ᠎ᠡ᠃ ᠰᠤᠷᠭᠠᠨ | ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠶᠠᠳᠤᠭᠠᠷ ᠪᠠᠭ᠎ᠠ ᠰᠤᠷᠭᠠᠭᠤᠯᠢ ᠶᠢ 2024 | ᠣᠨ ᠤ ᠨᠠᠮᠤᠷ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠡᠯ᠎ᠡ ᠲᠥᠷᠥᠯ ᠤᠨ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠨᠥᠬᠦᠴᠡᠯ ᠢ ᠦᠨᠡᠨ ᠬᠦ ᠰᠠᠶᠢᠵᠢᠷᠠᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠶᠡᠬᠡᠪᠡᠷ ᠲᠦᠭᠡᠮᠡᠯᠵᠢᠭᠦᠯᠦᠨ ᠬᠡᠷᠡᠭᠯᠡᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠ ᠠᠵᠢᠯ | ᠮᠡᠷᠭᠡᠵᠢᠯ ᠤᠨ ᠶᠣᠰᠣ ᠰᠤᠷᠲᠠᠬᠤᠨ ᠤ ᠬᠥᠮᠦᠵᠢᠯ ᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠠᠵᠢᠯ ᠤᠨ | ᠪᠦᠲᠦᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ | ᠨᠢᠭᠦᠯᠡᠰᠦᠩᠭᠦᠶ ᠶᠢᠨ ᠢᠲᠡᠭᠡᠮᠵᠢ ᠶᠢᠨ ᠪᠡᠯᠡ ᠮᠥᠩᠭᠦ ᠶᠢ ᠰᠠᠶᠢᠲᠤᠷ ᠬᠠᠮᠢᠶᠠᠷᠤᠨ ᠬᠡᠷᠡᠭᠯᠡᠵᠦ᠂ ᠰᠢᠯᠢᠳᠡᠭ ᠪᠠᠭᠰᠢ ᠶᠢ | ᠤᠷᠢᠨ ᠠᠪᠴᠢᠷᠠᠬᠤ᠂ ᠪᠠᠭᠰᠢ᠂ ᠰᠤᠷᠭᠠᠭᠤᠯᠢ ᠶᠢᠨ ᠵᠠᠬᠢᠷᠤᠯ ᠤᠨ ᠡᠭᠡᠯᠵᠢᠯᠡᠨ ᠠᠵᠢᠯᠯᠠᠬᠤ ᠶᠢ ᠵᠣᠷᠢᠭᠵᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠪᠦᠲᠦᠮᠵᠢ ᠶᠢᠨ ᠴᠠᠯᠢᠩ ᠤᠨ ᠳᠦᠷᠢᠮ ᠢ ᠬᠡᠷᠡᠭᠵᠢᠭᠦᠯᠵᠦ᠂ | ᠪᠠᠭᠰᠢ ᠶᠢᠨ ᠠᠵᠢᠯ ᠬᠢᠵᠦ ᠦᠢᠯᠡᠰ ᠴᠣᠭᠴᠠᠯᠠᠬᠤ ᠢᠳᠡᠪᠬᠢᠵᠢᠯ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ | ᠬᠥᠭᠵᠢᠭᠡᠨ᠎ᠡ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ᠂ ᠳ᠋ᠦᠩ ᠹᠧᠩ | ᠳᠤᠮᠳᠠᠳᠤ ᠰᠤᠷᠭᠠᠭᠤᠯᠢ ᠯᠤᠭ᠎ᠠ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠶ | ᠥᠷᠨᠢᠭᠦᠯᠵᠦ᠂ ᠬᠡᠦᠬᠡᠳ ᠤᠳ ᠲᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ | ᠡᠳ᠋ᠯᠡᠭᠦᠯᠬᠦ ᠪᠠᠷ ᠴᠢᠷᠮᠠᠶᠢᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ | ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠲᠤᠬᠠᠶᠢᠯᠠᠭᠰᠠᠨ ᠠᠵᠢᠯ ᠳᠤ | ᠬᠡᠷᠡᠭᠯᠡᠬᠦ ᠬᠡᠷ ᠪᠠᠶᠢᠰᠢᠩ ᠢ ᠥᠷᠭᠡᠳᠬᠡᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠲᠠ | ᠬᠠᠷᠢᠴᠠᠭᠠᠨ ᠤ ᠡᠮᠴᠢᠯᠡᠭᠡᠨ ᠤ ᠬᠠᠮᠲᠤ ᠶᠢᠨ ᠴᠣᠭᠴᠠ ᠪᠠ ᠲᠠᠪᠴᠠᠩ ᠡᠮᠨᠡᠯᠭᠡ᠂ ᠰᠦᠯᠵᠢᠶᠡᠨ ᠡᠮᠨᠡᠯᠭᠡ ᠶᠢᠨ | ᠪᠠᠶᠢᠭᠤᠯᠤᠯᠲᠠ ᠶᠢ ᠬᠦᠴᠦᠲᠡᠶ ᠠᠬᠢᠭᠤᠯᠵᠤ᠂ ᠡᠮᠴᠢᠯᠡᠭᠡᠨ ᠤ ᠬᠠᠪᠰᠤᠷᠤᠨ ᠲᠡᠳᠬᠦᠬᠦ ᠡᠮᠨᠡᠯᠭᠡ ᠶᠢᠨ ᠬᠤᠷᠢᠶ᠎ᠠ ᠶᠢ | ᠥᠷᠭᠡᠳᠬᠡᠨ᠂ ᠠᠯᠤᠰ ᠡᠵᠡᠮᠰᠢᠯᠲᠦ ᠣᠨᠣᠰᠢᠯᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠮᠴᠢᠯᠡᠭᠡᠨ ᠤ ᠠᠪᠤᠷᠠᠨ | ᠲᠤᠰᠠᠯᠠᠬᠤ ᠬᠠᠮᠲᠤᠷᠠᠯᠴᠠᠭᠠᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠳᠤ ᠨᠠᠩ | ᠳᠥᠭᠦᠮ ᠳᠥᠲᠡ ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠭᠡ ᠶᠢ ᠬᠦᠷᠲᠡᠭᠡᠨ᠎ᠡ᠃ ᠡᠷᠡᠭᠦᠯ ᠡᠩᠬᠡ ᠡᠵᠡᠨ᠎ᠡ ᠶᠢᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠡᠪᠡᠳᠴᠢᠨ ᠲᠠᠬᠤᠯ ᠢ ᠰᠡᠷᠭᠡᠶᠢᠯᠡᠨ | ᠡᠵᠡᠮᠳᠡᠬᠦ ᠪᠠ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠵᠤ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠤᠯᠤᠰ ᠤᠨ ᠡᠷᠡᠭᠦᠯ | ᠬᠠᠮᠠᠭᠠᠯᠠᠯ ᠤᠨ ᠰᠢᠶᠠᠨ ᠬᠤᠲᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠬᠤᠰᠢᠭᠤᠨ ᠤ | ᠢᠷᠠᠭᠤ ᠠᠯᠳᠠᠷ ᠢᠶᠠᠨ ᠰᠠᠶᠢᠲᠤᠷ ᠬᠠᠮᠠᠭᠠᠯᠠᠨ᠎ᠠ᠃ | ᠰᠣᠶᠣᠯ ᠲᠠᠮᠢᠷ ᠤᠨ ᠦᠢᠯᠡᠰ ᠤᠨ ᠥᠷᠨᠢᠩᠭᠦᠶ ᠬᠥᠭᠵᠢᠯᠲᠡ ᠶᠢ ᠠᠬᠢᠭᠤᠯᠤᠨ᠎ᠠ᠃ ᠴᠢᠬᠤᠯᠠ ᠶᠡᠭᠡ | ᠵᠠᠩᠭᠢᠯᠠᠭ᠎ᠠ ᠶᠢᠨ ᠴᠠᠭ ᠢ ᠠᠳᠬᠤᠵᠤ᠂ ᠤᠯᠠᠨ ᠬᠡᠯᠪᠡᠷᠢ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ | ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠪᠦᠲᠦᠮᠵᠢᠲᠡᠢ ᠥᠷᠨᠢᠭᠦᠯᠵᠦ᠂ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠦᠨᠢᠷ ᠦᠳᠬᠡᠨ ᠠᠬᠤᠢ ᠪᠠᠶᠢᠳᠠᠯ ᠢ ᠪᠦᠷᠢᠯᠳᠦᠭᠦᠯᠦᠨ᠎ᠡ᠃ | ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢ ᠲᠡᠮᠵᠢᠵᠦ᠂ ᠤᠯᠠᠨ ᠳᠤ ᠤᠢᠢᠷᠠᠳᠤᠭᠰᠠᠨ᠂ ᠳᠡᠯᠭᠡᠷᠡᠵᠦ | ᠲᠠᠭᠠᠰᠢᠶᠠᠭᠳᠠᠭᠰᠠᠨ᠂ ᠦᠯᠡᠳᠡᠭᠳᠡᠵᠦ ᠳᠡᠶᠢᠯᠬᠦ ᠨᠡᠩ ᠤᠯᠠᠨ ᠰᠢᠯᠢᠳᠡᠭ ᠪᠦᠲᠦᠭᠡᠯ ᠭᠠᠷᠭᠠᠬᠤ ᠶᠢ ᠵᠣᠷᠢᠭᠵᠢᠭᠤᠯᠤᠨ᠎ᠠ᠃ | ᠨᠡᠶᠢᠭᠡᠮ ᠵᠢᠷᠤᠮ ᠤᠨ ᠭᠤᠣᠯᠯᠠᠬᠤ ᠦᠷᠲᠡᠭ ᠤᠨ ᠦᠵᠡᠯᠲᠡ ᠶᠢ ᠢᠳᠡᠪᠬᠢᠲᠡᠢ ᠬᠦᠮᠦᠵᠢᠭᠦᠯᠦᠨ | ᠦᠢᠯᠡᠳᠦᠯᠭᠡᠵᠢᠭᠦᠯᠵᠦ᠂ ᠮᠠᠩᠬ᠎ᠠ᠂ ᠲᠤᠤᠷᠠᠢ᠂ ᠲᠡᠮᠡᠭᠡ᠂ ᠬᠠᠴᠢᠨ ᠴᠢᠯᠠᠭᠤ ᠵᠡᠷᠭᠡ ᠪᠠᠶᠢᠭᠠᠯᠢ ᠶᠢᠨ ᠠᠮᠢ ᠠᠬᠤᠢ ᠶᠢᠨ | ᠡᠬᠢ ᠪᠠᠶᠠᠯᠢᠭ ᠪᠣᠯᠤᠨ ᠵᠢᠦᠢ ᠶᠠᠨ ᠤ ᠪᠠᠭᠤᠷᠢ᠂ ᠲᠣᠷᠭᠤᠳᠴᠤᠳ ᠵᠡᠭᠦᠨᠰᠢ ᠪᠤᠴᠠᠭᠰᠠᠨ᠂ ︽ᠬᠤᠰᠢᠭᠤᠨ ᠤ | ᠲᠦᠪ ᠢᠶᠠᠨ ᠭᠤᠷᠪᠠᠨᠲᠠ ᠨᠡᠭᠦᠯᠭᠡᠭᠰᠡᠨ︾ ᠵᠡᠷᠭᠡ ᠲᠡᠤᠬᠡ ᠰᠤᠶᠤᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ | ᠡᠵᠡᠨ᠎ᠡ ᠶᠢᠨ ᠦᠯᠢᠭᠡᠷ ᠢ ᠰᠠᠶᠢᠲᠤᠷ ᠶᠠᠷᠢᠵᠤ᠂ ︽ᠤᠮᠠᠷᠠᠲᠤ ᠬᠢᠯᠢ ᠶᠢᠨ ᠰᠤᠶᠤᠯ— ᠠᠯᠠᠱᠠ᠂ ᠰᠠᠶᠢᠨ ᠤ ᠰᠤᠶᠤᠯ︾ | ᠨᠡᠷ᠎ᠡ ᠲᠡᠮᠳᠡᠭᠲᠦ ᠶᠢ ᠪᠠᠷᠢᠭᠳᠠᠮ᠎ᠠ ᠮᠡᠳᠡᠭᠳᠡᠮ᠎ᠡ ᠪᠦᠲᠦᠮᠵᠢᠲᠡᠢ ᠴᠣᠭᠴᠠᠯᠠᠨ᠎ᠠ᠃ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ ᠲᠣᠭᠠᠴᠢᠯᠠᠭᠰᠠᠨ ᠨᠣᠮ ᠤᠨ ᠰᠠᠩ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠲᠣᠣᠷᠠᠢ ᠶᠢᠨ ᠣᠢ ᠶᠢᠨ ᠰᠢᠷᠢᠰ ᠤᠷᠤᠯᠳᠤᠭᠠᠨ ᠤ | ᠠᠵᠢᠯᠯᠠᠭ᠎ᠠ ᠶᠢ ᠰᠢᠯᠢᠳᠡᠭᠵᠢᠭᠦᠯᠵᠦ᠂ ᠡᠯ᠎ᠡ ᠲᠥᠷᠥᠯ ᠤᠨ ᠰᠤᠶᠤᠯ ᠲᠠᠮᠢᠷ ᠤᠨ ᠬᠦᠳᠡᠯᠭᠡᠭᠡᠨ ᠪᠤᠯᠤᠨ ᠵᠢᠭᠤᠯᠴᠢᠯᠠᠯ ᠤᠨ | ᠦᠢᠯᠡᠰ ᠢ ᠬᠠᠮᠵᠢᠯᠴᠠᠨ ᠬᠦᠭᠵᠢᠭᠦᠯᠦᠨ᠎ᠡ᠃ | ᠲᠥᠯᠥᠭᠡᠯᠡᠭᠴᠢᠳ ᠡ᠂ ᠡᠨᠡ ᠵᠢᠯ ᠪᠢᠳᠡ ᠦᠷᠭᠦᠯᠵᠢᠯᠡᠨ ᠠᠷᠠᠳ ᠤᠨ ᠠᠮᠢᠳᠤᠷᠠᠯ ᠳᠤ ᠵᠣᠷᠢᠭᠤᠯᠤᠭᠰᠠᠨ | ᠪᠣᠳᠠᠲᠤ ᠶᠠᠪᠤᠳᠠᠯ ᠢ ︽ᠣᠯᠠᠨ ᠲᠦᠮᠡᠨ ᠳᠤᠷᠠᠳᠴᠤ᠂ ᠲᠥᠯᠥᠭᠡᠯᠡᠭᠴᠢ ᠲᠣᠭᠲᠠᠭᠠᠵᠤ᠂ ᠵᠠᠰᠠᠭ ᠤᠨ ᠣᠷᠳᠣᠨ | ᠭᠦᠢᠴᠡᠳᠬᠡᠬᠦ︾ ᠶᠣᠰᠣᠭᠠᠷ᠂ ᠠᠷᠪᠠᠨ ᠵᠦᠢᠯ ᠢ ᠵᠢᠱᠢᠨ ᠡᠮᠬᠢᠯᠡᠪᠡ᠄ ᠨᠢᠭᠡ ᠳᠤ ᠬᠢᠯᠢ ᠶᠢᠨ ᠡᠷᠦᠬᠡ ᠶᠢᠨ ᠬᠢᠵᠠᠭᠠᠷ | ᠰᠠᠬᠢᠬᠤ ᠦᠨᠳᠦᠰᠦᠨ ᠴᠢᠳᠠᠪᠬᠢ ᠶᠢ ᠳᠡᠭᠡᠭᠰᠢᠯᠡᠭᠦᠯᠬᠦ ᠲᠥᠷᠥᠯ ᠵᠦᠢᠯ︔ ᠬᠤᠶᠠᠷ ᠲᠤ ᠪᠥᠬᠦ ᠬᠤᠰᠢᠭᠤᠨ ᠤ | ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠪᠠ ᠰᠠᠭᠤᠭᠠᠯᠢ ᠠᠷᠠᠳ ᠤᠨ ᠡᠮ ᠡᠮᠨᠡᠯᠭᠡ ᠶᠢᠨ | ᠪᠠᠲᠤᠯᠠᠭ᠎ᠠ ᠶᠢᠨ ᠣᠯᠭᠤᠮᠵᠢ ᠶᠢ ᠳᠡᠭᠡᠭᠰᠢᠯᠡᠭᠦᠯᠬᠦ︔ ᠭᠤᠷᠪᠠ ᠳᠤ ᠬᠦᠴᠢᠷᠳᠡᠯᠲᠡᠢ ᠬᠥᠮᠥᠰ ᠤᠨ ᠨᠡᠶᠢᠭᠡᠮ ᠤᠨ | ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠬᠦᠯᠬᠦ︔ ᠳᠥᠷᠪᠡ ᠳᠤ ᠳᠤᠮᠳᠠᠳᠤ ᠪᠠᠭ᠎ᠠ ᠰᠤᠷᠭᠠᠭᠤᠯᠢ ᠶᠢᠨ | ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠵᠤ ᠳᠡᠭᠡᠭᠰᠢᠯᠡᠭᠦᠯᠬᠦ ᠲᠥᠷᠥᠯ ᠵᠦᠢᠯ︔ ᠲᠠᠪᠤ ᠳᠤ | ᠡᠮᠡᠭᠲᠡᠶᠢᠴᠦᠳ ᠪᠠ ᠨᠢᠯᠬᠠᠰ ᠤᠨ ᠡᠷᠡᠭᠦᠯ ᠮᠡᠨᠳᠦ ᠶᠢ ᠠᠬᠢᠭᠤᠯᠬᠤ ᠲᠥᠷᠥᠯ ᠵᠦᠢᠯ︔ ᠵᠢᠷᠭᠤᠭ᠎ᠠ ᠳᠤ ᠡᠵᠡᠨ᠎ᠡ | ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠳᠤ ᠲᠧᠯᠸᠢᠰ ᠳᠣᠬᠢᠶ᠎ᠠ ᠪᠣᠯᠣᠨ ᠰᠦᠯᠵᠢᠶᠡᠨ ᠳᠣᠬᠢᠶ᠎ᠠ ᠶᠢ | ᠪᠦᠷᠬᠦᠭᠦᠯᠬᠦ ᠢᠨᠵᠧᠨᠧᠷᠢᠩ ᠢ ᠬᠡᠷᠡᠭᠵᠢᠭᠦᠯᠬᠦ︔ ᠳᠤᠯᠤᠭ᠎ᠠ ᠳᠤ ᠣᠯᠠᠨ ᠨᠡᠶᠢᠲᠡ ᠶᠢᠨ ᠲᠡᠷᠭᠡᠨ ᠵᠣᠭᠰᠤᠭᠠᠯ ᠳᠤ ᠰᠢᠨ᠎ᠡ | ᠡᠨᠧᠷᠭᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠲᠦᠷᠦᠯ ᠵᠦᠢᠯ︔ ᠨᠠᠢᠮᠠ ᠳᠤ ᠪᠠᠲᠤᠯᠠᠭ᠎ᠠ ᠤᠨ ᠴᠢᠨᠠᠷᠲᠠᠢ | ᠣᠷᠣᠨ ᠰᠠᠭᠤᠴᠠ ᠳᠤ ᠰᠢᠲᠠᠮᠠᠬᠠᠢ ᠬᠡᠢ ᠶᠢ ᠣᠷᠣᠭᠤᠯᠬᠤ ᠲᠥᠷᠥᠯ ᠵᠦᠢᠯ︔ ᠶᠢᠰᠦ ᠳᠤ ᠡᠵᠡᠨ᠎ᠡ ᠬᠤᠰᠢᠭᠤᠨ ᠤ | ᠵᠠᠯᠠᠭᠤᠴᠣᠳ ᠪᠠᠭᠠᠴᠣᠳ ᠲᠤ ᠤᠮᠪᠠᠯᠲᠠ ᠶᠢ ᠲᠦᠭᠡᠮᠡᠯᠵᠢᠭᠦᠯᠬᠦ ᠲᠦᠷᠦᠯ ᠵᠦᠢᠯ︔ ᠠᠷᠪᠠ ᠳᠤ ᠬᠤᠲᠠ | ᠪᠠᠯᠭᠠᠰᠤ ᠳᠤ ᠡᠷᠦᠬᠡ ᠠᠮᠠ ᠣᠷᠣᠭᠤᠯᠬᠤ ᠶᠢ ᠬᠢᠵᠠᠭᠠᠷᠯᠠᠬᠤ ᠪᠠᠨ ᠪᠣᠯᠢᠵᠤ ᠪᠦᠬᠦ ᠲᠠᠯ᠎ᠠ ᠪᠠᠷ ᠴᠢᠯᠥᠭᠡᠲᠡᠶ ᠪᠣᠯᠭᠠᠬᠤ᠃ | ᠳᠡᠭᠡᠷᠡᠬᠢ ᠲᠦᠷᠦᠯ ᠵᠦᠢᠯ ᠤᠳ ᠤᠨ ᠠᠭᠤᠯᠭ᠎ᠠ ᠶᠢ ᠪᠠᠶᠢᠰᠬᠢᠭᠡᠳ ᠲᠣᠳᠤᠷᠬᠠᠶᠢᠯᠠᠯᠲᠠ ᠬᠢᠨ᠎ᠡ᠂ ᠲᠥᠯᠥᠭᠡᠯᠡᠭᠴᠢᠳ | ᠪᠢᠯᠧᠲ ᠢᠶᠠᠷ ᠰᠢᠢᠳᠪᠦᠷᠢ ᠭᠠᠷᠭᠠᠭᠠᠷᠠᠢ᠃ ᠪᠢᠳᠡ ᠪᠢᠯᠧᠲ ᠤᠨ ᠦᠷ᠎ᠡ ᠳ᠋ᠦᠩ ᠢ ᠦᠨᠳᠦᠰᠦᠯᠡᠨ᠂ ᠬᠠᠷᠠᠯᠲᠠ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠶᠢᠲᠤᠷ | ᠪᠣᠳᠠᠳᠠᠢ ᠪᠡᠶᠡᠯᠡᠭᠦᠯᠦᠨ᠎ᠡ᠃ | ︵ᠵᠢᠷᠭᠤᠭ᠎ᠠ︶ ᠭᠠᠳᠠᠷ ᠳᠣᠲᠣᠷ᠎ᠠ ᠶᠢ ᠵᠡᠷᠭᠡ ᠵᠠᠰᠠᠵᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ | ᠬᠥᠭᠵᠢᠯᠲᠡ ᠪᠠ ᠠᠮᠤᠷ ᠲᠦᠪᠰᠢᠨ ᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠨ᠎ᠡ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠦᠵᠡᠮᠵᠢ ᠶᠢ ᠬᠠᠮᠲᠤ ᠪᠠᠷ ᠵᠢᠷᠤᠭᠯᠠᠨ᠎ᠠ᠃ ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠢ ᠪᠠᠲᠤ ᠡᠵᠡᠮᠳᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠪᠠᠶᠢᠩᠭᠤᠵᠢᠭᠤᠯᠤᠨ | ᠥᠷᠨᠢᠭᠦᠯᠵᠦ᠂ ᠡᠨᠡ ᠬᠦ ᠭᠤᠣᠯ ᠱᠤᠭᠤᠮ ᠢ ᠦᠨᠡᠨ ᠬᠦ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ | ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠵᠤ᠂ ᠲᠦᠷᠦ ᠶᠢᠨ ᠪᠤᠳᠤᠯᠭ᠎ᠠ ᠶᠢᠨ ᠲᠥᠯᠥᠪᠵᠢᠭᠦᠯᠭᠡ ᠶᠢ ᠲᠣᠭᠲᠠᠭᠠᠬᠤ᠂ | ᠲᠦᠷᠦᠯ ᠵᠦᠢᠯ ᠤᠨ ᠪᠡᠯᠡ ᠮᠥᠩᠭᠦ ᠶᠢ ᠲᠤᠬᠢᠷᠠᠭᠤᠯᠬᠤ ᠵᠡᠷᠭᠡ ᠲᠠᠯ᠎ᠠ ᠪᠠᠷ ᠢᠮᠠᠭᠲᠠ ︽ᠭᠤᠣᠯ ᠱᠤᠭᠤᠮ︾ ᠤᠨ | ᠱᠠᠭᠠᠷᠳᠠᠯᠭ᠎ᠠ ᠶᠢ ᠢᠯᠡᠷᠡᠭᠦᠯᠦᠨ᠎ᠡ᠃ ᠦᠨᠳᠦᠰᠦᠲᠡᠨ ᠤ ᠪᠦᠯᠬᠦᠮᠳᠡᠯ᠂ ᠶᠡᠭᠡ ᠲᠠᠯ᠎ᠠ ᠶᠢ ᠬᠠᠷᠠᠭᠠᠯᠵᠠᠬᠤ᠂ ᠬᠠᠷᠠᠮ | ᠦᠭᠡᠢ ᠵᠣᠷᠢᠭᠤᠯᠬᠤ ᠨᠡᠶᠢᠲᠡᠯᠢᠭ ᠦᠢᠯᠡ ᠠᠵᠢᠯᠯᠠᠭ᠎ᠠ ᠶᠢ ᠭᠦᠨᠵᠡᠭᠡᠢ ᠠᠭᠤᠳᠠᠯᠤᠨ ᠤᠬᠠᠭᠤᠯᠵᠤ᠂ ᠳ᠋ᠦᠩ ᠹᠧᠩ | ᠰᠠᠨᠰᠠᠷ ᠤᠨ ᠬᠤᠳᠠ᠂ ︽ᠬᠠᠮᠤᠭ ᠰᠠᠶᠢᠨ ᠨᠤᠲᠤᠭ ᠪᠡᠯᠴᠢᠭᠡᠷ ᠢᠶᠠᠨ ᠰᠠᠨᠰᠠᠷ ᠤᠨ ᠦᠢᠯᠡᠰ ᠲᠤ ᠵᠣᠷᠢᠭᠤᠯᠤᠭᠰᠠᠨ︾ | ᠡᠵᠡᠨ᠎ᠡ ᠶᠢᠨ ᠦᠵᠡᠭᠦᠯᠦᠯᠭᠡ ᠶᠢᠨ ᠲᠢᠩᠬᠢᠮ ᠵᠡᠷᠭᠡ ᠬᠤᠪᠢᠰᠬᠠᠯᠲᠤ ᠬᠦᠮᠦᠵᠢᠯ ᠤᠨ ᠡᠬᠢ ᠪᠠᠶᠠᠯᠢᠭ ᠤᠨ ᠳᠠᠪᠠᠭᠤᠯᠢᠭ ᠢ | ᠪᠠᠳᠠᠷᠠᠭᠤᠯᠵᠤ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠰᠠᠨᠰᠠᠷ ᠠᠶᠠᠯᠠᠯ ᠤᠨ | ᠵᠣᠷᠢᠭ ᠰᠠᠨᠠᠭ᠎ᠠ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠭᠠᠵᠠᠷ︶ ᠵᠡᠷᠭᠡ ᠭᠤᠣᠯ ᠱᠤᠭᠤᠮ ᠢ ᠪᠠᠲᠤᠳᠬᠠᠬᠤ | ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠴᠣᠭᠴᠠᠯᠠᠵᠤ᠂ ᠨᠢᠭᠡ ᠪᠦᠯᠦᠭ ᠥᠪᠡᠷᠮᠢᠴᠡ ᠣᠨᠴᠠᠯᠢᠭ ᠲᠠᠢ | ᠪᠣᠯᠪᠠᠰᠤᠷᠠᠭᠤᠯᠤᠯ ᠢ ᠨᠡᠭᠡᠭᠡᠨ ᠬᠥᠭᠵᠢᠭᠦᠯᠵᠦ᠂ ᠦᠨᠳᠦᠰᠦᠲᠡᠨ ᠤ ᠪᠦᠯᠬᠦᠮᠳᠡᠯ᠂ ᠨᠤᠲᠤᠭ ᠤᠰᠤ ᠪᠠᠨ ᠰᠠᠬᠢᠨ | ᠬᠠᠮᠠᠭᠠᠯᠠᠭᠰᠠᠨ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠦᠢᠯᠡᠴᠢᠯᠡᠭᠰᠡᠨ᠂ ᠤᠮᠠᠷᠠᠲᠤ ᠬᠢᠯᠢ ᠪᠠᠨ ᠪᠦᠲᠦᠭᠡᠨ | ᠪᠠᠶᠢᠭᠤᠯᠤᠭᠰᠠᠨ ᠦᠯᠢᠭᠡᠷ ᠵᠢᠱᠢᠶ᠎ᠡ ᠶᠢ ᠰᠠᠶᠢᠲᠤᠷ ᠶᠠᠷᠢᠬᠤ ᠪᠠᠷ ᠳᠠᠮᠵᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ | ᠤᠯᠠᠨ ᠲᠦᠮᠡᠨ ᠤ ᠣᠶᠤᠨ ᠤᠬᠠᠮᠰᠠᠷ ᠢ ᠳᠡᠭᠡᠭᠰᠢᠯᠡᠭᠦᠯᠦᠨ ᠡᠷᠴᠢ ᠵᠣᠷᠢᠭ ᠢ ᠨᠢ ᠬᠥᠪᠴᠢᠯᠡᠨ᠎ᠡ᠃ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ | ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠨᠢᠭᠡ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠨᠢᠭᠡᠴᠡ ᠶᠢ ᠴᠢᠨᠠᠷ ᠰᠠᠶᠢᠲᠠᠶ ᠡᠭᠦᠳᠦᠨ ᠪᠠᠶᠢᠭᠤᠯᠵᠤ᠂ ︽ᠲᠤᠯᠤᠭᠠᠨ ᠲᠠᠯ᠎ᠠ ᠪᠠᠷ ᠵᠢᠱᠢᠶᠡᠴᠢ | ᠪᠣᠯᠬᠤ︾᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠳᠤ ᠡᠵᠡᠨ᠎ᠡ ᠶᠢᠨ ᠬᠦᠴᠦᠨ | ᠴᠢᠳᠠᠯ ᠢᠶᠠᠨ ᠡᠷᠭᠦᠨ᠎ᠡ᠃ | ᠠᠮᠤᠷ ᠲᠦᠪᠰᠢᠨ ᠬᠥᠭᠵᠢᠯᠲᠡ ᠶᠢ ᠪᠠᠲᠤᠲᠠᠢ ᠠᠳᠬᠤᠨ᠎ᠠ᠃ ︽ᠨᠢᠭᠡ ᠪᠦᠳᠦᠷᠢᠪᠡᠯ ᠪᠦᠬᠦᠨ ᠢ ᠠᠯᠳᠠᠬᠤ︾ | ᠰᠡᠷᠡᠮᠵᠢᠲᠦ ᠰᠡᠳᠬᠢᠬᠦᠢ ᠶᠢ ᠢᠮᠠᠭᠲᠠ ᠪᠠᠷᠢᠮᠲᠠᠯᠠᠵᠤ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠢ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠪᠦᠬᠦ ᠣᠷᠣᠨ ᠤ | ᠠᠶᠤᠯᠭᠦᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢᠨ ᠣᠨ ᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠲᠦᠷᠪᠡᠨ ᠲᠠᠯ᠎ᠠ︾ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠰᠢᠭᠰᠢᠨ | ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ | ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ | ᠪᠦᠬᠦ ᠲᠠᠯ᠎ᠠ ᠪᠠᠷ ᠪᠠᠲᠤᠳᠬᠠᠵᠤ᠂ ᠦᠨᠳᠦᠰᠦᠨ ᠠᠮᠦᠷ ᠲᠦᠪᠰᠢᠨ ᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ | ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠵᠠᠰᠠᠭ ᠤᠨ | ᠣᠷᠳᠣᠨ ᠤ ᠦᠯᠡᠳᠡᠭᠳᠡᠯ ᠥᠷᠢ ᠥᠭᠴᠡᠭᠡ ᠶᠢ ᠲᠣᠬᠢᠲᠠᠢ ᠰᠢᠢᠳᠪᠦᠷᠢᠯᠡᠨ᠎ᠡ᠃ ᠲᠠᠪᠤᠳᠤᠭᠠᠷ ᠤᠳᠠᠭᠠᠨ ᠤ ᠪᠥᠬᠦ | ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠴᠢᠨᠠᠷᠯᠢᠭ ᠪᠡᠶᠡᠯᠡᠭᠦᠯᠵᠦ᠂ ᠢᠳᠡᠭᠡᠨ ᠪᠠ ᠡᠮ ᠤᠨ | ᠵᠦᠢᠯᠡᠰ ᠤᠨ ᠪᠥᠬᠦ ᠬᠡᠯᠬᠢᠶ᠎ᠠ ᠪᠥᠬᠦ ᠦᠶᠡᠯᠡᠯ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠵᠢᠷᠤᠮᠵᠢᠭᠤᠯᠤᠨ᠂ ᠬᠡᠷᠡᠭᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ᠃ | ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠣᠢ ᠪᠣᠯᠭᠠᠵᠤ᠂ ᠦᠨᠳᠦᠰᠦᠨ ᠱᠠᠲᠤᠨ ᠤ | ᠲᠣᠣᠷᠴᠢᠯᠠᠭᠰᠠᠨ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠨᠡᠶᠢᠭᠡᠮ ᠤᠨ ᠠᠮᠤᠷ ᠲᠦᠪᠰᠢᠨ ᠢ ᠪᠦᠬᠦᠯᠢ | ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠱᠠᠯᠢᠭ ᠵᠠᠪᠬᠠᠶ᠂ ᠵᠣᠭᠤᠰ ᠨᠠᠭᠠᠳᠬᠤ᠂ ᠬᠤᠣᠷ | ᠲᠠᠲᠠᠬᠤ᠂ ᠴᠠᠬᠢᠯᠭᠠᠨ ᠬᠤᠯᠪᠣᠭ᠎ᠠ ᠲᠣᠣᠷ ᠰᠦᠯᠵᠢᠶ᠎ᠡ ᠪᠠᠷ ᠮᠡᠬᠡᠯᠡᠬᠦ ᠵᠡᠷᠭᠡ ᠶᠠᠯᠠᠲᠤ ᠠᠵᠢᠯᠯᠠᠭ᠎ᠠ ᠶᠢ ᠬᠠᠤᠯᠢ | ᠶᠣᠰᠣᠭᠠᠷ ᠵᠠᠰᠠᠵᠤ᠂ ᠨᠡᠩ ᠥᠨᠳᠥᠷ ᠬᠢᠷᠢ ᠲᠦᠪᠰᠢᠨ ᠪᠦᠬᠦᠢ ᠠᠮᠤᠷ ᠠᠮᠤᠭᠤᠯᠠᠩ ᠡᠵᠡᠨ᠎ᠡ ᠶᠢ ᠲᠦᠷᠭᠡᠳᠬᠡᠨ | ᠪᠠᠶᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠲᠡ ᠶᠢ ᠴᠢᠨᠠᠷᠵᠢᠭᠤᠯᠤᠨ | ᠦᠷᠭᠡᠳᠬᠡᠵᠦ᠂ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ | ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠬᠤᠯᠪᠣᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ | ᠵᠠᠬᠢᠳᠠᠯ ᠰᠤᠷᠪᠤᠯᠵᠢᠯᠠᠭ᠎ᠠ ᠶᠢᠨ ᠣᠷᠴᠢᠨ ᠠᠬᠤᠢ ᠶᠢ ᠦᠷᠭᠦᠯᠵᠢᠯᠡᠨ ᠰᠠᠶᠢᠵᠢᠷᠠᠭᠤᠯᠤᠨ᠎ᠠ᠃ ︽ᠬᠢᠯᠢ ᠶᠢᠨ ᠣᠶᠤᠨᠴᠢ | ᠬᠠᠮᠠᠭᠠᠯᠠᠯᠲᠠ︾ ᠶᠢ ᠶᠡᠬᠡᠪᠡᠷ ᠪᠦᠲᠦᠭᠡᠨ ᠪᠠᠶᠢᠭᠤᠯᠵᠤ᠂ ᠬᠢᠯᠢ ᠬᠢᠵᠠᠭᠠᠷ ᠣᠷᠣᠨ ᠤ ᠤᠰᠤ ᠴᠠᠬᠢᠯᠭᠠᠨ ᠵᠠᠮ | ᠬᠠᠷᠢᠯᠴᠠᠭ᠎ᠠ ᠴᠢᠮᠡᠭᠡ ᠨᠡᠪᠲᠡᠷᠡᠯᠭᠡ ᠵᠡᠷᠭᠡ ᠣᠯᠠᠨ ᠨᠡᠶᠢᠲᠡ ᠶᠢᠨ ᠰᠠᠭᠤᠷᠢ ᠲᠦᠬᠦᠭᠡᠷᠦᠮᠵᠢ ᠶᠢ ᠴᠡᠷᠢᠭ ᠠᠩᠭᠢ ᠪᠠ | ᠣᠷᠣᠨ ᠨᠤᠲᠤᠭ ᠲᠤ ᠨᠢᠭᠡ ᠴᠣᠭᠴᠠᠵᠢᠭᠤᠯᠵᠤ ᠪᠦᠲᠦᠭᠡᠨ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ᠎ᠡ᠃ | ᠣᠯᠠᠨ ᠢᠶᠠᠷ ᠢᠶᠠᠨ ᠰᠡᠷᠭᠡᠶᠢᠯᠡᠨ ᠵᠠᠰᠠᠬᠤ ᠡᠩᠨᠡᠭᠡ ᠶᠢ ᠪᠤᠵᠠᠭᠠᠶᠢᠷᠠᠭᠤᠯᠵᠤ᠂ ᠥᠨᠳᠥᠷ ᠪᠦᠲᠦᠮᠵᠢᠲᠡᠶ ᠪᠥᠭᠡᠳ | ᠤᠷᠤᠭᠰᠢᠲᠠᠶ ︽ᠨᠠᠮ ᠵᠠᠰᠠᠭ ᠴᠡᠷᠢᠭ ᠴᠠᠭᠳᠠᠭ᠎ᠠ ᠠᠵᠤ ᠠᠬᠤᠶᠢᠯᠠᠯ ᠠᠷᠠᠳ ᠲᠦᠮᠡᠨ︾ ᠬᠢᠯᠢ ᠬᠢᠵᠠᠭᠠᠷ ᠢᠶᠠᠨ ᠰᠠᠬᠢᠨ | ᠬᠠᠮᠠᠭᠠᠯᠠᠬᠤ ᠰᠢᠨ᠎ᠡ ᠬᠡᠯᠪᠡᠷᠢ ᠶᠢ ᠪᠤᠢ ᠪᠣᠯᠭᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ | ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠤᠨ ︽ᠠᠷᠤ ᠭᠡᠷ ᠤᠨ ᠭᠤᠷᠪᠠᠨ ᠠᠰᠠᠭᠤᠳᠠᠯ︾ | ᠪᠠ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠤᠶᠠᠷ ᠢ | ᠬᠦᠷᠢᠶᠡᠯᠡᠬᠦ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠠᠬᠢᠭᠤᠯᠵᠤ᠂ | ᠳᠣᠯᠤᠭ᠎ᠠ ᠤᠳᠠᠭ᠎ᠠ ᠳᠠᠷᠠᠭᠠᠯᠠᠨ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ︾ ᠂ ᠠᠷᠪᠠ | ᠤᠳᠠᠭ᠎ᠠ ᠳᠠᠷᠠᠭᠠᠯᠠᠨ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢᠨ | ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ | ᠬᠠᠯᠬᠠᠪᠴᠢ ᠶᠢ ᠪᠠᠲᠤ ᠪᠠᠬᠢ ᠴᠣᠭᠴᠠᠯᠠᠨ ᠪᠠᠶᠢᠭᠤᠯᠤᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠡ᠂ ᠰᠢᠨ᠎ᠡ ᠬᠠᠨᠳᠤᠰᠢ᠂ ᠰᠢᠨ᠎ᠡ ᠡᠭᠦᠷᠭᠡᠯᠡᠯ ᠤᠨ ᠡᠮᠦᠨ᠎ᠡ᠂ ᠪᠢᠳᠠ ᠤᠭ ᠰᠠᠨᠠᠭ᠎ᠠ ᠪᠠᠨ | ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ | ᠣᠷᠳᠣᠨ ᠢ ᠴᠢᠷᠮᠠᠶᠢᠨ ᠪᠠᠶᠢᠭᠤᠯᠤᠨ᠎ᠠ᠃ | ᠵᠠᠰᠠᠭ ᠢ ᠴᠢᠩᠭ᠎ᠠ ᠵᠠᠰᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠲᠡᠷᠢᠭᠦᠨ ᠪᠠᠶᠢᠷᠢᠨ ᠳᠤ | ᠲᠠᠯᠪᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠠᠶᠢᠭᠡᠮ | ᠵᠢᠷᠤᠮ ᠤᠨ ᠦᠵᠡᠯ ᠰᠠᠨᠠᠭ᠎ᠠ ᠪᠠᠷ ᠣᠶᠤᠨ ᠰᠡᠳᠬᠢᠯ ᠢᠶᠠᠨ ᠴᠣᠭᠴᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠲᠤᠭᠲᠠᠭᠠᠭᠰᠠᠨ︾ ᠰᠢᠢᠳᠪᠦᠷᠢᠲᠦ | ᠴᠢᠨᠠᠷᠲᠠᠢ ᠠᠴᠢ ᠬᠤᠯᠪᠤᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ | ᠤᠳᠤᠷᠢᠳᠬᠤ ᠡᠷᠬᠡ ᠪᠠ ᠢᠯᠡᠳᠬᠡᠬᠦ ᠡᠷᠬᠡ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ ᠪᠥᠬᠦ ᠶᠠᠪᠤᠴᠠ ᠳᠤ ᠲᠤᠤᠱᠯᠠᠭᠤᠯᠵᠤ᠂ | ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠲᠥᠪ ᠬᠤᠷᠢᠶᠠᠨ ᠤ | ᠦᠨᠳᠦᠰᠦᠨ ᠪᠣᠳᠣᠯᠭ᠎ᠠ ᠴᠢᠭᠯᠡᠯᠲᠡ ᠪᠣᠯᠤᠨ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ | ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠲᠦᠮᠵᠢᠲᠡᠢ | ᠨᠠᠶᠢᠳᠠᠪᠤᠷᠢᠵᠢᠭᠤᠯᠵᠤ᠂ ᠤᠯᠤᠰ ᠲᠥᠷᠥ ᠳᠡᠭᠡᠨ ᠰᠢᠳᠤᠷᠭᠤ ᠪᠠᠶᠢᠬᠤ ᠶᠢ ᠵᠠᠰᠠᠭ ᠤᠨ ᠣᠷᠳᠣᠨ ᠤ ᠳᠣᠪᠣᠶᠢᠮ᠎ᠠ | ᠰᠤᠷᠲᠠᠯ ᠪᠣᠯᠭᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠵᠤ᠂ ᠬᠥᠭᠵᠢᠯᠲᠡ ᠶᠢᠨ ᠳᠤᠮᠳᠠ ᠬᠠᠤᠯᠢ ᠪᠠᠷ ᠵᠠᠰᠠᠬᠤ ᠰᠡᠳᠬᠢᠬᠦᠢ ᠶᠢ | ᠪᠠᠷᠢᠮᠲᠠᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ | ᠬᠦᠴᠦᠯᠡᠨ ᠪᠠᠶᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ | ᠠᠵᠢᠯ ᠢᠶᠠᠨ ᠠᠬᠢᠭᠤᠯᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠤᠯᠢ ᠳᠤ ᠲᠣᠭᠲᠠᠭᠠᠭᠰᠠᠨ | ᠠᠯᠬᠤᠮ ᠳᠠᠷᠠᠭᠠᠯᠠᠯ ᠪᠠ ᠬᠡᠪᠴᠢᠶᠠᠨ ᠳᠤ ᠡᠷᠬᠡ ᠪᠠᠨ ᠬᠡᠷᠡᠭᠵᠢᠭᠦᠯᠵᠦ᠂ ᠰᠢᠨᠵᠢᠯᠡᠬᠦ ᠣᠬᠠᠭᠠᠨᠴᠢᠯᠠᠭᠰᠠᠨ ᠰᠢᠢᠳᠪᠦᠷᠢᠲᠦ | ᠪᠣᠳᠣᠯᠭ᠎ᠠ᠂ ᠬᠠᠤᠯᠢ ᠳᠤ ᠨᠡᠶᠢᠴᠡᠭᠰᠡᠨ ᠠᠯᠬᠤᠮ ᠳᠠᠷᠠᠭᠠᠯᠠᠯ ᠂ ᠢᠯᠡ ᠨᠡᠶᠢᠲᠡᠯᠡᠭᠰᠡᠨ ᠠᠯᠬᠤᠮ ᠶᠠᠪᠤᠴᠠ ᠲᠠᠢ | ᠪᠠᠶᠢᠬᠤ ᠶᠢ ᠡᠷᠡᠰ ᠪᠡᠶᠡᠯᠡᠭᠦᠯᠵᠦ᠂ ᠢᠯᠡ ᠲᠣᠳᠣᠷᠬᠠᠢ ᠪᠠᠷ ᠡᠷᠬᠡ ᠪᠠᠨ ᠬᠡᠷᠡᠭᠵᠢᠭᠦᠯᠦᠨ᠎ᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠵᠢᠴᠢ ᠨᠡᠶᠢᠭᠡᠮ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ᠂ ᠰᠠᠨᠠᠭᠤᠯᠭ᠎ᠠ ᠪᠣᠯᠤᠨ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠭᠦᠢᠴᠡᠳᠬᠡᠬᠦ ᠶᠠᠰᠤ ᠴᠢᠨᠠᠷ ᠪᠣᠯᠤᠨ ᠦᠷ᠎ᠡ | ᠪᠦᠲᠦᠮᠵᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ | ᠣᠷᠳᠣᠨ ᠤ ᠳᠣᠪᠣᠶᠢᠮ᠎ᠠ ᠣᠨᠴᠠᠯᠢᠭ ᠪᠣᠯᠭᠠᠨ᠎ᠠ᠃ | ᠪᠣᠳᠠᠲᠠᠢ ᠠᠵᠢᠯᠯᠠᠬᠤ ᠪᠠᠷ ᠵᠠᠰᠠᠭ ᠢᠶᠠᠨ ᠮᠠᠨᠳᠤᠭᠤᠯᠬᠤ ᠶᠢ ᠡᠷᠬᠢᠮᠯᠡᠨ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠨ᠎ᠡ᠃ ᠰᠤᠷᠲᠠᠯ ᠢᠶᠠᠨ ᠬᠤᠪᠢᠷᠠᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠮᠠᠭᠲᠠ ᠵᠠᠰᠠᠭ ᠤᠨ | ᠣᠷᠳᠣᠨ ᠤ ᠠᠵᠢᠯ ᠤᠨ ᠭᠤᠣᠯ ᠬᠥᠭ ᠠᠶᠠᠰ ᠪᠣᠯᠭᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ | ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠤᠨ᠂ ︽ᠭᠤᠷᠪᠠᠨ ᠣᠯᠠᠨ ᠭᠤᠷᠪᠠᠨ ᠴᠥᠭᠡᠨ | ᠭᠤᠷᠪᠠᠨ ᠤᠳᠠᠭᠠᠨ︾ ᠠᠰᠠᠭᠤᠳᠠᠯ ᠤᠨ ᠲᠤᠰᠬᠠᠢ ᠴᠡᠭᠴᠡᠯᠡᠯᠲᠡ ᠶᠢ ᠭᠦᠨᠵᠡᠭᠡᠢ ᠦᠷᠨᠢᠭᠦᠯᠵᠦ᠂ ᠠᠵᠢᠯ ᠤᠨ | ᠳᠤᠮᠳᠠᠬᠢ ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠬᠠᠷᠠᠯᠲᠠ᠂ ᠠᠰᠠᠭᠤᠳᠠᠯ ᠪᠠ ᠦᠷ᠎ᠡ ᠪᠦᠲᠦᠮᠵᠢ ᠶᠢᠨ ᠪᠣᠳᠠᠲᠠᠢ ᠳᠤ ᠰᠠᠭᠤᠷᠢᠯᠠᠬᠤ ᠪᠠᠨ ᠴᠢᠩᠭᠠᠳᠬᠠᠵᠤ᠂ | ᠪᠢᠲᠡᠭᠦᠮᠵᠢᠯᠡᠭᠰᠡᠨ ᠠᠵᠢᠯ ᠤᠨ ᠲᠣᠭᠲᠠᠴᠠ ᠶᠢ ᠡᠷᠡᠰ ᠨᠠᠶᠢᠳᠠᠪᠤᠷᠢᠵᠢᠭᠤᠯᠤᠨ᠂ ᠲᠥᠷᠥᠯ ᠵᠦᠢᠯᠴᠢᠯᠡᠨ ᠬᠠᠮᠢᠶᠠᠷᠬᠤ᠂ | ᠨᠠᠷᠢᠨ ᠲᠠᠩᠰᠠ ᠶᠢᠨ ᠬᠡᠯᠪᠡᠷᠢ ᠪᠠᠷ ᠲᠤᠰᠢᠶᠠᠨ ᠰᠢᠢᠳᠪᠦᠷᠢᠯᠡᠭᠦᠯᠬᠦ᠂ ᠵᠠᠩᠭᠢᠯᠠᠭ᠎ᠠ ᠶᠢᠨ ᠴᠡᠭ ᠪᠠᠷ ᠰᠢᠮᠳᠠᠭᠤᠯᠤᠨ | ᠪᠠᠶᠢᠴᠠᠭᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠬᠤᠷᠳᠤᠴᠠ ᠶᠢ ᠲᠦᠷᠭᠡᠰᠬᠡᠨ | ᠶᠠᠰᠤ ᠴᠢᠨᠠᠷ ᠢ ᠰᠠᠶᠢᠵᠢᠷᠠᠭᠤᠯᠵᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠣᠳᠠᠲᠠᠶ ᠠᠵᠢᠯᠯᠠᠵᠤ ᠬᠠᠷᠢᠭᠤᠴᠠᠯᠭ᠎ᠠ | ᠡᠭᠦᠷᠭᠡᠯᠡᠬᠦ ᠶᠢ ᠵᠠᠰᠠᠭ ᠤᠨ ᠣᠷᠳᠣᠨ ᠤ ᠳᠣᠪᠣᠶᠢᠮ᠎ᠠ ᠴᠢᠳᠠᠮᠵᠢ ᠪᠣᠯᠭᠠᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠢ ᠴᠢᠩᠭ᠎ᠠ ᠵᠢᠷᠤᠮᠯᠠᠵᠤ᠂ ᠲᠦᠪ ᠴᠢᠩᠭ᠎ᠠ ᠰᠤᠷᠲᠠᠯ ᠢ | ᠰᠡᠳᠬᠢᠯ ᠳᠡᠭᠡᠨ ᠬᠠᠳᠠᠩᠰᠢᠭᠤᠯᠤᠨ᠎ᠠ᠃ ᠲᠦᠪ ᠴᠢᠩᠭ᠎ᠠ ᠰᠤᠷᠲᠠᠯ ᠢᠶᠠᠷ ᠵᠠᠰᠠᠭ ᠤᠨ ᠣᠷᠳᠣᠨ ᠤ ᠰᠢᠰᠲ᠋ᠧᠮ ᠤᠨ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ︽ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ | ᠭᠤᠣᠯᠳᠠᠯᠭ᠎ᠠ ᠲᠠᠢ ᠴᠠᠷ᠎ᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠭᠦᠨᠵᠡᠭᠡᠶᠢᠷᠡᠭᠦᠯᠦᠨ᠎ᠡ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ | ︽ᠠᠯᠪᠠᠨ ᠤ ᠭᠤᠷᠪᠠᠨ︾ ᠵᠠᠷᠤᠳᠠᠯ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠷᠬᠡ ᠲᠤᠰᠢᠶᠠᠯ ᠢᠶᠠᠨ ᠬᠡᠷᠡᠭᠵᠢᠭᠦᠯᠬᠦ᠂ ᠠᠵᠢᠯ ᠢᠶᠠᠨ | ᠥᠷᠨᠢᠭᠦᠯᠬᠦ ᠶᠢ ᠳᠡᠮᠵᠢᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠣᠭᠲᠠᠭᠠᠯ ᠢ ᠴᠢᠩᠭ᠎ᠠ ᠰᠠᠬᠢᠵᠤ᠂ ︽ᠲᠦᠷᠪᠡᠨ | ᠰᠤᠷᠲᠠᠯ︾ ᠤᠨ ᠠᠰᠠᠭᠤᠳᠠᠯ ᠢ ᠶᠡᠬᠡᠪᠡᠷ ᠴᠡᠭᠴᠡᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ | ᠴᠡᠭᠡᠷᠯᠡᠵᠦ᠂ ᠠᠷᠢᠭᠤᠨ ᠴᠢᠬᠡᠴᠢ ᠤᠯᠤᠰ ᠲᠦᠷᠦ ᠶᠢᠨ ᠬᠡᠪ ᠴᠢᠨᠠᠷ ᠢᠶᠠᠨ ᠡᠭᠦᠷᠢᠳᠡ ᠪᠠᠲᠤᠯᠠᠵᠤ᠂ ᠴᠢᠩᠭ᠎ᠠ | ᠬᠠᠮᠢᠶᠠᠷᠴᠤ ᠬᠠᠯᠠᠮᠵᠢ ᠥᠭᠬᠦ ᠶᠢ ᠵᠠᠰᠠᠭ ᠤᠨ ᠣᠷᠳᠣᠨ ᠤ ᠳᠣᠪᠣᠶᠢᠮ᠎ᠠ ᠴᠢᠨᠠᠷ ᠪᠣᠯᠭᠠᠨ᠎ᠠ᠃ | ᠲᠥᠯᠥᠭᠡᠯᠡᠭᠴᠢᠳ ᠡ︕ ᠵᠢᠪᠬᠤᠭ᠎ᠠ ᠲᠡᠭᠦᠯᠳᠡᠷ ᠢᠶᠠᠷ ᠰᠢᠨ᠎ᠡ ᠠᠶᠠᠨ ᠳᠤ ᠮᠣᠷᠳᠠᠵᠤ᠂ ᠡᠷᠡᠰ ᠰᠢᠭᠤᠷᠬᠠᠢ ᠪᠠᠷ | ᠬᠦᠨᠳᠤ ᠬᠠᠷᠢᠭᠤᠴᠠᠯᠭ᠎ᠠ ᠪᠠᠨ ᠡᠭᠦᠷᠭᠡᠯᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠣᠨ ᠬᠤᠰᠢᠭᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ | ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠷᠡᠯᠭᠡᠭᠯᠡᠨ | ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ | ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠠᠵᠢᠯᠯᠠᠭ᠎ᠠ ᠪᠣᠯᠣᠨ ᠦᠷ᠎ᠡ ᠪᠦᠲᠦᠮᠵᠢ ᠪᠠᠷ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠡᠵᠡᠨ᠎ᠡ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠶ᠎ᠡ︕ | | | | | | | 【ᠨᠡᠷ᠎ᠡ ᠦᠭᠡ ᠶᠢᠨ ᠲᠠᠶᠢᠯᠪᠤᠷᠢ】 | 1. ᠲᠠᠪᠤᠨ ᠶᠡᠭᠡ ᠡᠭᠦᠷᠭᠡ᠄ ᠳᠠᠷᠤᠢ ᠥᠪᠥᠷ ᠮᠣᠩᠭᠤᠯ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ | ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠨ ᠪᠦᠲᠦᠭᠡᠨ | ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠴᠣᠭᠴᠠᠯᠠᠨ | ᠪᠠᠶᠢᠭᠤᠯᠤᠨ᠎ᠠ᠃ | 2. ︽ᠲᠠᠪᠤ ᠶᠢ ᠲᠦᠢᠯᠪᠤᠷᠢᠲᠠᠢ ᠪᠠᠶᠢᠴᠠᠭᠠᠬᠤ︾᠄ ᠲᠤᠬᠠᠶᠢᠯᠠᠪᠠᠯ ᠬᠢᠨᠠᠨ ᠵᠦᠪᠰᠢᠶᠡᠷᠡᠭᠦᠯᠬᠦ ᠪᠠᠷ ᠪᠠᠶᠢᠭ᠎ᠠ | ᠲᠥᠷᠥᠯ ᠵᠦᠢᠯ᠂ ︽ᠬᠠᠭᠠᠰ ᠳᠤᠲᠠᠭᠤ︾ ᠣᠷᠬᠢᠭᠰᠠᠨ ᠪᠠᠷᠢᠯᠭ᠎ᠠ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ | ᠰᠤᠯᠠ ᠪᠠᠶᠢᠭ᠎ᠠ ᠭᠠᠵᠠᠷ ᠰᠢᠷᠣᠢ᠂ ᠲᠤᠨᠤᠮᠠᠯ ᠪᠡᠯᠡ ᠮᠥᠩᠭᠦ᠂ ᠨᠡᠭᠡᠭᠡᠨ ᠬᠥᠭᠵᠢᠭᠦᠯᠬᠦ ᠣᠷᠣᠨ ᠤ ᠰᠤᠯᠠ ᠲᠠᠯᠪᠢᠭᠳᠠᠵᠤ | ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠵᠡᠷᠭᠡ ᠲᠠᠪᠤᠨ ᠵᠦᠢᠯ ᠢ ᠲᠦᠢᠯᠪᠦᠷᠢᠲᠡᠢ ᠪᠠᠶᠢᠴᠠᠭᠠᠬᠤ ᠶᠢ ᠵᠢᠭᠠᠵᠤ | ᠪᠠᠶᠢᠨ᠎ᠠ᠃ | 3. ᠳᠠᠪᠲᠠᠯᠲᠠ ᠶᠢ ᠵᠠᠰᠠᠵᠤ ᠳᠠᠷᠤᠭᠳᠠᠮᠠᠯ ᠢ ᠠᠷᠢᠯᠭᠠᠬᠤ᠄ ᠳᠠᠬᠢᠨ ᠳᠠᠪᠲᠠᠭᠳᠠᠭᠰᠠᠨ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠶᠢ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠰᠢᠢᠳᠪᠦᠷᠢᠯᠡᠨ ᠠᠷᠢᠯᠭᠠᠬᠤ ᠲᠤᠰᠬᠠᠶ ᠠᠵᠢᠯ ᠢ ᠵᠢᠭᠠᠵᠤ ᠪᠠᠶᠢᠨ᠎ᠠ᠃ | 4. ︽ᠭᠤᠷᠪᠠᠨ ᠣᠯᠠᠨ᠂ ᠭᠤᠷᠪᠠᠨ ᠴᠦᠭᠡᠨ᠂ ᠭᠤᠷᠪᠠᠨ ᠤᠳᠠᠭᠠᠨ︾᠄ ᠬᠤᠷᠠᠯ᠂ ᠬᠦᠳᠡᠯᠭᠡᠭᠡᠨ᠂ | ᠭᠠᠳᠠᠭᠰᠢ ᠭᠠᠷᠬᠤ ᠨᠢ ᠣᠯᠠᠨ︔ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠠᠵᠢᠯ ᠤᠨ ᠰᠡᠳᠬᠢᠴᠡ᠂ | ᠪᠣᠳᠠᠲᠠᠶ ᠠᠰᠠᠭᠤᠳᠠᠯ ᠢ ᠰᠢᠢᠳᠪᠦᠷᠢᠯᠡᠬᠦ ᠨᠢ ᠴᠥᠭᠡᠨ︔ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠠᠵᠢᠯ | ᠶᠠᠪᠤᠭᠳᠠᠭᠤᠯᠬᠤ᠂ ᠦᠷ᠎ᠡ ᠳ᠋ᠦᠩ ᠭᠠᠷᠭᠠᠬᠤ ᠨᠢ ᠤᠳᠠᠭᠠᠨ᠃ | 5. IP᠄ ᠤᠤᠯ ᠤᠳᠬ᠎ᠠ ᠨᠢ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ︾ ᠪᠤᠶᠤ ︽ | ᠣᠶᠤᠨ ᠤ ᠬᠥᠳᠡᠯᠮᠦᠷᠢ ᠶᠢᠨ ᠦᠷ᠎ᠡ ᠪᠦᠲᠦᠭᠡᠯ︾ ᠢ ᠵᠢᠭᠠᠵᠤ ᠪᠣᠢ᠂ ᠣᠳᠣ ᠪᠣᠯ ᠣᠨᠴᠠᠯᠢᠭᠲᠤ ᠨᠡᠷ᠎ᠡ ᠲᠡᠮᠳᠡᠭᠲᠦ ᠶᠢᠨ | ᠳᠦᠷᠢ ᠲᠥᠷᠬᠦ᠂ ᠪᠦᠲᠦᠭᠡᠭᠲᠡᠬᠦᠨ ᠪᠤᠶᠤ ᠦᠢᠯᠡᠴᠢᠯᠡᠭᠡ ᠵᠢᠴᠢ ᠲᠡᠭᠦᠨ ᠯᠦᠭᠡ ᠬᠤᠯᠪᠣᠭᠳᠠᠬᠤ ᠬᠤᠳᠠᠯᠳᠤᠭᠠᠨ ᠤ | ᠦᠨ᠎ᠡ ᠥᠷᠲᠡᠭ ᠪᠠ ᠨᠥᠯᠥᠭᠡᠯᠡᠬᠦ ᠬᠦᠴᠦᠨ ᠢ ᠵᠢᠭᠠᠵᠤ ᠪᠠᠶᠢᠨ᠎ᠠ᠃ | | |