ᠮᠠᠨ ᠤ ᠬᠤᠰᠢᠭᠤ ᠣᠯᠠᠨ ᠳᠦᠷᠦᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠤᠨ ᠭᠠᠷᠳᠠᠮ ᠭᠦᠢᠴᠡᠳᠬᠡᠯ ᠢ ᠠᠬᠢᠭᠤᠯᠵᠤ ᠰᠠᠶᠢᠨ ᠡᠬᠢᠯᠡᠯᠲᠡ ᠲᠠᠢ ᠪᠠᠶᠢᠬᠤ ᠶᠢ ᠴᠢᠷᠮᠠᠶᠢᠨ ᠪᠡᠶᠡᠯᠡᠬᠦᠯᠦᠨ᠎ᠠ
ᠨᠡᠶᠢᠲᠡᠯᠡᠭᠰᠡᠨ ᠴᠠᠭ᠄
2024/3/14
      ᠡᠨᠡ ᠵᠢᠯ᠂ ᠮᠠᠨ ᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠦᠴᠦ ᠲᠠᠯᠪᠢᠨ ᠠᠬᠢᠭᠤᠯᠵᠤ᠂ ︽ᠨᠢᠭᠡ ᠪᠦᠯᠦᠭ ᠢ ᠲᠥᠯᠥᠪᠵᠢᠭᠦᠯᠵᠦ᠂ ᠨᠢᠭᠡ ᠪᠦᠯᠦᠭ ᠢ ᠠᠵᠢᠯ ᠡᠬᠢᠯᠡᠭᠦᠯᠵᠦ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠵᠤ᠂ ᠨᠢᠭᠡ ᠪᠦᠯᠦᠭ ᠤᠨ ᠪᠡᠯᠡ ᠮᠥᠩᠭᠦ ᠶᠢ ᠨᠡᠮᠡᠭᠳᠡᠭᠦᠯᠬᠦ︾ ᠠᠵᠢᠯ ᠤᠨ ᠪᠠᠶᠢᠳᠠᠯ ᠢ ᠪᠣᠶ ᠪᠣᠯᠭᠠᠨ᠂ ᠪᠥᠬᠦ ᠬᠤᠰᠢᠭᠤᠨ ᠤ ᠠᠵᠤ ᠦᠢᠯᠡᠳᠪᠦᠷᠢ᠂ ᠡᠨᠧᠷᠭᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃      ᠮᠠᠨ ᠤ ᠬᠤᠰᠢᠭᠤ 2024 ᠣᠨ ᠳᠤ 18 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠡᠭᠦᠨ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠴᠢᠬᠤᠯᠠ ᠶᠡᠭᠡ ᠲᠥᠷᠥᠯ ᠵᠦᠢᠯ 8᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 10᠂ ᠶᠡᠷᠦᠩᠬᠡᠢ ᠪᠡᠯᠡ ᠣᠷᠣᠭᠤᠯᠤᠯᠲᠠ 94.1 ᠳ᠋ᠦᠩᠰᠢᠭᠤᠷ ᠲᠥᠭᠦᠷᠢᠭ᠂ ᠵᠢᠯ ᠤᠨ ᠪᠡᠯᠡ ᠣᠷᠣᠭᠤᠯᠤᠯᠲᠠ 23.55 ᠳ᠋ᠦᠩᠰᠢᠭᠤᠷ ᠲᠥᠭᠦᠷᠢᠭ ᠪᠣᠯᠣᠨ᠎ᠠ᠃ ᠨᠢᠭᠡᠳᠦᠭᠡᠷ ᠤᠯᠠᠷᠢᠯ ᠳᠤ 12 ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ᠂ 0.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠲᠦᠷᠦᠯ ᠵᠦᠢᠯ ᠤᠨ ᠲᠤᠭ᠎ᠠ ᠪᠠᠷᠢᠮᠲᠠ ᠨᠢ 2023 ᠣᠨ ᠤ ᠬᠢ ᠠᠴᠠ 5.8%᠎ ᠢᠶᠠᠷ ᠨᠡᠮᠡᠭᠳᠡᠵᠡᠢ᠃      ᠡᠨᠡ ᠵᠢᠯ ᠠᠴᠠ ᠨᠠᠰᠢ᠂ ᠪᠥᠬᠦ ᠬᠤᠰᠢᠭᠤᠨ ᠤ ᠬᠢᠨ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ᠂ ᠵᠣᠬᠢᠴᠠᠭᠤᠯᠤᠨ ᠲᠣᠬᠢᠷᠠᠭᠤᠯᠬᠤ ᠪᠠᠨ ᠦᠨᠡᠨ ᠬᠦ ᠴᠢᠩᠭᠠᠳᠬᠠᠨ᠂ ᠭᠠᠷ ᠭᠦᠢᠴᠡᠳᠬᠡᠯ ᠢ ᠭᠦᠢᠴᠡᠳᠬᠡᠬᠦ ᠠᠬᠢᠴᠠ ᠶᠢ ᠵᠦᠢᠯ ᠳᠠᠷᠠᠭᠠᠯᠠᠨ ᠬᠠᠷᠭᠤᠭᠤᠯᠵᠤ᠂ ᠨᠤᠲᠠᠯᠠᠬᠤ ᠭᠠᠷ ᠭᠦᠢᠴᠡᠳᠬᠡᠯ ᠢ ᠬᠢᠨᠠᠨ ᠵᠥᠪᠰᠢᠶᠡᠷᠡᠬᠦ ᠲᠣᠨᠣᠭᠯᠠᠯ ᠢ ᠨᠠᠷᠢᠯᠢᠭᠵᠢᠭᠤᠯᠤᠨ᠂ ᠡᠯ᠎ᠡ ᠭᠤᠭᠴᠤᠭ᠎ᠠ ᠶᠢᠨ ᠬᠠᠷᠢᠭᠤᠴᠠᠯᠭᠠᠲᠤ ᠨᠢᠭᠡᠴᠡ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ︽ᠨᠢᠭᠡ ᠲᠥᠷᠥᠯ ᠵᠦᠢᠯ ᠨᠢᠭᠡ ᠠᠷᠭ᠎ᠠ ᠬᠡᠮᠵᠢᠶ᠎ᠡ︾ ᠶᠣᠰᠣᠭᠠᠷ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠢᠳᠡᠪᠬᠢᠲᠡᠢ ᠠᠬᠢᠭᠤᠯᠬᠤ ᠶᠢᠨ ᠬᠠᠮᠳᠤ ᠲᠤᠰᠬᠠᠢ ᠠᠩᠭᠢ ᠪᠠᠶᠢᠭᠤᠯᠵᠤ ᠲᠤᠰᠬᠠᠢ ᠬᠥᠮᠥᠨ ᠲᠣᠮᠢᠯᠠᠨ ᠲᠥᠷᠥᠯ ᠵᠦᠢᠯ ᠤᠨ ᠭᠠᠷᠳᠠᠮ ᠢ ᠨᠢᠭᠡᠳ ᠨᠢᠭᠡ ᠪᠠᠷ ᠠᠩᠬᠠᠷᠤᠨ ᠭᠦᠢᠴᠡᠳᠬᠡᠵᠦ᠂ ᠣᠷᠣᠰᠢᠵᠤ ᠪᠠᠶᠢᠭ᠎ᠠ ᠬᠦᠴᠢᠷ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠤᠷᠢᠯᠡᠪᠡ᠃      ᠤᠳᠤᠬᠠᠨ ᠪᠣᠯᠲᠠᠯ᠎ᠠ᠂ ᠪᠥᠬᠦ ᠬᠤᠰᠢᠭᠤᠨ ᠤ 11 ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ 10᠎ ᠨᠢ ᠪᠥᠬᠦ ᠭᠠᠷᠳᠠᠮ ᠢᠶᠠᠨ ᠭᠦᠢᠴᠡᠳᠬᠡᠵᠦ᠂ 91%᠎ ᠶᠢᠨ ᠬᠦᠢᠴᠳᠬᠡᠯ ᠤᠨ ᠨᠤᠷᠮ᠎ᠠ ᠶᠢ ᠪᠡᠶᠡᠯᠡᠬᠦᠯᠵᠡᠢ᠃ ᠣᠲᠣ ᠨᠢᠭᠡᠨᠲᠡ 6 ᠲᠥᠷᠥᠯ ᠵᠦᠢᠯ ᠤᠨ ᠠᠵᠢᠯ ᠢ ᠡᠬᠢᠯᠡᠭᠦᠯᠵᠦ᠂ ᠠᠵᠢᠯ ᠢ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 33%᠎ ᠳᠤ ᠬᠦᠷᠴᠦ᠂ ᠨᠢᠭᠡᠳᠦᠭᠡᠷ ᠤᠯᠠᠷᠢᠯ ᠤᠨ ᠠᠵᠢᠯ ᠢ ᠡᠬᠢᠯᠡᠭᠦᠯᠦᠭᠰᠡᠨ ᠪᠠ ᠰᠡᠷᠭᠦᠭᠡᠭᠰᠡᠨ ᠡᠭᠦᠷᠭᠡ ᠶᠢᠨ ᠠᠬᠢᠴᠠ 50%᠎ ᠳᠤ ᠬᠥᠷᠪᠡ︔ ᠨᠢᠭᠡᠨᠲᠡ 0.12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 0.5%᠎ ᠶᠢᠨ ᠪᠡᠯᠡ ᠣᠷᠣᠭᠤᠯᠤᠯᠲᠠ ᠶᠢᠨ ᠠᠬᠢᠴᠠ ᠶᠢ ᠪᠠᠶᠠᠯᠡᠬᠦᠯᠦᠨ᠂ ᠨᠢᠭᠡᠳᠦᠭᠡᠷ ᠤᠯᠠᠷᠢᠯ ᠤᠨ ᠪᠡᠯᠡ ᠣᠷᠣᠭᠤᠯᠤᠯᠲᠠ ᠶᠢᠨ ᠡᠭᠦᠷᠭᠡ ᠶᠢᠨ ᠠᠬᠢᠴᠠ ᠶᠢ 17%᠎ ᠪᠠᠷ ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠣᠳᠣᠬᠠᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠪᠠ ᠬᠥᠭᠵᠢᠯᠲᠡ ᠶᠢᠨ ᠬᠠᠨᠳᠤᠰᠢ ᠶᠢ ᠠᠮᠵᠢᠨ ᠠᠳᠬᠤᠵᠤ᠂ ᠪᠥᠬᠦ ᠲᠠᠯ᠎ᠠ ᠪᠠᠷ ᠲᠣᠬᠢᠷᠠᠭᠤᠯᠤᠨ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ︽ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠤᠷᠲᠤᠳᠬᠠᠬᠤ︾᠎ ᠶᠢᠨ ᠲᠣᠭᠤᠷᠢᠨ ᠳᠤ᠂ ᠲᠥᠷᠥᠯ ᠵᠦᠢᠯ ᠢ ᠲᠥᠯᠥᠪᠵᠢᠭᠦᠯᠦᠨ ᠲᠠᠲᠠᠬᠤ᠂ ᠪᠥᠬᠦ ᠦᠶᠡᠯᠡᠯ ᠤᠨ ᠬᠤᠭᠤᠴᠠᠭᠠᠨ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠳᠤ ᠦᠢᠯᠡᠴᠢᠯᠡᠵᠦ᠂ ᠨᠠᠩ ᠣᠯᠠᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠪᠠᠷ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号