ᠮᠠᠨ ᠤ ᠬᠤᠰᠢᠭᠤ ︽ᠢᠰᠡᠭᠡᠢ ᠬᠠᠳᠬᠤᠮᠠᠯ᠂ ᠨᠣᠣᠰᠣᠨ ᠤᠷᠠᠯᠠᠯ᠂ ᠲᠡᠭᠡᠰᠤᠨ︾᠎ ᠤ ᠭᠠᠷ ᠤᠷᠠᠯᠠᠯ ᠤᠨ ᠪᠣᠯᠪᠠᠰᠤᠷᠠᠯ ᠵᠢᠴᠢ ᠤᠷᠤᠯᠳᠤᠭᠠᠨ ᠤ ᠳᠡᠯᠭᠡᠨ ᠦᠵᠡᠭᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/12
      3 ᠰᠠᠷ᠎ᠠ ᠶᠢᠨ 2 — 6᠎ ᠤ ᠡᠳᠤᠷ ᠪᠤᠯᠳᠠᠯ᠎ᠠ᠂ ᠮᠠᠨ ᠤ ᠬᠤᠰᠢᠭᠤ ︽ᠢᠰᠡᠭᠡᠢ ᠬᠠᠳᠬᠤᠮᠠᠯ᠂ ᠨᠣᠣᠰᠣᠨ ᠤᠷᠠᠯᠠᠯ᠂ ᠲᠡᠭᠡᠰᠤᠨ︾ ᠎ ᠤ ᠭᠠᠷ ᠤᠷᠠᠯᠠᠯ ᠤᠨ ᠪᠣᠯᠪᠠᠰᠤᠷᠠᠯ ᠵᠢᠴᠢ ᠤᠷᠤᠯᠳᠤᠭᠠᠨ ᠤ ᠳᠡᠯᠭᠡᠨ ᠦᠵᠡᠭᠦᠯᠭᠡ ᠶᠢᠨ ᠠᠵᠢᠯᠯᠠᠭ᠎ᠠ ᠦᠷᠨᠢᠬᠦᠯᠵᠤ᠂ ᠪᠥᠬᠦ ᠠᠶᠢᠮᠠᠭ ᠤᠨ 25 ᠤᠯᠠᠮᠵᠢᠯᠠᠭᠴᠢ ᠪᠠ 5 ᠲᠤᠰᠬᠠᠢ ᠠᠵᠢᠯᠲᠠᠨ ᠲᠣᠰ ᠠᠵᠢᠯᠯᠠᠭ᠎ᠠ ᠳᠤ ᠣᠷᠣᠯᠴᠠᠵᠠᠢ᠃      ᠠᠵᠢᠯᠯᠠᠭ᠎ᠠ ᠶᠢ ᠲᠤᠬᠠᠢ ᠶᠢᠨ ᠲᠠᠯᠠᠪᠤᠷ ᠤᠨ ᠪᠤᠯᠪᠠᠰᠤᠷᠠᠯ ᠵᠢᠴᠢ ᠤᠷᠤᠯᠳᠤᠭᠠᠨ ᠤ ᠦᠵᠡᠭᠦᠯᠭᠡ ᠶᠢᠨ ᠠᠷᠭ᠎ᠠ ᠮᠠᠶ᠋ᠢᠭ ᠢᠶᠠᠷ ᠦᠷᠨᠢᠬᠦᠯᠵᠤ᠂ 2—4᠎ ᠤ ᠡᠳᠦᠷ ᠪᠣᠯᠲᠠᠯ᠎ᠠ᠂ 2024 ᠣᠨ ᠤ ᠮᠠᠨ ᠤ ᠬᠤᠰᠢᠭᠤᠨ ᠤ ᠶᠢᠰᠦᠳᠦᠭᠡᠷ ᠬᠤᠭᠤᠴᠠᠭᠠᠨ ᠤ ᠪᠥᠬᠦ ᠠᠶᠢᠮᠠᠭ ᠤᠨ ︽ᠢᠰᠡᠭᠡᠢ ᠬᠠᠳᠬᠤᠮᠠᠯ᠂ ᠨᠣᠣᠰᠣᠨ ᠤᠷᠠᠯᠠᠯ᠂ ᠲᠡᠭᠡᠰᠤᠨ︾᠎ ᠤ ᠤᠷ᠎ᠠ ᠮᠡᠷᠭᠡᠵᠢᠯ ᠤᠨ ᠪᠣᠯᠪᠠᠰᠤᠷᠠᠯ ᠨᠢ ᠰᠠᠷᠠᠠᠭᠡᠷᠡᠯ ᠤᠨ ᠢᠰᠡᠭᠡᠢ ᠬᠠᠳᠬᠤᠮᠠᠯ ᠤᠨ ᠠᠵᠢᠯ ᠤᠨ ᠦᠷᠦᠭᠡ ᠳᠤ ᠶᠠᠪᠤᠭᠳᠠᠪᠠ᠃ ᠪᠤᠯᠪᠠᠰᠤᠷᠠᠯ ᠳᠤ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠯᠲᠠ ᠶᠢᠨ ᠦᠢᠯᠡᠳᠬᠡᠯ ᠤᠨ ᠢᠰᠡᠭᠡᠢ ᠬᠠᠳᠬᠤᠮᠠᠯ ᠤᠨ ᠲᠥᠷᠥᠯ ᠵᠦᠢᠯ ᠤᠨ ᠬᠠᠷᠢᠭᠤᠴᠠᠯᠭᠠᠲᠠᠨ᠂ ᠠᠶᠢᠮᠠᠭ ᠤᠨ ᠲᠠᠰ ᠤᠨ ᠲᠥᠷᠥᠯ ᠵᠦᠢᠯ ᠤᠨ ᠢᠰᠡᠭᠡᠢ ᠬᠠᠳᠬᠤᠮᠠᠯ ᠤᠨ ᠤᠯᠠᠮᠵᠢᠯᠠᠭᠴᠢ ᠰᠠᠷᠠᠠᠭᠡᠷᠡᠯ᠂ ᠰᠢᠯᠢ ᠶᠢᠨ ᠭᠤᠣᠯ ᠠᠶᠢᠮᠠᠭ ᠤᠨ ᠰᠥᠨᠢᠳ ᠵᠡᠭᠦᠨ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠰᠦᠨ ᠤ ᠭᠠᠷ ᠤᠷᠠᠯᠠᠯ ᠤᠨ ᠤᠯᠠᠮᠵᠢᠯᠠᠭᠴᠢ᠂ ᠠᠷᠠᠳ ᠤᠨ ᠭᠠᠷ ᠤᠷᠠᠯᠠᠯ ᠤᠨ ᠶᠡᠭᠡ ᠪᠠᠭᠰᠢ᠂ ᠬᠠᠮᠤᠭ ᠤᠨ ᠭᠤᠶᠣ ᠬᠠᠳᠬᠤᠮᠠᠯᠴᠢᠨ ᠵᠢᠪᠵᠢᠮ᠎ᠠ ᠪᠠᠷ ᠵᠢᠯᠤᠭᠤᠳᠤᠯᠭ᠎ᠠ ᠶᠢᠨ ᠪᠠᠭᠰᠢ ᠪᠤᠯᠭᠠᠪᠠ᠃ ᠪᠣᠯᠪᠠᠰᠤᠷᠠᠯ ᠳᠤ᠂ ᠪᠠᠭᠰᠢ ᠨᠠᠷ ᠥᠪᠡᠷ ᠤᠨ ᠬᠢᠭᠰᠡᠨ ᠭᠠᠷ ᠤᠷᠠᠯᠠᠯ ᠤᠨ ᠪᠦᠲᠦᠭᠡᠭᠳᠡᠬᠦᠨ ᠢᠶᠠᠨ ᠳᠡᠯᠭᠡᠨ ᠦᠵᠡᠭᠦᠯᠵᠦ᠂ ᠨᠠᠷᠢᠨ ᠨᠢᠮᠪᠠᠢ ᠵᠢᠭᠠᠨ ᠵᠢᠯᠤᠭᠤᠳᠤᠨ᠂ ᠤᠨᠤᠯ ᠢ ᠪᠣᠳᠠᠲᠠᠢ ᠲᠠᠢ ᠤᠶᠠᠯᠳᠤᠭᠤᠯᠬᠤ ᠵᠢᠭᠠᠨ ᠰᠤᠷᠭᠠᠯᠲᠠ ᠶᠢᠨ ᠵᠠᠭᠪᠤᠷ ᠢᠶᠠᠷ ᠲᠠᠮᠵᠢᠨ ᠰᠤᠷᠤᠯᠭᠠᠳᠠᠳ ᠳᠤ ᠢᠰᠡᠭᠡᠢ ᠬᠠᠳᠬᠤᠮᠠᠯ᠂ ᠳᠡᠭᠡᠰᠦᠨ ᠤᠷᠠᠯᠠᠯ ᠤᠨ ᠦᠨᠳᠦᠰᠦᠨ ᠤᠨᠤᠯ᠂ ᠥᠩᠭᠡ ᠪᠤᠳᠤᠭ ᠤᠨ ᠲᠣᠬᠢᠷᠠᠭᠤᠯᠤᠯᠲᠠ᠂ ᠤᠲᠠᠰᠤ ᠲᠠᠲᠠᠬᠤ ᠵᠢᠴᠢ ᠵᠢᠷᠤᠭ ᠲᠥᠯᠥᠪᠯᠡᠭᠡ ᠶᠢᠨ ᠪᠦᠲᠦᠭᠡᠯᠴᠢ ᠰᠡᠳᠬᠢᠮᠵᠢ ᠵᠡᠷᠭᠡ ᠤᠷ᠎ᠠ ᠮᠡᠷᠭᠡᠵᠢᠯ ᠢ ᠡᠵᠡᠮᠰᠢᠯᠡᠬᠦᠯᠵᠡᠢ᠃ ᠪᠤᠯᠪᠠᠰᠤᠷᠠᠯ ᠲᠡᠭᠦᠰᠦᠭᠰᠡᠨ ᠤ ᠲᠠᠷᠠᠭ᠎ᠠ᠂ ᠰᠤᠷᠤᠯᠭᠠᠳᠠᠳ ᠤᠨ ᠪᠦᠲᠦᠭᠡᠯ ᠢ ᠳᠡᠯᠭᠡᠨ ᠦᠨᠡᠯᠡᠬᠦ ᠶᠢᠨ ᠬᠠᠮᠲᠤ ᠰᠤᠷᠤᠯᠭ᠎ᠠ ᠲᠡᠭᠦᠰᠦᠭᠰᠡᠨ ᠦᠨᠡᠮᠯᠡᠯ ᠤᠯᠭᠤᠭᠰᠠᠨ ᠪᠠᠶᠢᠨ᠎ᠠ᠃      ᠠᠶᠢᠮᠠᠭ ᠤᠨ ᠲᠠᠰ ᠤᠨ ᠲᠥᠷᠥᠯ ᠵᠦᠢᠯ ᠤᠨ ᠢᠰᠡᠭᠡᠢ ᠬᠠᠳᠬᠤᠮᠠᠯ ᠤᠨ ᠤᠯᠠᠮᠵᠢᠯᠠᠭᠴᠢ              ᠰᠠᠷᠠᠠᠭᠡᠷᠡᠯ᠄ ︽ᠲᠣᠰ ᠤᠳᠠᠭᠠᠨ ᠤ ᠦᠵᠡᠭᠦᠯᠭᠡ ᠪᠤᠯᠤᠨ ᠤᠷᠤᠯᠳᠤᠭᠠᠨ᠂ ᠲᠡᠭᠡᠪᠡᠯ ᠪᠠᠰᠠ ᠰᠤᠯᠢᠯᠴᠠᠭᠠᠨ ᠤ ᠠᠵᠢᠯᠯᠭ᠎ᠠ ᠶᠢ ᠦᠷᠨᠢᠬᠦᠯᠦᠭᠰᠡᠨ ᠨᠢ ᠭᠤᠣᠯᠳᠠᠭᠤ ᠤᠯᠠᠮᠵᠢᠯᠠᠯ ᠢᠶᠠᠨ ᠦᠷᠬᠦᠯᠵᠢᠯᠡᠨ ᠤᠯᠠᠮᠵᠢᠯᠠᠵᠤ ᠶᠠᠪᠤᠬᠤ ᠶᠢᠨ ᠲᠥᠯᠥᠭᠡ ᠶᠤᠮ᠃ ᠡᠨᠡ ᠤᠳᠠᠭᠠᠨ ᠤ ᠪᠣᠯᠪᠠᠰᠤᠷᠠᠯ ᠳᠤ ᠢᠰᠡᠭᠡᠢ ᠬᠠᠳᠬᠤᠮᠠᠯ᠂ ᠳᠡᠭᠡᠰᠦ ᠪᠠ ᠨᠣᠣᠰᠣᠨ ᠤᠷᠠᠯᠠᠯ ᠡᠨᠡ ᠭᠤᠷᠪᠠᠨ ᠵᠦᠢᠯ ᠤᠨ ᠦᠵᠡᠭᠦᠯᠭᠡ ᠪᠠᠷ ᠶᠠᠪᠤᠭᠳᠠᠵᠤ᠂ ᠪᠢᠳᠡ ᠡᠭᠦᠨ ᠤ ᠲᠤᠳᠤᠷ᠎ᠠ ᠠᠴᠠ ᠰᠢᠯᠢᠳᠡᠭ ᠰᠠᠶᠢᠨ ᠢ ᠨᠢ ᠰᠣᠩᠭᠤᠨ ᠭᠠᠷᠭᠠᠵᠤ ᠬᠦᠬᠢᠬᠦᠯᠦᠨ ᠱᠠᠩᠨᠠᠭᠰᠠᠨ ᠪᠠᠶᠢᠨ᠎ᠠ︾ ᠭᠡᠪᠡ᠃       3 ᠰᠠᠷ᠎ᠠ ᠶᠢᠨ 5᠎ ᠤ ᠡᠳᠦᠷ᠂ ᠬᠤᠰᠢᠭᠤᠨ ᠤ ᠮᠦᠽᠧᠢ ᠳᠤ 2024 ᠡᠵᠡᠨ᠎ᠡ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠪᠦᠬᠦ ᠠᠶᠢᠮᠠᠭ ᠤᠨ ︽ᠢᠰᠡᠭᠡᠢ ᠬᠠᠳᠬᠤᠮᠠᠯ᠂ ᠨᠣᠣᠰᠣᠨ ᠤᠷᠠᠯᠠᠯ᠂ ᠲᠡᠭᠡᠰᠤᠨ︾᠎ ᠤ ᠭᠠᠷ ᠤᠷᠠᠯᠠᠯ ᠤᠨ ᠤᠷᠤᠯᠳᠤᠭᠠᠨ ᠢ ᠶᠠᠪᠤᠭᠳᠠᠭᠤᠯᠵᠤ᠂ ᠨᠡᠶᠢᠲᠡ 170 ᠭᠠᠷᠤᠢ ᠪᠦᠲᠦᠭᠡᠯ ᠤᠷᠤᠯᠳᠤᠭᠠᠨ ᠳᠤ ᠤᠷᠤᠯᠴᠠᠪᠠ᠂ ᠤᠷᠤᠯᠳᠤᠭᠠᠨ ᠤ ᠲᠦᠷᠦᠯ ᠵᠦᠢᠯ ᠳᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠥᠳᠡᠯᠮᠦᠷᠢ ᠶᠢᠨ ᠪᠠᠭᠠᠵᠢ᠂ ᠦᠨᠳᠦᠰᠦᠲᠡᠨ ᠤ ᠬᠤᠪᠴᠠᠰᠤ ᠵᠠᠰᠠᠯ᠂ ᠭᠡᠷ ᠤᠨ ᠡᠳᠦᠷ ᠲᠤᠲᠤᠮ ᠤᠨ ᠬᠡᠷᠡᠭᠰᠡᠯ᠂ ᠠᠮᠢᠳᠤᠷᠠᠯ ᠤᠨ ᠵᠠᠰᠠᠯ ᠴᠢᠮᠡᠭᠯᠡᠯ ᠤᠨ ᠬᠡᠷᠡᠭᠰᠡᠯ ᠵᠡᠷᠭᠡ ᠣᠯᠠᠨ ᠲᠥᠷᠥᠯ ᠵᠦᠢᠯ ᠪᠠᠭᠳᠠᠵᠤ᠂ ᠬᠠᠮᠤᠭ ᠡᠴᠤᠰ ᠤᠨ ᠰᠢᠯᠭᠠᠷᠠᠭᠤᠯᠤᠯᠳᠠ ᠪᠠᠷ ᠲᠠᠮᠵᠢᠨ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 