︽ᠲᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠳᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾ ᠢ 3 ᠰᠠᠷ᠎ᠠ ᠶᠢᠨ 1 ᠠᠴᠠ ᠡᠬᠢᠯᠡᠵᠦ | ᠬᠡᠷᠡᠭᠵᠢᠭᠦᠯᠪᠡ᠃ ︽ᠬᠡᠷᠡᠭᠵᠢᠭᠦᠯᠬᠦ ᠳᠦᠷᠢᠮ︾ ᠨᠢ ᠨᠡᠶᠢᠲᠡ 8 ᠪᠦᠯᠦᠭ 52 ᠵᠤᠷᠪᠤᠰ ᠲᠠᠢ ᠪᠠᠶᠢᠵᠤ᠂ ᠲᠠᠩᠰᠠ | ᠡᠪᠬᠡᠮᠡᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠲᠠᠩᠰᠠ ᠡᠪᠬᠡᠮᠡᠯ ᠢ ᠬᠤᠷᠢᠶᠠᠨ ᠴᠤᠭᠯᠠᠭᠤᠯᠵᠤ | ᠬᠠᠮᠢᠶᠠᠷᠬᠤ ᠶᠢ ᠵᠢᠷᠤᠮᠵᠢᠭᠤᠯᠬᠤ᠂ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠳᠦᠷᠢᠮ ᠢ ᠪᠦᠷᠢᠨᠰᠢᠭᠦᠯᠬᠦ᠂ ᠨᠡᠭᠡᠭᠡᠨ | ᠠᠰᠢᠭᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠲᠣᠭᠲᠠᠭᠠᠵᠠᠢ᠃ | ᠺᠤᠮᠫᠠᠨᠢ ᠶᠢᠨ ᠡᠳ᠋ ᠬᠥᠷᠥᠩᠭᠡ ᠶᠢ ᠬᠢᠮᠳᠠ ᠪᠠᠷ ᠬᠤᠳᠠᠯᠳᠤᠪᠠᠯ ᠶᠠᠯᠠᠳᠠᠨ᠎ᠠ ︽︿ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠡᠷᠡᠭᠦᠦ ᠶᠢᠨ ᠬᠠᠤᠯᠢ﹀ ᠳᠤ ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠵᠢᠭᠦᠯᠬᠦ ᠲᠤᠬᠠᠢ | ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠥᠬᠦᠪᠦᠷᠢ ᠲᠣᠭᠲᠠᠭᠠᠯ | ︵ᠨᠠᠢᠮᠠ︶︾ ᠢ 3 ᠰᠠᠷ᠎ᠠ ᠶᠢᠨ 1 ᠠᠴᠠ ᠡᠬᠢᠯᠡᠵᠦ ᠬᠡᠷᠡᠭᠵᠢᠭᠦᠯᠦᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠥᠯ ︵ᠠᠷᠪᠠᠨ ᠬᠤᠶᠠᠷ︶︾ ᠢ | ᠦᠨᠳᠦᠰᠦᠯᠡᠪᠡᠯ᠂ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ﹀ ᠳᠤ | ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠵᠢᠭᠦᠯᠬᠦ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ | ᠲᠣᠭᠲᠠᠭᠠᠯ︾᠂ ︽ᠡᠷᠡᠭᠦᠦ ᠶᠢᠨ ᠬᠠᠤᠯᠢ ᠶᠢᠨ ᠬᠤᠪᠢᠶᠠᠷᠢ ᠳᠦᠷᠢᠮ ᠳᠤ ᠲᠣᠭᠲᠠᠭᠠᠭᠰᠠᠨ ᠶᠠᠯ᠎ᠠ ᠶᠢᠨ ᠨᠡᠷ᠎ᠡ ᠶᠢ | ᠬᠡᠷᠡᠭᠯᠡᠬᠦ ᠲᠤᠬᠠᠢ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠰᠠᠨᠠᠯ︾ ᠳᠤ ᠳᠣᠣᠷᠠᠬᠢ ᠮᠡᠲᠦ ᠵᠠᠰᠠᠪᠤᠷᠢ | ᠣᠷᠣᠭᠤᠯᠪᠠ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠵᠠᠭᠤ ᠵᠢᠷᠠ | ᠶᠢᠰᠦᠳᠦᠭᠡᠷ ᠵᠦᠢᠯ ︵︽ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠥᠯ ︵ᠠᠷᠪᠠᠨ ᠬᠤᠶᠠᠷ︶︾ | ᠤᠨ ᠭᠤᠷᠪᠠᠳᠤᠭᠠᠷ ᠵᠦᠢᠯ︶ ᠳᠠᠬᠢ ᠶᠠᠯ᠎ᠠ ᠶᠢᠨ ᠨᠡᠷ᠎ᠡ ᠶᠢ ︽ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ | ᠵᠥᠷᠢᠴᠡᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠢᠮᠳᠠ ᠦᠨ᠎ᠡ ᠪᠠᠷ ᠬᠤᠪᠢ ᠪᠣᠯᠭᠠᠨ ᠨᠤᠭᠤᠯᠤᠨ | ᠪᠤᠳᠤᠬᠰᠠᠨ ᠪᠠ ᠬᠤᠳᠠᠯᠳᠤᠭᠰᠠᠨ ᠶᠠᠯ᠎ᠠ︾ ᠭᠡᠵᠦ ᠪᠠᠶᠢᠭᠰᠠᠨ ᠢ ︽ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ | ᠵᠥᠷᠢᠴᠡᠨ ᠺᠤᠮᠫᠠᠨᠢ᠂ ᠠᠵᠤ ᠠᠬᠤᠶᠢᠯᠠᠯ ᠤᠨ ᠡᠳ᠋ ᠬᠥᠷᠥᠩᠭᠡ ᠶᠢ ᠬᠢᠮᠳᠠ ᠦᠨ᠎ᠡ ᠪᠠᠷ ᠬᠤᠪᠢ ᠪᠣᠯᠭᠠᠨ ᠨᠤᠭᠤᠯᠤᠨ | ᠪᠤᠳᠤᠬᠰᠠᠨ ᠪᠠ ᠬᠤᠳᠠᠯᠳᠤᠭᠰᠠᠨ ᠶᠠᠯ᠎ᠠ︾ ᠭᠡᠵᠦ ᠵᠠᠰᠠᠪᠠ᠃ ᠬᠤᠳᠠᠯ ᠬᠠᠭᠤᠷᠮᠠᠭ ᠢᠶᠠᠷ ᠠᠵᠤ ᠠᠬᠤᠶᠢᠯᠠᠯ | ᠳᠠᠩᠰᠠᠯᠠᠭᠤᠯᠪᠠᠯ ᠰᠢᠢᠳᠬᠡᠨ᠎ᠡ ︽ᠬᠤᠳᠠᠯ ᠬᠠᠭᠤᠷᠮᠠᠭ ᠢᠶᠠᠷ ᠠᠵᠤ ᠠᠬᠤᠶᠢᠯᠠᠯ ᠳᠠᠩᠰᠠᠯᠠᠭᠤᠯᠵᠤ ᠬᠠᠤᠯᠢ ᠠᠴᠠ | ᠵᠥᠷᠢᠴᠡᠭᠰᠡᠨ ᠦᠶ᠋ᠯᠡ ᠠᠵᠢᠯᠯᠠᠭ᠎ᠠ ᠶᠢ ᠰᠡᠷᠭᠡᠶᠢᠯᠡᠬᠦ ᠪᠠ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ᠢ 3 ᠰᠠᠷ᠎ᠠ ᠶᠢᠨ | 15 ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠳᠤᠰ ︽ᠲᠣᠭᠲᠠᠭᠠᠯ︾ ᠳᠤ ᠳᠤᠷᠠᠳᠤᠭᠰᠠᠨ ᠢᠶᠠᠷ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠲᠥᠪ ᠤᠨ ᠠᠵᠤ ᠠᠬᠤᠶᠢᠯᠠᠯ᠂ ᠨᠡᠷ᠎ᠡ ᠠᠯᠳᠠᠷᠰᠢᠭᠰᠠᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ | ᠠᠵᠤ ᠠᠬᠤᠶᠢᠯᠠᠯ ᠢᠶᠠᠷ ᠬᠠᠭᠤᠷᠮᠠᠭᠯᠠᠵᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠳᠠᠯᠳᠠ ᠴᠢᠨᠠᠷ ᠢᠶᠠᠷ ᠴᠢᠩᠭ᠎ᠠ᠂ | ᠥᠷᠭᠡᠵᠢᠨ ᠳᠡᠯᠭᠡᠷᠡᠬᠦ ᠨᠢ ᠲᠦᠷᠭᠡᠨ᠂ ᠨᠡᠶᠢᠭᠡᠮ ᠤᠨ ᠨᠥᠯᠥᠭᠡ ᠶᠡᠭᠡ ᠵᠡᠷᠭᠡ ᠣᠨᠴᠠᠯᠢᠭ ᠲᠤ ᠴᠢᠭᠯᠡᠭᠦᠯᠦᠨ᠂ | ᠪᠡᠶ᠎ᠡ ᠶᠢᠨ ᠭᠠᠷᠤᠯ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ | ᠴᠢᠩᠭᠠᠳᠬᠠᠬᠤ᠂ ᠮᠡᠳᠡᠭᠡ ᠵᠠᠩᠭᠢ ᠶᠢ ᠬᠠᠷᠢᠴᠠᠭᠤᠯᠤᠨ ᠬᠠᠷᠭᠤᠭᠤᠯᠤᠨ ᠪᠠᠶᠢᠴᠠᠭᠠᠬᠤ ᠶᠢ ᠬᠡᠷᠡᠭᠵᠢᠭᠦᠯᠬᠦ᠂ | ᠳᠠᠩᠰᠠᠯᠠᠯᠲᠠ ᠶᠢ ᠬᠦᠴᠦᠨ ᠦᠭᠡᠢ ᠪᠤᠯᠭᠠᠬᠤ ᠵᠢᠷᠤᠮ ᠢ ᠲᠡᠭᠦᠯᠳᠡᠷᠵᠢᠭᠦᠯᠬᠦ᠂ ᠨᠢᠭᠡᠨᠲᠡ ᠬᠡᠷᠡᠭ ᠪᠣᠯᠭᠠᠨ ᠲᠠᠩᠰᠠᠯᠠᠵᠤ | ᠪᠠᠶᠢᠴᠠᠭᠠᠭᠰᠠᠨ ᠠᠵᠤ ᠠᠬᠤᠶᠢᠯᠠᠯ ᠢ ᠬᠠᠤᠯᠢ ᠶᠣᠰᠣᠭᠠᠷ ᠳᠠᠩᠰᠠᠯᠠᠯᠲᠠ ᠬᠢᠬᠦ ᠦᠭᠡᠢ᠂ ᠬᠠᠤᠯᠢ ᠪᠤᠰᠤ ᠵᠠᠭᠤᠴᠢ | ᠪᠠᠶᠢᠭᠤᠯᠤᠮᠵᠢ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠬᠡᠬᠦ ᠵᠡᠷᠭᠡ ᠠᠷᠭ᠎ᠠ ᠬᠡᠮᠵᠢᠶ᠎ᠡ ᠠᠪᠬᠤ | ᠪᠣᠯᠣᠨ᠎ᠠ᠃ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢ ᠰᠢᠯᠭᠠᠨ ᠬᠢᠨᠠᠨ᠎ᠠ ︽ᠠᠵᠤ | ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ | ᠰᠢᠯᠭᠠᠨ ᠬᠢᠨᠠᠬᠤ ᠵᠦᠭᠯᠡᠭᠦᠷ︾᠂ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠬᠥᠲᠥᠯᠪᠦᠷᠢ︾ ᠶᠢ 3 ᠰᠠᠷ᠎ᠠ ᠶᠢᠨ 1 ᠠᠴᠠ | ᠡᠬᠢᠯᠡᠨ ᠬᠡᠷᠡᠭᠵᠢᠭᠦᠯᠵᠦ᠂ ᠤᠨᠴᠠᠭᠠᠢ ᠢᠳᠡᠭᠡᠨ ᠦᠢᠯᠡᠳᠪᠦᠷᠢᠯᠡᠬᠦ ᠪᠠ ᠡᠵᠡᠩᠨᠡᠬᠦ ᠠᠵᠤ ᠠᠬᠤᠶᠢᠯᠠᠯ ᠤᠨ ᠢᠳᠡᠭᠡᠨ ᠤ | ᠠᠮᠤᠷ ᠲᠦᠪᠰᠢᠨ ᠤ ᠬᠠᠮᠢᠶᠠᠷᠤᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ ᠤᠨᠴᠠᠭᠠᠢ | ᠢᠳᠡᠭᠡᠨ ᠦᠢᠯᠡᠳᠪᠦᠷᠢᠯᠡᠬᠦ ᠪᠠ ᠡᠵᠡᠩᠨᠡᠬᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠠᠴᠠ ︽ᠵᠦᠭᠯᠡᠭᠦᠷ︾ | ᠪᠠ ︽ᠬᠥᠲᠥᠯᠪᠦᠷᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠤᠨᠴᠠᠭᠠᠢ ᠢᠳᠡᠭᠡᠨ ᠤ | ᠦᠢᠯᠡᠳᠪᠦᠷᠢᠯᠡᠯ᠂ ᠡᠵᠡᠩᠨᠡᠯᠲᠡ ᠯᠦᠭᠡ ᠬᠤᠯᠪᠣᠭᠳᠠᠬᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ | ᠲᠣᠭᠲᠠᠭᠠᠯ ᠳᠦᠷᠢᠮ ᠲᠣᠭᠲᠠᠭᠠᠯ ᠪᠠ ᠪᠠᠷᠢᠮᠵᠢᠶ᠎ᠠ ᠶᠢᠨ ᠴᠢᠬᠤᠯᠠ ᠲᠣᠭᠲᠠᠭᠠᠯ ᠢ ᠡᠵᠡᠮᠰᠢᠵᠦ᠂ ᠠᠵᠤ ᠠᠬᠤᠶᠢᠯᠠᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠵᠢᠴᠢ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠳᠤ ᠰᠠᠭᠤᠷᠢᠯᠠᠭᠰᠠᠨ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠵᠡᠷᠭᠡ ᠬᠠᠮᠢᠶ᠎ᠠ ᠪᠦᠬᠦᠢ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ |