2 ᠰᠠᠷ᠎ᠠ ᠶᠢᠨ 29 ᠤ ᠡᠳᠦᠷ᠂ ᠪᠠᠶᠠᠨᠳᠤᠤᠷᠠᠢ ᠰᠤᠮᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ | ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ | ᠬᠤᠷᠠᠯᠳᠤᠭᠤᠯᠵᠤ᠂ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠯᠢᠨ ᠵᠢᠶᠠᠩ ᠬᠤᠷᠠᠯ ᠢ ᠡᠷᠭᠢᠯᠡᠵᠦ᠂ ᠰᠤᠮᠤ ᠶᠢᠨ | ᠨᠠᠮ ᠵᠠᠰᠠᠭ ᠤᠨ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠪᠠᠶᠢᠭᠤᠯᠤᠯᠭ᠎ᠠ ᠶᠢᠨ ᠪᠥᠬᠦ ᠺᠠᠳ᠋ᠷ ᠠᠵᠢᠯᠲᠠᠨ | ᠠᠵᠢᠯᠴᠢᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠠᠮᠤᠭ ᠤᠨ ᠰᠢᠨ᠎ᠡ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠵᠢᠴᠢ ᠬᠠᠮᠢᠶ᠎ᠠ ᠪᠦᠬᠦᠢ ᠬᠤᠷᠠᠯ ᠤᠨ | ᠵᠣᠷᠢᠭ ᠰᠠᠨᠠᠭ᠎ᠠ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ | ᠳᠦᠷᠢᠮ︾᠂ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠢ ᠤᠯᠠᠮᠵᠢᠯᠠᠨ | ᠰᠤᠷᠤᠯᠴᠠᠵᠠᠢ᠃ | ᠬᠤᠷᠠᠯ ᠠᠴᠠ᠂ ᠨᠢᠭᠡ ᠳᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠭᠦᠢᠴᠡᠳᠬᠡᠵᠦ᠂ | ᠰᠤᠮᠤ ᠶᠢᠨ ᠡᠯ᠎ᠡ ᠵᠦᠢᠯ ᠤᠨ ᠦᠢᠯᠡᠰ ᠢ ᠢᠮᠠᠭᠲᠠ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠭᠤᠶᠢᠪᠢᠰᠢ | ᠦᠭᠡᠢ ᠤᠷᠤᠭᠰᠢᠯᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠶᠠᠷ ᠲᠤ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠪᠠᠷ | ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠ ᠪᠦᠷᠢᠯᠳᠦᠭᠰᠡᠨ ᠰᠠᠶᠢᠨ ᠲᠤᠷᠰᠢᠯᠭ᠎ᠠ | ᠰᠠᠶᠢᠨ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠵᠦ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠶᠢ ᠬᠥᠲᠥᠯᠥᠨ ᠳᠠᠭᠠᠭᠤᠯᠬᠤ ᠦᠢᠯᠡᠳᠦᠯ ᠢ | ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠭᠤᠷᠪᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ ᠡᠨᠡᠬᠦ ᠭᠤᠣᠯ ᠱᠤᠭᠤᠮ ᠢ ᠡᠯ᠎ᠡ ᠵᠦᠢᠯ ᠤᠨ ᠠᠵᠢᠯ ᠤᠨ | ᠡᠬᠢᠨ ᠠᠴᠠ ᠳᠠᠭᠤᠰᠲᠠᠯ᠎ᠠ ᠲᠤᠤᠱᠯᠠᠭᠤᠯᠵᠤ᠂ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠪᠣᠳᠠᠲᠠᠢ ᠲᠥᠷᠥᠭᠳᠡᠯ ᠲᠠᠢ ᠪᠦᠲᠦᠮᠵᠢᠲᠡᠢ ᠰᠠᠶᠢᠲᠤᠷ ᠠᠳᠬᠤᠵᠤ᠂ ︽ᠵᠢᠷᠭᠤᠭᠠᠨ ᠥᠭᠦᠯᠡᠪᠦᠷᠢ ᠶᠢᠨ ᠪᠣᠳᠠᠲᠤ | ᠶᠠᠪᠤᠳᠠᠯ ᠪᠠ ᠶᠣᠰᠣ ᠤᠴᠢᠷ︾ ᠤᠨ ᠲᠣᠭᠤᠷᠢᠨ ᠳᠤ᠂ ᠭᠤᠣᠯᠯᠠᠬᠤ ᠬᠥᠮᠦᠵᠢᠯ ᠤᠨ ᠠᠭᠤᠯᠭ᠎ᠠ ᠶᠢ ᠲᠣᠳᠣᠷᠬᠠᠢ | ᠪᠥᠭᠡᠳ ᠨᠡᠪᠲᠡᠷᠬᠡᠢ ᠶᠠᠷᠢᠵᠤ᠂ ᠵᠢᠭᠠᠬᠤ ᠮᠠᠲ᠋ᠧᠷᠢᠶᠠᠯ ᠢ ᠠᠮᠢᠳᠤᠯᠢᠭ ᠢᠶᠠᠷ ᠰᠤᠷᠴᠤ ᠠᠮᠢᠳᠤᠯᠢᠭ ᠢᠶᠠᠷ ᠬᠡᠷᠡᠭᠯᠡᠨ | ᠳᠡᠷᠭᠡᠳᠡᠬᠢ ᠦᠯᠢᠭᠡᠷ ᠢᠶᠠᠨ ᠰᠠᠶᠢᠲᠤᠷ ᠶᠠᠷᠢᠵᠤ᠂ ᠤᠯᠠᠨ ᠲᠦᠮᠡᠨ ᠳᠤ ᠠᠮᠠᠯᠠᠭᠰᠠᠨ ᠡᠯ᠎ᠡ ᠵᠦᠢᠯ ᠤᠨ ᠪᠣᠳᠠᠲᠤ | ᠶᠠᠪᠤᠳᠠᠯ ᠢ ᠰᠠᠶᠢᠲᠤᠷ ᠬᠢᠵᠦ᠂ ᠪᠠᠶᠠᠨᠳᠤᠤᠷᠠᠢ ᠶᠢᠨ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠬᠤ ᠬᠡᠷᠡᠭᠲᠡᠢ ᠬᠡᠵᠤ ᠵᠢᠭᠠᠪᠠ |