2023 ᠣᠨ ᠤ ᠥᠪᠥᠷ ᠮᠣᠩᠭᠤᠯ ᠤᠨ ︽ᠬᠠᠤᠯᠢ ᠪᠠᠷ ᠵᠠᠰᠠᠬᠤ ᠠᠷᠪᠠᠨ ᠰᠢᠯᠢᠳᠡᠭ ᠬᠥᠮᠥᠨ︾᠄ ᠤᠮᠠᠷᠠᠲᠤ ᠬᠢᠯᠢ ᠳᠤ ᠦᠨᠳᠦᠰᠦᠯᠡᠭᠰᠡᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠲᠤᠰᠢᠶᠠᠯᠲᠠᠨ ᠯᠢ ᠬᠤᠸᠠᠨ
ᠨᠡᠶᠢᠲᠡᠯᠡᠭᠰᠡᠨ ᠴᠠᠭ᠄
2024/3/18
      2023 ᠣᠨ ᠳᠤ ᠪᠥᠬᠦ ᠣᠷᠣᠨ ᠤ ᠠᠷᠪᠠᠨ ᠶᠡᠭᠡ ᠬᠠᠤᠯᠢ ᠪᠠᠷ ᠵᠠᠰᠠᠬᠤ ᠬᠡᠷᠡᠭ᠂ ᠬᠠᠤᠯᠢ ᠪᠠᠷ ᠵᠠᠰᠠᠬᠤ ᠠᠷᠪᠠᠨ ᠰᠢᠯᠢᠳᠡᠭ ᠬᠥᠮᠥᠨ᠂ ᠠᠩᠬᠠᠳᠠᠭᠴᠢ ᠬᠤᠭᠤᠴᠠᠭᠠᠨ ᠤ ᠠᠷᠠᠳ ᠤᠨ ᠲᠥᠯᠥᠭᠡ ᠬᠠᠤᠯᠢ ᠪᠠᠷ ᠵᠠᠰᠠᠬᠤ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢ ᠰᠢᠯᠭᠠᠷᠠᠭᠤᠯᠤᠨ ᠨᠡᠶᠢᠳᠡᠯᠡᠵᠤ᠂ ᠡᠭᠦᠨ ᠳᠤ ᠮᠠᠨ ᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠳᠠᠷᠤᠭ᠎ᠠ ᠯᠢ ᠬᠤᠸᠠᠨ 2023 ᠣᠨ ᠤ ︽ᠬᠠᠤᠯᠢ ᠪᠠᠷ ᠵᠠᠰᠠᠬᠤ ᠠᠷᠪᠠᠨ ᠰᠢᠯᠢᠳᠡᠭ ᠬᠥᠮᠥᠨ︾᠎ ᠤ ᠴᠣᠯᠠ ᠶᠢ ᠭᠥᠷᠳᠡᠪᠡ᠃      ᠠᠵᠢᠯ ᠳᠠᠭᠠᠨ ᠰᠢᠷᠭᠠᠭᠤ ᠬᠠᠳᠠᠭᠤᠵᠢᠯᠲᠠᠢ᠂ ᠨᠠᠷᠢᠨ ᠬᠢᠨᠠᠮᠠᠭᠠᠢ᠂ ︽ᠪᠠᠭ᠎ᠠ ᠶᠠᠪᠤᠳᠠᠯ︾ ᠨᠢᠭᠡᠪᠤᠷᠢ ᠠᠴᠠ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠵᠤ ᠶᠠᠪᠤᠭ᠎ᠠ ᠯᠢ ᠬᠤᠸᠠᠨ ᠨᠦᠬᠦᠷ ᠮᠠᠨᠢ 1997 ᠣᠨ ᠳᠤ ᠬᠤᠰᠢᠭᠤᠨ ᠤ ᠪᠠᠶᠢᠴᠠᠭᠠᠬᠤ ᠬᠤᠷᠢᠶᠠᠨ ᠳᠤ ᠰᠢᠯᠵᠢᠨ ᠠᠵᠢᠯᠯᠠᠵᠤ᠂ ᠲᠡᠷᠡ ᠮᠠᠨᠢ 26 ᠵᠢᠯ ᠤᠨ ᠬᠢᠯᠢ ᠬᠢᠵᠠᠭᠠᠷ ᠢᠶᠠᠨ ᠬᠠᠮᠠᠭᠠᠯᠠᠭᠰᠠᠨ ᠦᠯᠢᠭᠡᠷ ᠢᠶᠠᠨ ᠡᠬᠢᠯᠡᠭᠦᠯᠦᠭᠰᠡᠨ ᠪᠠᠶᠢᠨ᠎ᠠ᠃ ᠲᠡᠷᠡ ᠦᠩᠭᠡᠷᠡᠭᠰᠡᠨ ᠳᠤ ᠪᠠᠨ ᠨᠢᠭᠲᠠᠯᠠᠨ ᠪᠤᠳᠤᠭᠴᠢ᠂ ᠦᠰᠦᠭ ᠴᠤᠬᠢᠬᠤ᠂ ᠬᠠᠤᠯᠢ ᠴᠠᠭᠠᠵᠠ ᠶᠢᠨ ᠲᠤᠭ᠎ᠠ ᠪᠦᠷᠢᠳᠬᠡᠯ᠂ ᠬᠠᠤᠯᠢ ᠶᠢᠨ ᠴᠠᠭᠳᠠᠭ᠎ᠠ᠂ ᠤᠯᠤᠰ ᠲᠦᠷᠦ ᠶᠢᠨ ᠠᠵᠢᠯ᠂ ᠮᠡᠷᠭᠡᠵᠢᠯ ᠤᠨ ᠠᠵᠢᠯ ᠵᠡᠷᠭᠡ ᠠᠵᠢᠯ ᠢ ᠬᠢᠵᠦ ᠥᠩᠭᠡᠷᠡᠵᠡᠢ᠃ 2014 ᠣᠨ ᠠᠴᠠ ᠨᠠᠰᠢ᠂ ᠪᠠᠶᠢᠴᠠᠭᠠᠬᠤ ᠬᠤᠷᠢᠶᠠᠨ ᠤ ᠠᠵᠢᠯ ᠤᠨ ᠪᠠᠶᠢᠷᠢᠨ ᠳᠤ ᠦᠷᠬᠦᠯᠵᠢᠯᠡᠨ ᠣᠷᠣᠯᠴᠠᠵᠤ᠂ ᠡᠷᠡᠭᠦᠦ ᠶᠢᠨ ᠬᠡᠷᠡᠭ ᠤᠨ ᠭᠦᠢᠴᠡᠳᠭᠡᠯᠲᠡ ᠶᠢ ᠪᠠᠶᠢᠴᠠᠭᠠᠬᠤ᠂ ᠢᠷᠭᠡᠨ ᠤ ᠬᠡᠷᠡᠭ ᠢ ᠪᠠᠶᠢᠴᠠᠭᠠᠬᠤ᠂ ᠵᠠᠰᠠᠭ ᠵᠠᠬᠢᠷᠭᠠᠨ ᠤ ᠪᠠᠶᠢᠴᠠᠭᠠᠯᠳᠠ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠪᠠᠶᠢᠴᠠᠭᠠᠬᠤ᠂ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢ ᠪᠠᠶᠢᠴᠠᠭᠠᠬᠤ ᠠᠵᠢᠯ ᠢ ᠬᠠᠷᠢᠭᠤᠴᠠᠨ᠂ ᠥᠪᠡᠷ ᠤᠨ ᠵᠠᠯᠠᠭᠤ ᠨᠠᠰᠤ ᠪᠠᠨ ᠬᠠᠷᠠᠮ ᠦᠭᠡᠢ ᠵᠣᠷᠢᠭᠤᠯᠪᠠ᠃ ᠬᠠᠮᠢᠭ᠎ᠠ ᠪᠠᠶᠢᠭᠰᠠᠨ ᠴᠤ ᠲᠡᠷᠡ ᠶᠡᠷᠦᠨᠢ ᠠᠵᠢᠯ ᠦᠢᠯᠡᠰ ᠤᠨ ᠡᠭᠦᠷᠭᠡᠳᠤ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ ᠪᠠᠶᠢᠴᠠᠭᠠᠬᠤ ᠲᠤᠰᠢᠶᠠᠯᠲᠠᠨ ᠤ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠳᠤ ᠰᠠᠬᠢᠭᠰᠠᠭᠠᠷ  ᠢᠷᠡᠵᠡᠢ᠃ ᠮᠦᠨᠴᠤ ᠠᠵᠢᠯ ᠤᠨ ᠳᠤᠮᠳᠠ ᠪᠠᠨ ᠲᠡᠷᠡ ᠮᠠᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠪᠡᠶ᠎ᠡ ᠪᠠᠨ ᠴᠢᠩᠭ᠎ᠠ ᠱᠠᠭᠠᠷᠳᠠᠨ᠂ ᠬᠠᠤᠯᠢ ᠶᠢ ᠭᠤᠣᠯᠴᠢ ᠪᠠᠷ ᠬᠡᠷᠡᠭᠵᠢᠭᠦᠯᠵᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠨ᠂ ᠪᠠᠶᠢᠴᠠᠭᠠᠬᠤ ᠲᠤᠰᠢᠶᠠᠯᠲᠠᠨ ᠤ ᠠᠵᠢᠯ ᠮᠡᠷᠭᠡᠵᠢᠯ ᠤᠨ ᠬᠡᠪ ᠰᠤᠷᠲᠠᠯ ᠢ ᠪᠠᠲᠤ ᠰᠠᠬᠢᠵᠤ᠂ ᠬᠠᠤᠯᠢ ᠶᠣᠰᠣᠭᠠᠷ ᠵᠢᠷᠤᠮᠵᠢᠯ ᠲᠠᠢ ᠪᠠᠷ ᠬᠡᠷᠡᠭ ᠪᠤᠯᠭᠠᠨ ᠢ ᠰᠢᠢᠳᠪᠤᠷᠢᠯᠡᠳᠡᠭ ᠪᠠᠶᠢᠨ᠎ᠠ᠃ ᠰᠦᠪᠡᠭᠴᠢ ᠶᠢ ᠪᠠᠶᠢᠴᠠᠭᠠᠨ ᠬᠠᠷᠭᠤᠭᠤᠯᠬᠤ ᠶᠢᠨ ᠲᠥᠯᠥᠭᠡ᠂ ᠲᠡᠷᠡ ᠪᠠᠷᠤᠭ ᠪᠥᠬᠦ ᠬᠤᠰᠢᠭᠤᠨ ᠤ ᠪᠣᠶ ᠪᠦᠬᠦᠢ ᠰᠠᠯᠠᠭ᠎ᠠ ᠮᠥᠴᠢᠷ ᠪᠣᠯᠣᠨ ᠰᠤᠮᠤ ᠪᠠᠯᠭᠠᠰᠤ ᠪᠠᠷ ᠭᠦᠨᠵᠡᠭᠡᠶᠢᠷᠡᠵᠤ᠂ ᠵᠠᠷᠢᠮ ᠦᠶ᠎ᠡ ᠳᠤ ᠨᠢᠭᠡ ᠭᠠᠵᠠᠷ ᠲᠤ ᠣᠯᠠᠨ ᠤᠳᠠᠭ᠎ᠠ ᠤᠴᠢᠨ᠂ ᠰᠢᠢᠳᠪᠤᠷᠢᠯᠡᠬᠦ ᠬᠡᠷᠡᠭ ᠪᠤᠯᠭᠠᠨ ᠤ ᠲᠡᠤᠬᠡᠨ ᠰᠢᠯᠭᠠᠯᠳᠠ ᠪᠠ ᠴᠠᠭ ᠤᠨ ᠰᠢᠯᠭᠠᠯᠳᠠ ᠶᠢ ᠪᠠᠳᠤᠯᠠᠵᠤ᠂ ᠡᠵᠡᠨ᠎ᠡ ᠶᠢᠨ ᠬᠦᠷᠦᠰᠤ ᠪᠤᠯᠭᠠᠨ ᠢᠶᠠᠷ ᠤᠯᠠ ᠮᠦᠷ ᠢᠶᠠᠨ ᠦᠯᠡᠳᠡᠭᠡᠨ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠵᠤ ᠶᠠᠪᠤᠨ᠎ᠠ᠃      ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠳᠠᠷᠤᠭ᠎ᠠ ᠯᠢ ᠬᠤᠸᠠᠨ᠄ ︽ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠭᠴᠢ ᠪᠣᠯᠤᠭᠰᠠᠨ ᠤ ᠬᠤᠪᠢ ᠳᠤ᠂ ᠪᠢ ᠥᠪᠡᠷ ᠤᠨ ᠬᠠᠷᠢᠭᠤᠴᠠᠯᠭ᠎ᠠ ᠪᠠ ᠡᠭᠦᠷᠭᠡ ᠪᠠᠨ ᠰᠠᠶᠢᠨ ᠮᠡᠳᠡᠨ᠎ᠡ᠃ ᠪᠢᠳᠡ ᠨᠡᠶᠢᠭᠡᠮ ᠤᠨ ᠲᠥᠪ ᠭᠤᠣᠯᠴᠢ ᠪᠠ ᠰᠢᠳᠤᠷᠭᠤ ᠶᠣᠰᠣ ᠶᠢ ᠬᠠᠮᠠᠭᠠᠯᠠᠬᠤ ᠪᠠᠷ ᠪᠠᠷᠠᠬᠤ ᠦᠭᠡᠢ ᠪᠠᠰᠠ ᠨᠡᠶᠢᠭᠡᠮ ᠤᠨ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠵᠤ᠂ ᠠᠷᠠᠳ ᠤᠯᠠᠨ ᠤ ᠠᠰᠢᠭ ᠲᠤᠰᠠ ᠶᠢᠨ ᠲᠥᠯᠥᠭᠡ ᠦᠭᠡ ᠬᠡᠯᠡᠬᠦ ᠬᠡᠷᠡᠭᠲᠡᠢ᠃ ᠠᠵᠢᠯ ᠤᠨ ᠳᠤᠮᠳᠠ ᠪᠠᠨ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠥᠪᠡᠷ ᠢ ᠪᠠᠨ ᠱᠠᠭᠠᠷᠳᠠᠵᠤ ᠪᠠᠶᠢᠭᠠᠳ ᠬᠡᠷᠡᠭ ᠪᠣᠯᠭᠠᠨ ᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠠᠷ ᠰᠠᠶᠢᠲᠤᠷ ᠰᠢᠢᠳᠪᠦᠷᠢᠯᠡᠵᠦ᠂ ᠨᠡᠶᠢᠭᠡᠮ ᠤᠨ ᠠᠰᠠᠭᠤᠳᠠᠯ ᠢ ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠤᠨ᠂ ᠨᠡᠶᠢᠭᠡᠮ ᠤᠨ ᠤᠯᠠᠨ ᠨᠡᠶᠢᠲᠡ ᠶᠢᠨ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号