ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠡᠯᠡᠰᠦ ᠶᠢ ᠰᠡᠷᠭᠡᠶᠢᠯᠡᠨ ᠵᠠᠰᠠᠬᠤ ᠪᠠ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠵᠢᠴᠢ 2024 ᠣᠨ ᠤ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/3/14
    3 ᠳ᠋ᠤᠭᠠᠷ ᠰᠠᠷ᠎ᠠ ᠶᠢᠨ 12᠎ ᠤᠨ ᠡᠳᠦᠷ᠂ ᠮᠠᠨ ᠤ ᠤᠯᠤᠰ ᠤᠨ 46 ᠳ᠋ᠤᠭᠠᠷ ᠮᠣᠳᠣ ᠳᠠᠷᠢᠬᠤ ᠡᠳᠦᠷ ᠬᠦᠷᠴᠦ ᠢᠷᠡᠬᠦ ᠳᠠᠰᠢᠷᠡᠮ ᠳᠤ᠂ ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠂ ᠡᠯᠡᠰᠦ ᠶᠢ ᠰᠡᠷᠭᠡᠶᠢᠯᠡᠨ ᠵᠠᠰᠠᠬᠤ ᠪᠣᠯᠣᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠵᠢᠴᠢ 2024 ᠣᠨ ᠤ ᠪᠥᠬᠦ ᠠᠷᠠᠳ ᠤᠨ ᠠᠯᠪᠠᠨ ᠵᠢᠷᠤᠮ ᠎ ᠤᠨ ᠮᠣᠳᠣ ᠳᠠᠷᠢᠬᠤ ᠠᠵᠢᠯᠯᠠᠭ᠎ᠠ ᠡᠬᠢᠯᠡᠪᠡ᠃ ᠪᠥᠬᠦ ᠬᠤᠰᠢᠭᠤᠨ ᠤ ᠺᠠᠳ᠋ᠷ ᠠᠵᠢᠯᠲᠠᠨ ᠠᠵᠢᠯᠴᠢᠨ᠂ ᠰᠠᠭᠤᠭ᠎ᠠ ᠴᠡᠷᠢᠭ ᠠᠩᠭᠢ ᠶᠢᠨ 150 ᠭᠠᠷᠤᠢ ᠬᠥᠮᠥᠨ ᠮᠣᠳᠣ ᠳᠠᠷᠢᠬᠤ ᠳᠤ ᠣᠷᠣᠯᠴᠠᠵᠠᠢ᠃    ᠦᠳᠡ ᠶᠢᠨ ᠡᠮᠣᠨ᠎ᠠ ᠶᠢᠨ 10 ᠴᠠᠭ 30 ᠮᠢᠨᠦ᠋ᠲ ᠲᠤ᠂ ᠠᠵᠢᠯᠯᠠᠭ᠎ᠠ ᠶᠢᠨ ᠠᠬᠤᠢ ᠲᠠᠯᠠᠪᠠᠢ ᠳᠤ᠂ ᠺᠠᠳ᠋ᠷ ᠠᠵᠢᠯᠲᠠᠨ ᠠᠵᠢᠯᠴᠢᠨ ᠨᠠᠷ ᠣᠷᠬᠢᠯᠣᠮ᠎ᠠ ᠬᠠᠯᠠᠭᠤᠨ ᠰᠡᠳᠬᠢᠯᠭᠡ ᠶᠢ ᠡᠪᠤᠷᠯᠡᠵᠦ᠂ ᠬᠦᠷᠵᠡ ᠪᠠᠷᠢᠨ ᠨᠦᠬᠡ ᠮᠠᠯᠲᠠᠵᠤ᠂ ᠰᠢᠷᠭᠠᠭᠤ ᠬᠦᠳᠡᠯᠮᠦᠷᠢ ᠪᠠᠷ ᠡᠬᠡ ᠪᠠᠶᠢᠭᠠᠯᠢ ᠶᠢᠨ ᠰᠡᠷᠭᠦᠯᠲᠡ ᠳᠤ ᠬᠤᠪᠢ ᠨᠡᠮᠡᠷᠢ ᠪᠠᠨ ᠡᠷᠬᠦᠨ᠎ᠡ᠃ ᠲᠤᠰ ᠡᠳᠦᠷ᠂ ᠪᠥᠬᠦ ᠠᠶᠢᠮᠠᠭ ᠤᠨ ᠳᠥᠷᠪᠡᠨ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠡᠭᠦᠨ ᠳᠤ ᠮᠠᠨ ᠤ ᠬᠤᠰᠢᠭᠤ ᠨᠡᠶᠢᠲᠡ 500 ᠰᠠᠤᠷᠢ ᠲᠣᠣᠷᠠᠢ ᠶᠢᠨ ᠮᠣᠳᠤ ᠶᠢ ᠳᠠᠷᠢᠵᠡᠢ᠃      ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠯᠡᠰᠦᠨ ᠤ ᠠᠵᠤ ᠦᠢᠯᠡᠰ ᠤᠨ ᠠᠯᠪᠠᠨ ᠭᠡᠷ ᠤᠨ ᠠᠵᠢᠯᠲᠠᠨ ᠯᠢᠦᠢ ᠬᠤᠶ᠄ ︽ᠤᠳᠠᠭ᠎ᠠ ᠪᠦᠷᠢ ᠶᠢᠨ ᠮᠣᠳᠣ ᠳᠠᠷᠢᠬᠤ ᠠᠵᠢᠯᠯᠠᠭ᠎ᠠ ᠪᠠᠷ ᠳᠡᠮᠵᠢᠨ᠂ ᠪᠢᠳᠡᠨ ᠤ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠪᠠ ᠭᠡᠷ ᠣᠷᠣᠨ ᠢᠶᠠᠨ ᠨᠣᠭᠤᠭᠠᠷᠠᠭᠤᠯᠬᠤ ᠬᠠᠷᠢᠭᠤᠴᠠᠯᠭᠠᠲᠤ ᠰᠡᠳᠬᠢᠯᠭᠡ ᠶᠢ ᠤᠯᠠᠮ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠮᠠᠨ ᠤ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠢᠳᠡᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠥᠨᠡᠨᠬᠦ ᠳᠡᠭᠡᠭᠰᠢᠯᠡᠭᠦᠯᠦᠨ᠂ ᠪᠢᠳᠡᠨ ᠤ ᠪᠣᠳᠠᠲᠤ ᠠᠵᠢᠯᠯᠠᠭ᠎ᠠ ᠪᠠᠷ ᠢᠶᠠᠨ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠶᠢ ᠬᠠᠶᠢᠷᠠᠯᠠᠬᠤ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠰᠠᠨᠠᠭᠠᠴᠢᠯᠠᠵᠠᠢ︾ ᠭᠡᠪᠡ᠃     2024 ᠣᠨ ᠳᠤ᠂ ᠮᠠᠨ ᠤ ᠬᠤᠰᠢᠭᠤ ︽ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠎ ᠤᠨ ᠪᠠᠶᠢᠭᠠᠯᠢ ᠶᠢᠨ ᠣᠶ ᠰᠢᠭᠤᠢ ᠶᠢ ᠬᠠᠮᠠᠭᠠᠯᠠᠬᠤ ᠪᠠ ᠣᠶᠢᠵᠢᠭᠤᠯᠬᠤ ᠲᠥᠷᠥᠯ ᠵᠦᠢᠯ︾᠎ ᠤᠨ 13 ᠲᠦᠮᠡᠨ ᠮᠦ ᠬᠥᠮᠥᠨ ᠤ ᠬᠦᠴᠦ ᠪᠠᠷ ᠣᠶᠢᠵᠢᠭᠤᠯᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ 2024 ︱ 2025 ᠣᠨ ᠳᠤ ︽ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠎ ᠤᠨ ᠡᠵᠡᠨ᠎ᠡ ᠭᠤᠣᠯ ᠤᠨ ᠵᠠᠯᠭᠠᠯᠳᠤᠭᠰᠠᠨ ᠣᠷᠣᠨ︾᠎ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 123.5 ᠲᠦᠮᠡᠨ ᠮᠦ ᠪᠡᠶᠡᠯᠡᠬᠦᠯᠬᠦ ᠪᠠᠷ ᠪᠤᠢ᠃ ᠡᠭᠦᠨ ᠳᠤ᠂ 57 ᠲᠦᠮᠡᠨ ᠮᠦ ᠬᠤᠪᠬᠠᠶᠢᠷᠠᠵᠦ ᠮᠠᠭᠤᠳᠠᠭᠰᠠᠨ ᠣᠶ ᠰᠢᠭᠤᠢ ᠶᠢ ᠵᠠᠰᠠᠨ ᠰᠡᠷᠭᠦᠭᠡᠵᠦ᠂ ᠬᠥᠮᠥᠨ ᠤ ᠬᠦᠴᠦ ᠪᠠᠷ 6 ᠲᠦᠮᠡᠨ ᠮᠦ ᠶᠢ ᠤᠶᠢᠵᠢᠭᠤᠯᠤᠨ᠂ 3 ᠲᠦᠮᠡᠨ ᠮᠦ ᠡᠯᠡᠰᠦ ᠶᠢ ᠪᠢᠲᠡᠭᠦᠮᠵᠢᠯᠡᠨ ᠣᠶᠢᠵᠢᠭᠤᠯᠵᠤ᠂ 10 ᠲᠦᠮᠡᠨ ᠮᠦ ᠡᠯᠡᠰᠦ ᠶᠢ ᠢᠨᠵᠧᠨᠧᠷᠢᠩ ᠢᠶᠠᠷ ᠲᠣᠭᠲᠠᠪᠤᠷᠢᠵᠢᠭᠤᠯᠵᠤ᠂ ᠬᠥᠮᠥᠨ ᠤ ᠬᠦᠴᠦ ᠪᠠᠷ 6 ᠲᠦᠮᠡᠨ ᠮᠦ ᠡᠪᠡᠰᠦ ᠳᠠᠷᠢᠵᠤ᠂ 41.5 ᠲᠦᠮᠡᠨ ᠮᠦ ᠶᠢ ᠬᠦᠷᠢᠶᠡᠯᠡᠨ ᠪᠢᠳᠡᠭᠦᠮᠵᠢᠯᠠᠨ ᠪᠣᠶᠢᠵᠢᠭᠤᠯᠵᠤ᠂ ᠠᠯᠪᠠᠨ ᠵᠢᠷᠤᠮ ᠤᠨ ᠮᠣᠳᠤ ᠳᠠᠷᠢᠬᠤ ᠠᠵᠢᠯᠯᠠᠭ᠎ᠠ ᠳᠤ 12 ᠲᠦᠮᠡᠨ ᠰᠠᠤᠷᠢ ᠮᠣᠳᠣ ᠲᠠᠷᠢᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃       ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠣᠣᠷᠠᠢ ᠶᠢᠨ ᠣᠶ ᠶᠢᠨ ᠬᠠᠮᠢᠶᠠᠷᠤᠯᠲᠠ ᠶᠢᠨ ᠳᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠣᠪᠴᠢᠶᠠᠨ ᠳᠠᠷᠤᠭ᠎ᠠ ᠸᠠᠩ ᠬᠤᠩ ᠶᠢᠩ᠄ ︽ᠲᠣᠰ ᠤᠳᠠᠭᠠᠨ ᠤ ᠡᠬᠢᠯᠡᠯᠲᠡ ᠶᠢᠨ ᠶᠣᠰᠣᠯᠠᠯ ᠨᠢ ᠮᠠᠨ ᠤ ᠬᠤᠰᠢᠭᠤᠨ ᠤ ᠪᠠᠷᠠᠭᠤᠨ ᠬᠡᠰᠡᠭ ᠎ ᠤᠨ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ︵ᠬᠤᠶᠠᠳᠤᠭᠠᠷ ᠬᠤᠭᠤᠴᠠᠭ᠎ᠠ︶᠎ ᠤᠨ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠡᠨᠡ ᠵᠢᠯ᠂ ᠮᠠᠨ ᠤ ᠬᠤᠰᠢᠭᠤ ᠪᠠᠷᠠᠭᠤᠨ ᠬᠡᠰᠡᠭ ᠤᠨ ᠡᠯᠡᠰᠦᠷᠬᠡᠭᠵᠢᠯ ᠎ ᠢ ᠶᠡᠷᠦᠩᠬᠡᠶᠢᠯᠡᠨ ᠵᠠᠰᠠᠬᠤ ︵ᠬᠤᠶᠠᠳᠤᠭᠠᠷ ᠬᠤᠭᠤᠴᠠᠭ᠎ᠠ︶᠎ ᠤᠨ ᠲᠥᠷᠥᠯ ᠵᠦᠢᠯ ᠢᠶᠠᠷ ᠳᠡᠮᠵᠢᠨ 123.5 ᠲᠦᠮᠡᠨ ᠮᠦ ᠶᠢᠨ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠪᠠᠷ ᠳᠡᠮᠵᠢᠨ 12 ᠲᠦᠮᠡᠨ ᠰᠠᠭᠤᠷᠢ ᠮᠣᠳᠣ ᠳᠠᠷᠢᠬᠤ ᠡᠭᠦᠷᠭᠡ ᠶᠢ ᠪᠡᠶᠡᠯᠡᠬᠦᠯᠪᠡ᠃ ᠵᠠᠯᠭᠠᠭᠠᠳ᠂ ᠬᠤᠰᠢᠭᠤᠨ ᠤ ᠨᠣᠭᠤᠭᠠᠷᠠᠭᠤᠯᠤᠯᠲᠠ ᠶᠢᠨ ᠠᠯᠪᠠᠨ ᠭᠡᠷ ᠪᠠᠰᠠ 8 ᠵᠦᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠲᠠᠢ ᠤᠶᠠᠯᠳᠤᠭᠤᠯᠤᠨ ᠠᠷᠠᠴᠢᠯᠠᠨ ᠪᠣᠶᠢᠵᠢᠭᠤᠯᠵᠤ ᠬᠠᠮᠢᠶᠠᠷᠤᠨ ᠬᠠᠮᠠᠭᠠᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︿ᠳᠠᠷᠢᠬᠤ᠂ ᠬᠠᠮᠠᠭᠠᠯᠠᠬᠤ᠂ ᠬᠠᠮᠢᠶᠠᠷᠬᠤ﹀᠎ ᠶᠢ ᠨᠢᠭᠡ ᠴᠤᠭᠴᠠᠵᠢᠭᠤᠯᠣᠨ᠂ ᠪᠥᠬᠦ ᠠᠷᠠᠳ ᠤᠨ ︿ᠳᠠᠷᠢᠬᠤ﹀ ᠬᠠᠷᠢᠭᠤᠴᠠᠯᠭ᠎ᠠ ᠪᠠᠨ ᠭᠦᠢᠴᠡᠳᠬᠡᠬᠦ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠬᠤ ᠪᠤᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号