ᠮᠠᠨ ᠤ ᠬᠤᠰᠢᠭᠤ ︽ᠬᠤᠶᠠᠷ ᠥᠮᠡᠨ︾᠎ ᠢ ᠰᠡᠷᠭᠡᠶᠢᠯᠡᠬᠦ ᠡᠷᠡᠭᠦᠯ ᠮᠡᠨᠳᠦ ᠶᠢᠨ ᠮᠡᠳᠡᠯᠭᠡ᠂ ᠡᠮᠡᠭᠲᠡᠢ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠵᠢᠴᠢ ᠪᠠᠴᠢᠮ ᠪᠠᠶᠢᠳᠠᠯ ᠢ ᠠᠷᠭᠠᠴᠠᠬᠤ ᠲᠠᠶᠢᠯᠤᠮᠵᠢ ᠶᠢᠨ ᠬᠢᠴᠢᠶᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/3/12
    ︽3 · 8︾᠎ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 3 ᠰᠠᠷ᠎ᠠ ᠶᠢᠨ 7᠎ ᠤ ᠡᠳᠦᠷ᠂ ᠮᠠᠨ ᠤ ᠬᠤᠰᠢᠭᠤ ︽ᠬᠤᠶᠠᠷ ᠥᠮᠡᠨ︾᠎ ᠢ ᠰᠡᠷᠭᠡᠶᠢᠯᠡᠬᠦ ᠡᠷᠡᠭᠦᠯ ᠮᠡᠨᠳᠦ ᠶᠢᠨ ᠮᠡᠳᠡᠯᠭᠡ᠂ ᠡᠮᠡᠭᠲᠡᠢ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠵᠢᠴᠢ ᠪᠠᠴᠢᠮ ᠪᠠᠶᠢᠳᠠᠯ ᠢ ᠠᠷᠭᠠᠴᠠᠬᠤ ᠲᠠᠶᠢᠯᠤᠮᠵᠢ ᠶᠢᠨ ᠬᠢᠴᠢᠶᠠᠯ ᠶᠠᠪᠤᠭᠳᠠᠭᠤᠯᠪᠠ᠃      ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠥᠩᠭᠡᠵᠢᠭᠦᠯᠬᠦ ᠰᠠᠯᠠᠭᠠᠨ ᠤ ᠡᠷᠬᠢᠯᠡᠭᠴᠢ ᠼᠦᠢ ᠯᠢ ᠵᠢᠤᠸᠠᠨ᠂ ᠲᠤᠬᠠᠢ ᠶᠢᠨ ᠲᠠᠯᠠᠪᠤᠷ ᠲᠤ ᠪᠠᠶᠢᠭᠰᠠᠨ ᠡᠮᠡᠭᠲᠡᠢ ᠠᠵᠢᠯᠲᠠᠨ ᠠᠵᠢᠯᠴᠢᠨ ᠳᠤ ︽ᠬᠤᠶᠠᠷ ᠥᠮᠡᠨ︾᠎ ᠢ ᠰᠡᠷᠭᠡᠶᠢᠯᠡᠬᠦ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠠᠭᠤᠯᠭ᠎ᠠ ᠶᠢ ᠨᠠᠷᠢᠨ ᠪᠣᠳᠠᠳᠠᠢ ᠳᠠᠶᠢᠯᠪᠤᠷᠢᠯᠠᠨ ᠥᠭᠪᠡ᠃ ᠬᠤᠰᠢᠭᠤᠨ ᠤ ᠠᠯᠪᠠᠨ ᠭᠡᠷᠡᠴᠢᠯᠡᠭᠡᠨ ᠤ ᠭᠠᠵᠠᠷ ᠤᠨ ᠡᠷᠬᠢᠯᠡᠭᠴᠢ ᠶᠢᠨ ᠰᠢᠨ ᠪᠣᠯᠣᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠠᠶᠢᠴᠠᠭᠠᠬᠤ ᠬᠡᠯᠲᠡᠰ ᠤᠨ ᠪᠠᠶᠢᠴᠠᠭᠠᠭᠴᠢ ᠳᠠᠷᠤᠭ᠎ᠠ ᠶᠢᠨ ᠲᠤᠰᠠᠯᠠᠭᠴᠢ ᠲᠢᠶᠠᠨ ᠵᠢᠶᠠᠨ ᠬᠡᠷᠡᠭ ᠤᠨ ᠵᠢᠱᠢᠶ᠎ᠡ ᠪᠠᠷ ᠭᠤᠣᠯ ᠰᠢᠵᠢᠮ ᠪᠣᠯᠭᠠᠵᠤ᠂ ᠡᠮᠡᠭᠲᠡᠶᠢᠴᠦᠳ ᠤᠨ ᠡᠷᠬᠡ ᠠᠰᠢᠭ ᠤᠨ ᠬᠠᠮᠠᠭᠠᠯᠠᠯᠲᠠ᠂ ᠬᠥᠳᠡᠯᠮᠦᠷᠢ ᠶᠢᠨ ᠡᠷᠬᠡ ᠠᠰᠢᠭ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ᠂ ᠬᠠᠨᠳᠤᠯᠭᠠᠲᠤ ᠴᠢᠨᠠᠷᠲᠠᠢ ᠪᠠᠷ ᠲᠠᠶᠢᠯᠪᠤᠷᠢᠯᠠᠵᠠᠢ᠃ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠨ ᠠᠪᠤᠷᠠᠭᠴᠢ ᠠᠴᠠ ᠡᠮᠡᠭᠲᠡᠢ ᠠᠵᠢᠯᠲᠠᠨ ᠠᠵᠢᠯᠴᠢᠨ ᠳᠤ ᠵᠢᠷᠦᠬᠡ ᠠᠭᠤᠰᠬᠢᠨ ᠤ ᠰᠡᠷᠭᠦᠭᠡᠯᠲᠡ ᠵᠡᠷᠭᠡ ᠪᠠᠴᠢᠮ ᠪᠠᠶᠢᠳᠠᠯ ᠢ ᠠᠷᠭᠠᠴᠠᠨ ᠠᠪᠤᠷᠠᠬᠤ ᠮᠡᠳᠡᠯᠭᠡ ᠶᠢ ᠲᠦᠭᠡᠮᠡᠯᠵᠢᠭᠦᠯᠵᠦ᠂ ᠡᠮᠡᠭᠲᠡᠢ ᠠᠵᠢᠯᠲᠠᠨ ᠠᠵᠢᠯᠴᠢᠨ ᠤ ᠪᠠᠴᠢᠮ ᠠᠪᠤᠷᠠᠯᠳᠠ ᠶᠢᠨ ᠤᠬᠠᠮᠰᠠᠷ ᠢ ᠦᠨᠡᠨ ᠬᠦ ᠳᠡᠭᠡᠭᠰᠢᠯᠡᠬᠦᠯᠦᠨ᠂ ᠡᠮᠡᠭᠲᠡᠢ ᠠᠵᠢᠯᠲᠠᠨ ᠠᠵᠢᠯᠴᠢᠨ ᠤ ᠬᠡᠨᠡᠳᠲᠡ ᠶᠢᠨ ᠬᠤᠬᠢᠷᠠᠯ ᠪᠠ ᠭᠡᠨᠡᠳᠲᠡ ᠶᠢᠨ ᠭᠠᠢ ᠭᠠᠮᠰᠢᠭ ᠢ ᠠᠷᠭᠠᠴᠠᠬᠤ ᠳᠤ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃      ᠬᠤᠰᠢᠭᠤᠨ ᠤ ᠬᠠᠤᠯᠢ ᠴᠠᠭᠠᠵᠠ ᠶᠢᠨ ᠳᠣᠪᠴᠢᠶᠠᠨ ᠤ ᠬᠠᠤᠯᠢ ᠪᠠᠷ ᠵᠠᠰᠠᠬᠤ ᠪᠠᠶᠢᠴᠠᠭᠠᠨ ᠰᠤᠳᠤᠯᠤᠯᠲᠠ ᠬᠢᠭᠡᠳ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠳᠠᠷᠤᠭ᠎ᠠ ᠯᠢ ᠢ ᠰᠢᠤᠸᠠᠨ᠄ ︽ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠶᠢ ᠰᠣᠨᠣᠰᠴᠤ ᠪᠠᠷᠠᠭᠠᠳ ᠬᠤᠶᠠᠷ ᠥᠮᠡᠨ ᠤ ᠲᠤᠬᠠᠢ ᠲᠠᠨᠢᠯᠲᠠ ᠨᠡᠩ ᠳᠡᠭᠡᠭᠰᠢᠯᠡᠵᠦ᠂ ᠮᠠᠨ ᠤ ᠡᠮᠡᠭᠲᠡᠶᠢᠴᠦᠳ ᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠭᠦᠨᠵᠡᠭᠡᠢ ᠳᠠᠨᠢᠵᠤ ᠤᠶᠢᠯᠠᠭᠠᠨ᠂ ᠬᠤᠶᠠᠷ ᠥᠮᠡᠨ ᠢ ᠡᠮᠨᠡᠨ ᠵᠠᠰᠠᠬᠤ ᠶᠢᠨ ᠵᠠᠩᠭᠢᠯᠠᠭ᠎ᠠ ᠨᠢ ︿ᠡᠷᠲᠡ ᠢᠯᠡᠷᠡᠭᠦᠯᠵᠦ᠂ ᠡᠷᠲᠡ ᠣᠨᠣᠰᠢᠯᠠᠵᠤ᠂ ᠡᠷᠲᠡ ᠡᠮᠨᠡᠨ ᠵᠠᠰᠠᠬᠤ﹀᠎ ᠳᠤ ᠪᠠᠶᠢᠨ᠎ᠠ ᠭᠡᠳᠡᠭ ᠢ ᠦᠨᠡᠨ ᠬᠦ ᠲᠠᠨᠢᠵᠤ ᠣᠯᠣᠭᠰᠠᠨ ᠪᠠᠶᠢᠨ᠎ᠠ᠃ ᠡᠭᠦᠨ ᠤ ᠵᠡᠷᠭᠡᠴᠡᠭᠡᠪᠡᠷ ᠪᠠᠰᠠ ᠮᠠᠨ ᠤ ᠡᠮᠡᠭᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠠᠮᠢᠳᠤᠷᠠᠯ ᠳᠤᠮᠳᠠ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ        ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠠᠷᠭ᠎ᠠ ᠪᠠᠷᠢᠯ ᠢ ᠬᠡᠷᠡᠭᠯᠡᠨ ᠥᠪᠡᠷ ᠤᠨ ᠡᠷᠬᠡ ᠠᠰᠢᠭ ᠢᠶᠠᠨ ᠪᠠᠲᠤᠯᠠᠬᠤ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢ ᠬᠥᠭᠵᠢᠭᠡᠭᠰᠡᠨ ᠪᠠᠶᠢᠨ᠎ᠠ᠃ ᠬᠠᠮᠤᠭ ᠰᠡᠭᠦᠯ ᠳᠤ ᠪᠠᠰᠠ ᠪᠢᠳᠠᠨ ᠳᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ᠠᠪᠤᠷᠠᠨ ᠲᠤᠰᠠᠯᠠᠬᠤ ᠬᠠᠮᠢᠶᠠᠲᠠᠢ ᠮᠡᠳᠡᠯᠭᠡ ᠶᠢ ᠠᠬᠤᠢ ᠳᠠᠯᠠᠪᠠᠢ ᠳᠤ ᠵᠢᠭᠠᠨ ᠵᠢᠯᠣᠭᠤᠳᠴᠦ᠂ ᠮᠠᠰᠢ ᠶᠡᠭᠡ ᠠᠰᠢᠭ ᠲᠤᠰᠠ ᠬᠦᠷᠲᠡᠭᠰᠡᠨ ᠶᠤᠮ︾ ᠭᠡᠪᠡ᠃      ᠲᠣᠰ ᠤᠳᠠᠭᠠᠨ ᠤ ᠲᠠᠶᠢᠯᠤᠮᠵᠢ ᠶᠢ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠨᠠᠮ ᠤᠨ ᠬᠠᠮᠳᠤᠷᠠᠭᠰᠠᠨ ᠠᠵᠢᠯᠯᠠᠬᠤ ᠬᠤᠷᠢᠶ᠎ᠠ  ᠭᠤᠣᠯᠯᠠᠨ ᠡᠷᠬᠢᠯᠡᠵᠦ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠳᠠᠭᠠᠭᠠᠴᠢᠯᠠᠨ ᠡᠷᠭᠢᠯᠡᠵᠦ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠮᠵᠢᠯᠴᠠᠨ ᠡᠷᠬᠢᠯᠡᠵᠦ᠂ ᠨᠠᠶᠢᠳᠠ 120 ᠭᠠᠷᠤᠢ ᠡᠮᠡᠭᠲᠡᠢ ᠠᠵᠢᠯᠲᠠᠨ ᠮᠡᠳᠡᠯᠭᠡ ᠶᠢᠨ ᠲᠠᠶᠢᠯᠤᠮᠵᠢ ᠳᠤ ᠣᠷᠣᠯᠴᠠᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号