ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ | ᠴᠤᠬᠢᠯᠲᠠ ᠥᠭᠴᠦ᠂ ᠰᠠᠶᠢᠨ ᠰᠠᠶᠢᠬᠠᠨ ᠵᠠᠮ ᠲᠡᠭᠡᠭᠡᠪᠦᠷᠢ ᠶᠢᠨ ᠣᠷᠴᠢᠨ ᠲᠣᠭᠤᠷᠢᠨ ᠢ ᠪᠤᠢ ᠪᠤᠯᠭᠠᠬᠤ ᠶᠢᠨ | ᠳᠣᠰᠠᠳᠠ᠂ ᠣᠶᠢᠷ᠎ᠠ ᠶᠢᠨ ᠡᠳᠦᠷ ᠤᠳ ᠲᠤ᠂ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠪᠣᠯᠣᠨ ᠵᠠᠮ | ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠬᠠᠮᠳᠤᠷᠠᠯᠴᠠᠨ ᠬᠠᠤᠯᠢ ᠶᠢ ᠵᠥᠷᠢᠴᠡᠨ | ᠬᠡᠮᠵᠢᠶ᠎ᠡ ᠠᠴᠠ ᠬᠡᠲᠦᠷᠡᠭᠦᠯᠦᠨ ᠠᠴᠢᠶᠠᠯᠠᠭᠰᠠᠨ ᠬᠡᠷᠡᠭ ᠲᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ | ᠡᠯ᠎ᠡ ᠲᠥᠷᠥᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠲᠡ ᠬᠡᠮ ᠢ ᠠᠷᠢᠯᠭᠠᠨ᠂ ᠬᠠᠷᠢᠶ᠎ᠠ ᠣᠷᠣᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠥᠷᠭᠦᠯᠵᠢᠬᠦᠶᠢᠴᠡ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠪᠠ᠃ | ᠤᠶᠢᠷ᠎ᠠ ᠶᠢᠨ ᠡᠳᠤᠷ᠂ G7 ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠮ ᠤᠨ ᠣᠯᠠᠨ ᠲᠦᠮᠡᠨ ᠤ | ᠲᠤᠰᠬᠠᠭᠰᠠᠨ ᠬᠠᠤᠯᠢ ᠶᠢ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ ᠠᠴᠢᠶᠠᠯᠠᠭᠰᠠᠨ ᠠᠰᠠᠭᠤᠳᠠᠯ ᠤᠨ ᠲᠣᠭᠤᠷᠢᠨ ᠳᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠶᠢᠨ ᠠᠷᠪᠠᠨ ᠬᠤᠶᠠᠳᠤᠭᠠᠷ ᠰᠠᠯᠪᠤᠷᠢ ᠠᠩᠭᠢ ᠶᠢᠨ | ᠪᠡᠭᠡᠵᠢᠩ ᠠᠴᠠ ᠰᠢᠨᠵᠢᠶᠠᠩ ᠬᠦᠷᠬᠦ ᠳᠦᠷᠬᠡᠨ ᠤ ᠵᠠᠮ ᠤᠨ ᠬᠤᠶᠠᠳᠤᠭᠠᠷ ᠬᠤᠯᠪᠣᠭᠠᠲᠤ ᠨᠠᠮ ᠤᠨ ᠡᠭᠦᠷ ᠨᠢ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ᠂ ᠰᠦᠢᠳᠬᠡᠯ ᠬᠤᠷᠢᠶᠠᠬᠤ ᠭᠠᠵᠠᠷ ᠵᠡᠷᠭᠡ ᠵᠠᠮ ᠬᠠᠷᠢᠯᠴᠠᠭᠠᠨ ᠳᠤ ᠬᠤᠯᠪᠣᠭᠳᠠᠯ ᠪᠦᠬᠦᠢ ᠨᠢᠭᠡᠴᠡ ᠲᠠᠢ | ᠬᠠᠮᠲᠤᠷᠠᠨ᠂ ᠣᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠬᠦ᠂ ᠣᠯᠠᠨ ᠲᠠᠯ᠎ᠠ ᠪᠠᠷ ᠬᠦᠴᠦᠯᠡᠬᠦ᠂ ᠣᠯᠠᠨ ᠲᠠᠯ᠎ᠠ ᠪᠠᠷ | ᠵᠡᠷᠭᠡ ᠪᠠᠷ ᠬᠠᠮᠢᠶᠠᠷᠬᠤ ᠠᠵᠢᠯ ᠤᠨ ᠠᠷᠭ᠎ᠠ ᠬᠡᠮᠵᠢᠶ᠎ᠠ ᠶᠢ ᠠᠪᠴᠤ᠂ ᠲᠤᠰᠬᠠᠢ ᠠᠵᠢᠯᠯᠠᠭ᠎ᠠ ᠶᠢ ᠪᠥᠬᠦ | ᠬᠦᠴᠦᠨ ᠢᠶᠠᠷ ᠢᠶᠠᠨ ᠥᠷᠨᠢᠭᠦᠯᠪᠡ᠃ | 3 ᠰᠠᠷ᠎ᠠ ᠶᠢᠨ 5 ᠤ ᠡᠳᠦᠷ ᠤᠨ ᠣᠷᠣᠢ᠂ ᠡᠵᠡᠨ᠎ᠡ ᠬᠤᠰᠢᠭᠤᠨ ᠤ ᠰᠦᠢᠳᠬᠡᠯ ᠬᠤᠷᠢᠶᠠᠬᠤ ᠥᠷᠲᠡᠭᠡ ᠳᠤ᠂ | ᠬᠠᠤᠯᠢ ᠶᠢ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ ᠠᠴᠢᠶᠠᠯᠠᠭᠰᠠᠨ 4 ᠲᠡᠭᠡᠭᠡᠪᠦᠷᠢ ᠶᠢᠨ ᠲᠡᠷᠭᠡ ᠶᠢ ᠪᠠᠶᠢᠴᠠᠭᠠᠨ | ᠭᠠᠷᠭᠠᠵᠤ᠂ 3 ᠰᠠᠷ᠎ᠠ ᠶᠢᠨ 6 ᠤ ᠡᠳᠦᠷ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠣᠭᠤᠷᠢᠨ ᠪᠠᠶᠢᠴᠠᠭᠠᠯᠲᠠ ᠳᠤ᠂ | ᠬᠠᠤᠯᠢ ᠶᠢ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ ᠠᠴᠢᠶᠠᠯᠠᠭᠰᠠᠨ 18 ᠲᠡᠭᠡᠭᠡᠪᠦᠷᠢ ᠶᠢᠨ ᠲᠡᠷᠭᠡ ᠶᠢ ᠪᠠᠶᠢᠴᠠᠭᠠᠨ | ᠭᠠᠷᠭᠠᠵᠠᠢ᠃ ᠬᠦᠨᠳᠦ ᠶᠢᠨ ᠬᠡᠮᠵᠢᠯᠲᠡ ᠪᠠᠷ ᠳᠡᠮᠵᠢᠨ᠂ ᠬᠡᠮᠵᠢᠶ᠎ᠡ ᠠᠴᠠ ᠬᠡᠲᠦᠷᠡᠭᠰᠡᠨ ᠨᠣᠷᠮ᠎ᠠ ᠨᠢ ᠴᠥᠮ | 100% ᠶᠢ ᠳᠠᠪᠠᠵᠤ᠂ 4 ᠲᠡᠷᠭᠡ ᠪᠠ ᠪᠠᠷᠠᠭᠠᠨ ᠤ ᠶᠡᠷᠦᠩᠬᠡᠢ ᠬᠦᠨᠳᠦ ᠨᠢ ᠴᠥᠮ ᠵᠠᠭᠤᠨ ᠲᠣᠨ ᠠᠴᠠ | ᠬᠡᠳᠦᠷᠡᠭᠰᠡᠨ ᠪᠠᠶᠢᠪᠠ᠃ ᠡᠨᠡ ᠨᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠦᠶᠯᠡ | ᠠᠵᠢᠯᠯᠠᠭ᠎ᠠ ᠳᠤ ᠪᠠᠭᠲᠠᠵᠤ᠂ ᠡᠲᠡᠭᠡᠷ ᠲᠡᠷᠭᠡ ᠤᠳ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ | ᠪᠣᠯᠣᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠨ ᠴᠢᠩᠭ᠎ᠠ ᠰᠢᠢᠳᠪᠦᠷᠢᠯᠡᠯᠲᠡ ᠳᠤ ᠣᠷᠣᠬᠤ | ᠪᠣᠯᠣᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠶᠢᠨ ᠠᠷᠪᠠᠨ ᠬᠤᠶᠠᠳᠤᠭᠠᠷ ᠰᠠᠯᠪᠤᠷᠢ | ᠠᠩᠭᠢ ᠶᠢᠨ ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠮ ᠤᠨ ᠬᠤᠶᠠᠳᠤᠭᠠᠷ ᠬᠤᠯᠪᠣᠭᠠᠲᠤ ᠨᠠᠮ ᠤᠨ | ᠡᠭᠦᠷ ᠤᠨ ᠬᠠᠤᠯᠢ ᠬᠡᠷᠡᠭᠵᠢᠭᠦᠯᠦᠭᠴᠢ ᠫᠠᠨ ᠯᠢ᠄ ︽ᠲᠡᠭᠦᠨ ᠢ ᠬᠠᠤᠯᠢ ᠶᠢ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ | ᠠᠴᠢᠶᠠᠯᠠᠭᠰᠠᠨ ᠢᠶᠠᠷ ᠠᠩᠬ᠎ᠠ ᠠᠯᠬᠤᠮ ᠮᠠᠭᠠᠳᠯᠠᠨ ᠲᠣᠭᠲᠠᠭᠠᠭᠰᠠᠨ ᠤ ᠵᠡᠷᠭᠡ ᠳᠤ ᠮᠠᠨ ᠤ ᠰᠠᠶ᠋ᠢ ᠶᠢᠨ ᠬᠠᠤᠯᠢ | ᠬᠡᠷᠡᠭᠵᠢᠭᠦᠯᠬᠦ ᠪᠠᠷ ᠳᠠᠮᠵᠢᠭᠤᠯᠤᠨ ᠡᠨᠡᠬᠦ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠵᠤ ᠪᠠᠶᠢᠬᠤ ᠶᠢ | ᠢᠯᠡᠷᠡᠬᠦᠯᠵᠡᠢ᠃ ᠡᠭᠦᠨ ᠤ ᠳᠠᠷᠠᠭ᠎ᠠ ᠪᠢᠳᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ | ᠵᠢᠷᠤᠮᠯᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠠᠯᠠᠷᠠᠭᠤᠯᠬᠤ ᠶᠢᠨ ᠵᠡᠷᠭᠡ ᠳᠤ ᠲᠡᠭᠦᠨ ᠢ | ᠬᠠᠤᠯᠢ ᠶᠣᠰᠣᠭᠠᠷ ᠬᠠᠤᠯᠢ ᠶᠣᠰᠣᠨ ᠤ ᠬᠡᠷᠡᠭᠴᠡᠭᠡᠨ ᠤ ᠪᠠᠶᠢᠳᠠᠯ ᠳᠤ ᠣᠷᠣᠭᠤᠯᠬᠤ ᠪᠣᠯᠣᠨ᠎ᠠ︾ ᠭᠡᠪᠡ᠃ | ︽ᠵᠠᠭᠤᠨ ᠲᠣᠨ ᠤ ᠸᠠᠩ︾ ᠭᠡᠳᠡᠭ ᠨᠢ ᠲᠡᠷᠭᠡ ᠪᠠ ᠪᠠᠷᠠᠭᠠᠨ ᠤ ᠶᠡᠷᠦᠩᠬᠡᠢ ᠬᠦᠨᠳᠦ ᠨᠢ 100 ᠲᠣᠨ ᠠᠴᠠ | ᠳᠡᠭᠡᠭᠰᠢᠬᠢ ᠬᠦᠨᠳᠦ ᠨᠣᠴᠢᠲᠠᠢ ᠬᠠᠤᠯᠢ ᠶᠢ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ ᠠᠴᠢᠶᠠᠯᠠᠭᠰᠠᠨ ᠪᠠᠷᠠᠭᠠᠨ ᠤ | ᠲᠡᠭᠡᠭᠡᠪᠦᠷᠢ ᠶᠢᠨ ᠲᠡᠷᠭᠡ ᠬᠥᠰᠬᠡ ᠶᠢ ᠵᠢᠭᠠᠵᠤ ᠪᠣᠶ᠃ ᠬᠦᠨᠳᠦ ᠨᠣᠴᠢᠲᠠᠢ ᠬᠠᠤᠯᠢ ᠶᠢ ᠵᠥᠷᠢᠴᠡᠨ ᠬᠡᠮᠵᠢᠶ᠎ᠡ ᠠᠴᠠ | ᠬᠡᠲᠦᠷᠡᠭᠦᠯᠦᠨ ᠠᠴᠢᠶᠠᠯᠠᠬᠤ ᠨᠢ ᠵᠠᠰᠠᠮᠠᠯ ᠵᠠᠮ ᠪᠣᠯᠣᠨ ᠬᠥᠭᠦᠷᠭᠡ ᠶᠢᠨ ᠠᠵᠢᠯᠯᠠᠭᠠᠨ ᠤ ᠠᠮᠤᠷ ᠲᠦᠪᠰᠢᠨ ᠢ ᠰᠢᠭᠤᠳ | ᠬᠤᠬᠢᠷᠠᠭᠤᠯᠬᠤ ᠪᠠᠷ ᠪᠠᠷᠠᠬᠤ ᠦᠭᠡᠢ ᠪᠠᠰᠠ ᠲᠡᠷᠭᠡᠨ ᠤ ᠲᠣᠷᠣᠮᠰᠤᠯᠠᠬᠤ ᠴᠢᠳᠠᠪᠬᠢ ᠶᠢ ᠬᠦᠨᠳᠦ ᠨᠣᠴᠢᠲᠠᠢ | ᠨᠥᠯᠥᠭᠡᠯᠡᠵᠦ᠂ ᠬᠠᠷᠠᠰᠠᠯᠲᠤ ᠵᠠᠮ ᠬᠠᠷᠢᠯᠴᠠᠭᠠᠨ ᠤ ᠠᠳᠡᠯ ᠢ ᠠᠮᠠᠷᠬᠠᠨ ᠡᠭᠦᠰᠬᠡᠳᠡᠭ᠃ ᠪᠠᠶᠢᠴᠠᠭᠠᠯᠳᠠ ᠳᠤᠮᠳᠠ | ᠢᠯᠡᠷᠡᠭᠦᠯᠦᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠨ | ᠬᠥᠮᠥᠵᠢᠭᠦᠯᠬᠦ ᠪᠠ ᠰᠢᠳᠬᠡᠨ ᠲᠣᠷᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠬᠠᠤᠯᠢ ᠠᠴᠠ | ᠵᠥᠷᠢᠴᠡᠭᠰᠡᠨ ᠬᠥᠮᠥᠰ ᠲᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠰᠠᠬᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠳᠡᠬᠦᠨ ᠤ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢᠨ ᠬᠤᠣᠷ ᠬᠥᠨᠥᠭᠡᠯᠳᠦ ᠴᠢᠨᠠᠷ ᠢ ᠵᠢᠭᠠᠵᠤ ᠭᠠᠷᠭᠠᠪᠠ᠃ | ᠬᠤᠰᠢᠭᠤᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ ᠶᠢᠨ ᠳᠠᠷᠤᠭ᠎ᠠ ᠲᠠᠩ ᠱᠦᠨ ᠲᠢᠶᠠᠨ᠄ ︽ᠲᠠᠷᠠᠭᠠᠴᠢ ᠶᠢᠨ ᠠᠯᠬᠤᠮ ᠳᠤ ᠡᠵᠡᠨ᠎ᠡ ᠶᠢᠨ ᠬᠠᠷᠢᠶ᠎ᠠ ᠣᠷᠣᠨ ᠳᠤ | ᠵᠠᠮ ᠤᠨ ᠴᠠᠭᠳᠠᠭ᠎ᠠ ᠶᠢᠨ ᠬᠠᠮᠲᠤᠷᠠᠭᠰᠠᠨ ᠠᠵᠢᠯ ᠤᠨ ᠲᠣᠭᠲᠠᠴᠠ ᠶᠢ ᠦᠷᠭᠦᠯᠵᠢᠯᠡᠨ ᠥᠷᠨᠢᠭᠦᠯᠵᠦ᠂ ᠵᠠᠮ ᠳᠡᠭᠡᠷᠡᠬᠢ | ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠬᠠᠤᠯᠢ ᠶᠢ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ ᠠᠴᠢᠶᠠᠯᠠᠬᠤ | ᠬᠦᠴᠦᠯᠡᠴᠠ ᠪᠠᠨ ᠤᠯᠠᠮ ᠴᠢᠩᠭᠠᠳᠬᠠᠵᠤ᠂ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠪᠠ ᠠᠷᠠᠳ ᠣᠯᠠᠨ ᠤ | ᠶᠠᠪᠤᠵᠤ ᠰᠠᠭᠤᠬᠤ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ︾ ᠭᠡᠪᠡ᠃ | ᠣᠶᠢᠯᠠᠭᠠᠭᠰᠠᠨ ᠢᠶᠠᠷ᠂ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠨᠡᠶᠢᠲᠡ 67 ᠬᠠᠤᠯᠢ ᠶᠢ | ᠵᠥᠷᠢᠴᠡᠭᠰᠡᠨ ᠲᠡᠷᠭᠡ ᠶᠢ ᠪᠠᠶᠢᠴᠠᠭᠠᠨ ᠰᠢᠢᠳᠪᠦᠷᠢᠯᠡᠪᠡ᠂ ᠡᠭᠦᠨ ᠳᠤ᠂ ︽ᠵᠠᠭᠤᠨ ᠲᠣᠨ ᠤ ᠸᠠᠩ︾ 14 ᠪᠠᠶᠢᠵᠤ᠂ | ᠲᠡᠷᠭᠡ ᠪᠠ ᠪᠠᠷᠠᠭᠠᠨ ᠤ ᠶᠡᠷᠦᠩᠬᠡᠢ ᠬᠦᠨᠳᠦ ᠨᠢ ᠳᠤᠮᠳᠠᠴᠢ ᠪᠠᠷ ᠴᠥᠮ 110 ᠲᠣᠨ ᠢ ᠳᠠᠪᠠᠵᠤ᠂ ᠪᠤᠰᠤᠳ ᠲᠡᠷᠭᠡ | ᠪᠠ ᠪᠠᠷᠠᠭᠠᠨ ᠤ ᠶᠡᠷᠦᠩᠬᠡᠢ ᠬᠦᠨᠳᠦ ᠨᠢ ᠳᠤᠮᠳᠠᠴᠢ ᠪᠠᠷ ᠴᠥᠮ 85 ᠲᠣᠨ ᠣᠷᠴᠢᠮ ᠪᠠᠶᠢᠵᠤ᠂ ᠦᠨᠳᠦᠰᠦᠨ ᠳᠡᠭᠡᠨ | ᠪᠣᠶ ᠪᠦᠬᠦᠢ ᠲᠡᠷᠭᠡ ᠴᠥᠮ ᠬᠠᠤᠯᠢ ᠪᠤᠰᠤ ᠪᠠᠷ ᠥᠭᠡᠷᠡᠴᠢᠯᠡᠨ ᠲᠣᠨᠣᠭᠯᠠᠭᠰᠠᠨ ᠪᠠᠶᠢᠳᠠᠯ ᠳᠤ ᠬᠤᠯᠪᠣᠭᠳᠠᠵᠤ ᠪᠤᠢ᠃ | ᠬᠠᠤᠯᠢ ᠶᠢ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ ᠠᠴᠢᠶᠠᠯᠠᠭᠰᠠᠨ ᠲᠡᠷᠭᠡ ᠬᠥᠰᠬᠡ ᠶᠢ ︽ᠵᠠᠰᠠᠮᠠᠯ ᠵᠠᠮ ᠤᠨ | ᠠᠶᠤᠯ ᠦᠭᠡᠢ ᠶᠢ ᠬᠠᠮᠠᠭᠠᠯᠠᠬᠤ ᠳᠦᠷᠢᠮ︾ ᠤᠨ ᠭᠤᠴᠢᠨ ᠭᠤᠷᠪᠠᠳᠤᠭᠠᠷ ᠵᠣᠶᠢᠯ ᠤᠨ ᠲᠤᠭᠳᠠᠭᠠᠯ ᠢ ᠦᠨᠳᠦᠰᠦᠯᠡᠨ | ᠪᠠᠶᠢᠴᠠᠭᠠᠨ ᠰᠢᠢᠳᠪᠦᠷᠢᠯᠡᠵᠦ᠂ ᠬᠠᠤᠯᠢ ᠠᠴᠠ ᠵᠥᠷᠢᠴᠡᠨ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠭᠰᠠᠨ ᠲᠡᠷᠭᠡ | ᠬᠥᠰᠬᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠳᠦᠷᠢᠮ︾ ᠤᠨ ᠵᠢᠷᠠ | ᠶᠢᠰᠦᠳᠦᠭᠡᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ ᠪᠠᠶᠢᠴᠠᠭᠠᠨ ᠰᠢᠢᠳᠪᠦᠷᠢᠯᠡᠬᠦ | ᠪᠣᠯᠣᠨ᠎ᠠ᠃ |