1᠂ ᠭᠤᠷᠪᠠᠳᠤᠭᠠᠷ ᠳᠡᠰ ᠤᠨ ᠱᠠᠩᠨᠠᠯ 1᠂ ᠰᠢᠯᠢᠳᠡᠭ ᠱᠠᠩᠨᠠᠯ 3᠂ ᠵᠣᠷᠢᠭᠵᠢᠭᠤᠯᠤᠯ ᠤᠨ ᠱᠠᠩᠨᠠᠯ ᠢ ᠨᠡᠯᠢᠶᠡᠳ ᠲᠤᠳᠤᠷᠠᠭᠤᠯᠵᠡᠢ᠃ ᠤᠷᠤᠯᠳᠤᠭᠠᠨ ᠳᠠᠭᠤᠰᠤᠭᠰᠠᠨ ᠤ ᠳᠠᠷᠠᠭ᠎ᠠ ᠡᠳᠦᠷ ᠪᠠᠰᠠ ︽ᠢᠰᠡᠭᠡᠢ ᠬᠠᠳᠬᠤᠮᠠᠯ᠂ ᠨᠣᠣᠰᠣᠨ ᠤᠷᠠᠯᠠᠯ᠂ ᠳᠡᠭᠡᠰᠦ︾᠎ ᠶᠢᠨ ᠰᠣᠯᠢᠯᠴᠠᠭᠠᠨ ᠤ ᠴᠤᠭᠯᠠᠭᠠᠨ ᠡᠷᠭᠢᠯᠡᠪᠡ᠃       ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ  ᠲᠣᠪᠴᠢᠶ᠎ᠠ ᠶᠢᠨ ᠳᠡᠳ᠋ ᠳᠠᠷᠤᠭ᠎ᠠ ᠨᠠᠷᠠᠰᠤ᠄       ︽ᠲᠠᠷᠠᠭᠠᠴᠢ ᠶᠢᠨ ᠠᠯᠬᠤᠮ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠤᠯᠭ᠎ᠠ ᠪᠤᠯᠭᠠᠨ᠂ ᠤᠯᠠᠮᠵᠢᠯᠠᠯᠲᠤ ᠭᠠᠷ ᠤᠷᠠᠯᠠᠯ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠯᠲᠠ ᠶᠢᠨ ᠦᠢᠯᠡᠳᠬᠡᠯ ᠤᠨ ᠭᠠᠵᠠᠷ ᠤᠨ ᠮᠡᠷᠭᠡᠵᠢᠯ ᠴᠢᠳᠠᠪᠤᠷᠢ ᠪᠠ ᠪᠤᠯᠪᠠᠰᠤᠷᠠᠯ ᠢ ᠶᠡᠬᠡᠪᠡᠷ ᠥᠷᠨᠢᠭᠦᠯᠵᠦ᠂ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠨ᠂ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号