ᠦᠰᠦᠭ ᠪᠢᠴᠢᠭ ᠢᠶᠠᠷ ᠦᠭᠦᠯᠡᠬᠦᠢ᠄ ᠲᠦᠷ ᠴᠠᠭ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ
ᠨᠡᠶᠢᠲᠡᠯᠡᠭᠰᠡᠨ ᠴᠠᠭ᠄
2024/3/18
       ᠨᠢᠭᠡ᠂ ᠶᠠᠭᠤ ᠶᠢ ᠲᠦᠷ ᠴᠠᠭ ᠤᠨ ᠠᠪᠤᠷᠠᠨ ᠲᠤᠰᠠᠯᠠᠯᠳᠠ ᠭᠡᠳᠡᠭ ᠪᠤᠢ       ᠭᠡᠨᠡᠳᠳᠡ ᠡᠭᠦᠰᠦᠭᠰᠡᠨ ᠬᠡᠷᠡᠭ᠂ ᠰᠠᠨᠠᠭᠠᠨ ᠳᠤ ᠦᠬᠡᠢ ᠭᠡᠨᠡᠳᠡᠯ᠂ ᠬᠦᠨᠳᠦ ᠡᠪᠡᠳᠴᠢᠨ ᠪᠤᠶᠤ ᠪᠤᠰᠤᠳ ᠤᠨᠴᠠᠭᠠᠢ ᠰᠢᠯᠳᠠᠭᠠᠨ ᠠᠴᠠ ᠪᠤᠯᠵᠤ ᠠᠮᠢᠳᠤᠷᠠᠯ ᠨᠢ ᠬᠦᠴᠢᠷᠳᠡᠯ ᠲᠠᠢ ᠪᠤᠯᠵᠤ᠂ ᠪᠤᠰᠤᠳ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠨᠢ ᠲᠦᠷ ᠴᠠᠭ ᠠᠪᠤᠷᠠᠨ ᠲᠤᠰᠠᠯᠠᠵᠤ ᠴᠢᠳᠠᠬᠤ ᠦᠬᠡᠢ ᠪᠤᠶᠤ ᠠᠪᠤᠷᠠᠨ ᠲᠤᠰᠠᠯᠠᠭᠰᠠᠨ ᠤ ᠳᠠᠷᠠᠭ᠎ᠠ ᠦᠨᠳᠦᠰᠦᠨ ᠠᠮᠢᠳᠤᠷᠠᠯ ᠨᠢ ᠮᠦᠨ ᠯᠠ ᠬᠦᠴᠢᠷᠳᠡᠯ ᠲᠠᠢ ᠪᠠᠶᠢᠬᠤ ᠭᠡᠷ ᠪᠦᠯᠢ ᠪᠤᠶᠤ ᠬᠤᠪᠢ ᠬᠦᠮᠦᠨ ᠨᠢ ᠲᠦᠷ ᠴᠠᠭ ᠤᠨ ᠠᠪᠤᠷᠠᠨ ᠲᠤᠰᠠᠯᠠᠯᠳᠠ ᠶᠢ ᠭᠤᠶᠤᠴᠢᠯᠠᠵᠤ ᠪᠤᠯᠤᠨ᠎ᠠ᠃      ᠬᠤᠶᠠᠷ᠂ ᠲᠦᠷ ᠴᠠᠭ ᠤᠨ ᠠᠪᠤᠷᠠᠨ ᠲᠤᠰᠠᠯᠠᠯᠳᠠ ᠶᠢ ᠳᠤᠤᠷᠠᠬᠢ ᠭᠤᠷᠪᠠᠨ ᠲᠦᠷᠦᠯ ᠳᠤ ᠬᠤᠪᠢᠶᠠᠵᠤ ᠪᠤᠯᠤᠨ᠎ᠠ᠃      ︵ᠨᠢᠭᠡ︶ ᠪᠠᠴᠢᠮ ᠲᠤᠯᠭᠠᠮ᠂ ᠬᠦᠨᠳᠦ ᠨᠤᠴᠢᠳᠠᠢ ᠬᠦᠴᠢᠷᠳᠡᠯ ᠳᠤ ᠲᠤᠯᠭᠠᠷᠠᠭᠰᠠᠨ ᠬᠦᠮᠦᠰ      ①ᠭᠡᠨᠡᠳᠳᠡ ᠡᠭᠦᠰᠦᠭᠰᠡᠨ ᠪᠠᠴᠢᠮ ᠲᠤᠯᠭᠠᠮ ᠴᠢᠨᠠᠷᠳᠠᠢ ᠨᠡᠶᠢᠭᠡᠮ ᠤᠨ ᠭᠡᠷᠡᠭ ᠶᠠᠪᠤᠳᠠᠯ ᠠᠴᠠ ᠪᠤᠯᠵᠤ᠂ ᠠᠮᠢᠳᠤᠷᠠᠯ ᠨᠢ ᠬᠦᠨᠳᠦ ᠨᠤᠴᠢᠳᠠᠢ ᠬᠦᠴᠢᠷᠳᠡᠯ ᠳᠤ ᠲᠤᠯᠭᠠᠷᠠᠭᠰᠠᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠪᠠᠷᠢᠮᠵᠢᠶ᠎ᠠ ᠎ ᠳᠤ ᠤᠶᠢᠷᠠᠬᠠᠨ ᠪᠠᠶᠢᠬᠤ ᠬᠦᠮᠦᠰ᠃      ②ᠭᠡᠨᠡᠳᠳᠡ ᠡᠭᠦᠰᠦᠭᠰᠡᠨ ᠪᠠᠴᠢᠮ ᠲᠤᠯᠭᠠᠮ ᠴᠢᠨᠠᠷᠳᠠᠢ ᠨᠡᠶᠢᠭᠡᠮ ᠤᠨ ᠭᠡᠷᠡᠭ ᠶᠠᠪᠤᠳᠠᠯ ᠠᠴᠠ ᠪᠤᠯᠵᠤ᠂ ᠠᠮᠢᠳᠤᠷᠠᠯ ᠤᠨ ᠵᠠᠷᠤᠳᠠᠯ ᠰᠦᠢᠳᠬᠡᠯ ᠨᠢ ᠠᠵᠤ ᠠᠬᠤᠢ ᠶᠢᠨ ᠳᠠᠭᠠᠭᠠᠵᠤ ᠴᠢᠳᠠᠬᠤ ᠴᠢᠳᠠᠪᠤᠷᠢ ᠠᠴᠠ ᠬᠡᠳᠦᠷᠡᠭᠰᠡᠨ ᠶᠠᠳᠠᠭᠤ ᠬᠦᠴᠢᠷᠳᠡᠢ ᠭᠡᠷ ᠪᠦᠯᠢ ᠪᠤᠶᠦ ᠬᠤᠪᠢ ᠬᠦᠮᠦᠨ ᠵᠡᠷᠭᠡ ᠪᠠᠭᠳᠠᠨ᠎ᠠ᠃      ︵ᠬᠤᠶᠠᠷ︶  ᠵᠠᠷᠤᠳᠠᠯ ᠰᠦᠢᠳᠬᠡᠯ ᠨᠢ ᠳᠠᠭᠠᠭᠠᠵᠤ ᠴᠢᠳᠠᠬᠤ ᠴᠢᠳᠠᠪᠤᠷᠢ ᠠᠴᠠ ᠬᠡᠳᠦᠷᠡᠭᠰᠡᠨ ᠬᠦᠮᠦᠰ      ① ᠭᠡᠷ ᠪᠦᠯᠢ ᠶᠢᠨ ᠭᠡᠰᠢᠭᠦᠨ ᠨᠢ ᠭᠤᠤᠯᠳᠠᠭᠤ ᠰᠤᠷᠭᠠᠨ ᠬᠦᠮᠦᠵᠢᠯ᠂ ᠡᠮ ᠡᠮᠨᠡᠯᠭᠡ᠂ ᠪᠠᠶᠢᠭᠠᠯᠢ ᠶᠢᠨ ᠭᠠᠮᠰᠢᠭ᠂ ᠵᠡᠮᠳᠡᠭᠷᠡᠬᠦ᠂ ᠭᠡᠨᠡᠳᠳᠡ ᠶᠢᠨ ᠭᠡᠷᠡᠭ᠂ ᠪᠡᠶ᠎ᠡ ᠶᠢᠨ ᠰᠢᠷᠬᠠᠳᠤᠯ ᠵᠡᠷᠭᠡ ᠪᠤᠰᠤᠳ ᠤᠨᠴᠠᠭᠠᠢ ᠰᠢᠯᠳᠠᠭᠠᠨ ᠎ ᠠᠴᠠ ᠪᠤᠯᠵᠤ᠂ ᠠᠮᠢᠳᠤᠷᠠᠯ ᠤᠨ ᠵᠠᠷᠤᠳᠠᠯ ᠰᠦᠢᠳᠬᠡᠯ ᠨᠢ ᠭᠡᠨᠡᠳᠳᠡ ᠪᠠᠷ ᠶᠡᠬᠡᠪᠡᠷ ᠨᠡᠮᠡᠭᠳᠡᠵᠦ᠂ ᠠᠵᠤ ᠠᠬᠤᠢ ᠶᠢᠨ ᠳᠠᠭᠠᠭᠠᠵᠤ ᠴᠢᠳᠠᠬᠤ ᠴᠢᠳᠠᠪᠤᠷᠢ ᠠᠴᠠ ᠬᠡᠳᠦᠷᠡᠵᠦ᠂ ᠦᠨᠳᠦᠰᠦᠨ ᠠᠮᠢᠳᠣᠷᠠᠯ ᠨᠢ ᠵᠤᠬᠢᠬᠤ ᠬᠤᠭᠤᠴᠠᠭᠠᠨ ᠳᠤ ᠬᠦᠨᠳᠦ ᠨᠤᠴᠢᠳᠠᠢ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠪᠤᠶᠤ ᠬᠤᠪᠢ ᠬᠦᠮᠦᠨ᠃     ②ᠤᠷᠤᠯᠭ᠎ᠠ ᠨᠢ ᠬᠠᠰᠤᠭᠳᠠᠭᠰᠠᠨ ᠠᠴᠠ ᠪᠤᠯᠵᠤ ᠦᠨᠳᠦᠰᠦᠨ ᠠᠮᠢᠳᠤᠷᠠᠯ ᠨᠢ ᠵᠤᠬᠢᠬᠤ ᠬᠤᠭᠤᠴᠠᠭᠠᠨ ᠳᠤ ᠬᠦᠴᠢᠷᠳᠡᠯ ᠳᠤ ᠤᠴᠠᠷᠠᠭᠰᠠᠨ ᠭᠡᠷ ᠪᠦᠯᠢ ᠪᠤᠶᠤ ᠬᠤᠪᠢ ᠬᠦᠮᠦᠨ᠃     ③ ᠶᠠᠳᠠᠭᠤ ᠠᠴᠠ ᠠᠩᠬᠢᠵᠢᠷᠠᠭᠰᠠᠨ ᠬᠦᠮᠦᠨ ᠠᠮᠠ ᠶᠢᠨ ᠲᠤᠳᠤᠷᠠᠬᠢ ᠬᠦᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠪᠤᠶᠤ ᠬᠡᠰᠡᠭ ᠠᠯᠳᠠᠭᠰᠠᠨ᠂ ᠠᠵᠤ ᠦᠢᠯᠡᠰ ᠤᠨ ᠲᠤᠭᠳᠠᠪᠤᠷᠢᠳᠠᠢ ᠤᠷᠣᠯᠭ᠎ᠠ ᠪᠠᠶᠢᠬᠤ ᠦᠬᠡᠢ᠂ ᠠᠵᠤ ᠠᠬᠤᠢ ᠶᠢᠨ ᠪᠠᠶᠢᠳᠠᠯ ᠨᠢ ᠤᠷᠤᠯᠭ᠎ᠠ ᠪᠠᠭ᠎ᠠ ᠡᠷᠦᠬᠡ ᠶᠢᠨ ᠲᠤᠭᠳᠠᠭᠠᠯ ᠤᠨ ᠪᠠᠷᠢᠮᠵᠢᠶ᠎ᠠ ᠳᠤ ᠨᠡᠶᠢᠴᠡᠬᠦ ᠭᠡᠷ ᠪᠦᠯᠢ ᠪᠤᠶᠤ ᠬᠤᠪᠢ ᠬᠦᠮᠦᠨ᠃     ︵ᠭᠤᠷᠪᠠ︶  ᠨᠡᠶᠢᠭᠡᠮ ᠤᠨ ᠠᠪᠤᠷᠠᠨ ᠲᠡᠳᠬᠦᠮᠵᠢ ᠶᠢᠨ ᠳᠦᠷᠢᠮ ᠤᠨ ᠬᠠᠮᠤᠷᠠᠬᠤ ᠬᠡᠪᠴᠢᠶᠡᠨ ᠳᠤ ᠨᠢᠭᠡᠨᠳᠡ ᠤᠷᠤᠭᠰᠠᠨ᠂  ᠴᠢᠬᠤᠯᠠ ᠪᠦᠬᠦᠢ ᠵᠠᠷᠤᠳᠠᠯ ᠰᠦᠢᠳᠬᠡᠯ ᠦᠬᠡᠢ ᠴᠦ ᠦᠨᠳᠦᠰᠦᠨ ᠠᠮᠢᠳᠤᠷᠠᠯ ᠨᠢ ᠮᠦᠨ ᠯᠠ ᠬᠦᠴᠢᠷᠳᠡᠯ ᠲᠠᠢ ᠬᠤᠳᠠ ᠬᠦᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠬᠦᠷᠳᠡᠬᠦ ᠡᠳᠡᠭᠡᠳ᠂ ᠦᠨᠦᠴᠢᠨ ᠬᠡᠦᠬᠡᠳ᠂ ᠡᠴᠢᠭᠡ ᠡᠬᠡ ᠨᠢ ᠲᠡᠵᠢᠬᠡᠬᠦ ᠪᠤᠯᠤᠯᠴᠠᠭ᠎ᠠ ᠦᠬᠡᠢ ᠬᠡᠦᠬᠡᠳ᠂ ᠲᠡᠳᠬᠦᠨ ᠬᠠᠷᠠᠭᠠᠯᠵᠠᠭ᠎ᠠ ᠤᠨᠴᠠ ᠬᠦᠴᠢᠷᠳᠡᠯᠳᠡᠢ ᠬᠦᠮᠦᠰ᠂ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠪᠠᠷᠢᠮᠵᠢᠶ᠎ᠠ ᠳᠤ ᠤᠶᠢᠷᠬᠠᠨ ᠪᠠᠶᠢᠬᠤ ᠬᠦᠮᠦᠰ᠃      ᠭᠤᠷᠪᠠ᠂ ᠭᠤᠶᠤᠴᠢᠯᠠᠯ ᠬᠢᠬᠦ ᠳᠤ ᠲᠤᠰᠢᠶᠠᠬᠤ ᠬᠡᠷᠡᠭᠳᠡᠢ ᠮᠠᠲ᠋ᠧᠷᠢᠶᠠᠯ       ︵ᠨᠢᠭᠡ︶ ᠲᠦᠷ ᠴᠠᠭ ᠤᠨ ᠠᠪᠤᠷᠠᠨ ᠲᠤᠰᠠᠯᠠᠯᠳᠠ ᠶᠢᠨ ᠭᠤᠶᠤᠴᠢᠯᠠᠯ ᠤᠨ ᠪᠢᠴᠢᠭ᠃      ︵ᠬᠤᠶᠠᠷ︶  ᠡᠷᠦᠬᠡ ᠠᠮᠠ ᠨᠢ ᠬᠠᠮᠳᠤ ᠪᠠᠶᠢᠬᠤ ᠬᠦᠮᠦᠰ᠂ ᠬᠠᠮᠳᠤ ᠠᠮᠢᠳᠤᠷᠠᠭ᠎ᠠ ᠬᠦᠮᠦᠰ᠂ ᠬᠠᠤᠯᠢ ᠪᠠᠷ ᠲᠤᠭᠳᠠᠭᠠᠭᠰᠠᠨ ᠠᠰᠠᠷᠠᠨ ᠲᠡᠵᠢᠭᠡᠬᠦ ᠬᠦᠮᠦᠨ ︵ᠲᠡᠳᠬᠦᠨ ᠲᠡᠵᠢᠭᠡᠬᠦ ᠬᠦᠮᠦᠨ︶ ᠎ ᠤ ᠡᠷᠦᠬᠡ ᠠᠮᠠ ᠶᠢᠨ ᠳᠡᠪᠳᠡᠷ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠡᠯ ᠤᠨ ᠲᠠᠷᠤᠮᠯᠠᠭᠰᠠᠨ ᠮᠠᠲ᠋ᠧᠷᠢᠶᠠᠯ ︵ᠳᠤᠲᠤᠭᠠᠳᠤ ᠶᠢ ᠬᠠᠮᠠᠭᠠᠯᠠᠬᠤ ᠲᠤᠪᠴᠢᠶ᠎ᠠ ᠠᠴᠠ ᠭᠠᠷᠭᠠᠭᠰᠠᠨ ᠡᠷᠦᠬᠡ ᠠᠮᠠ ᠶᠢᠨ ᠲᠤᠬᠠᠢ ᠮᠡᠳᠡᠭᠡ︶᠃      ︵ᠭᠤᠷᠪᠠ︶ ᠬᠦᠨᠳᠦ ᠡᠪᠡᠳᠴᠢᠨ ᠲᠠᠢ ᠬᠦᠮᠦᠰ᠂ ᠳᠡᠭᠡᠷ᠎ᠡ ᠵᠢᠯ ᠠᠴᠠ ᠨᠠᠰᠢᠬᠢ ᠬᠤᠰᠢᠭᠤᠨ ᠤ ᠳᠡᠰ ᠤᠨ ᠡᠮᠨᠡᠯᠭᠡ ᠪᠤᠶᠤ ᠲᠡᠭᠦᠨ ᠠᠴᠠ ᠳᠡᠭᠡᠷ᠎ᠡ ᠳᠡᠰ ᠤᠨ ᠡᠮᠨᠡᠯᠭᠡ ᠠᠴᠠ ᠭᠠᠷᠭᠠᠭᠰᠠᠨ ᠡᠮᠴᠢᠯᠡᠭᠡᠨ ᠤ ᠤᠨᠤᠰᠢᠯᠠᠯᠳᠠ ᠶᠢᠨ ᠪᠢᠴᠢᠭ᠂ ᠡᠪᠡᠳᠴᠢᠨ ᠤ ᠲᠡᠦᠬᠡ᠂ ᠡᠮ ᠡᠮᠨᠡᠯᠭᠡ ᠶᠢᠨ ᠵᠠᠷᠤᠳᠠᠯ ᠰᠦᠢᠳᠬᠡᠯ ᠵᠡᠷᠭᠡ ᠬᠠᠮᠢᠶ᠎ᠠ ᠪᠦᠬᠦᠢ ᠭᠡᠷᠡᠴᠢᠯᠡᠭᠰᠡᠨ ᠵᠤᠶᠢᠯ ᠬᠢᠬᠡᠳ ᠳᠠᠷᠤᠮᠯᠠᠭᠰᠠᠨ ᠮᠠᠲ᠋ᠧᠷᠢᠶᠠᠯ᠃      ︵ᠳᠦᠷᠪᠡ︶ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ᠂ ᠪᠡᠶ᠎ᠡ ᠶᠢᠨ ᠰᠢᠷᠬᠠᠳᠤᠯ ᠵᠡᠷᠭᠡ ᠠᠴᠠ ᠭᠠᠴᠢᠭᠳᠠᠭᠰᠠᠨ ᠬᠦᠮᠦᠰ᠂ ᠬᠠᠮᠢᠶ᠎ᠠ ᠪᠦᠬᠦᠢ ᠪᠠᠶᠢᠭᠤᠯᠭ᠎ᠠ ᠠᠴᠠ ᠭᠡᠷᠡᠴᠢ ᠮᠠᠲ᠋ᠧᠷᠢᠶᠠᠯ ᠭᠠᠷᠭᠠᠨ᠎ᠠ᠃      ︵ᠲᠠᠪᠤ︶ ᠰᠤᠷᠭᠠᠭᠤᠯᠢ ᠳᠤ ᠰᠠᠭᠤᠬᠤ ᠠᠴᠠ ᠪᠤᠯᠵᠤ ᠬᠦᠴᠢᠷᠳᠡᠭᠰᠡᠨ ᠬᠦᠮᠦᠰ᠂ ᠰᠤᠷᠤᠭᠴᠢ ᠶᠢᠨ ᠦᠨᠡᠮᠡᠯ᠂ ᠰᠤᠷᠤᠯᠭ᠎ᠠ ᠶᠢᠨ ᠰᠦᠢᠳᠬᠡᠯ ᠤᠨ ᠫᠢᠶᠤᠤ ᠪᠠᠷᠢᠮᠳᠠ ᠵᠡᠷᠭᠡ ᠶᠢ ᠬᠠᠩᠭᠠᠨ᠎ᠠ᠃      ︵ᠵᠢᠷᠭᠤᠭ᠎ᠠ︶ ᠪᠤᠰᠤᠳ ᠲᠤᠰᠢᠶᠠᠬᠤ ᠶᠤᠰᠤᠳᠠᠢ ᠮᠠᠲ᠋ᠧᠷᠢᠶᠠᠯ ᠤᠳ᠃      ᠡᠭᠦᠨ ᠤ ᠬᠠᠮᠳᠤ ᠭᠤᠶᠤᠴᠢᠯᠠᠭᠴᠢ ᠠᠴᠠ ᠲᠤᠰᠢᠶᠠᠭᠰᠠᠨ ᠦᠪᠡᠷ ᠤᠨ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ ᠳᠤ ᠪᠠᠨ ᠠᠮᠠᠯᠠᠯᠳᠠ ᠬᠢᠵᠦ᠂《 ᠭᠡᠷ ᠪᠦᠯᠢ ᠶᠢᠨ ᠤᠷᠤᠯᠭ᠎ᠠ᠂ ᠡᠳ᠋ ᠬᠦᠷᠦᠩᠭᠡ ᠶᠢ ᠬᠠᠷᠭᠤᠭᠤᠯᠤᠭᠰᠠᠨ ᠡᠷᠬᠡ ᠤᠯᠭᠤᠬᠤ ᠪᠢᠴᠢᠭ》᠂《 ᠨᠡᠶᠢᠭᠡᠮ ᠤᠨ ᠠᠪᠤᠷᠠᠨ ᠲᠤᠰᠠᠯᠠᠮᠵᠢ ᠶᠢᠨ ᠬᠤᠪᠢ ᠬᠦᠮᠦᠨ ᠤ ᠢᠳᠡᠬᠡᠮᠵᠢᠳᠡᠢ ᠮᠡᠳᠡᠭᠳᠡᠬᠦ ᠪᠢᠴᠢᠭ》᠎ ᠲᠤ ᠭᠠᠷ ᠤᠨ ᠦᠰᠦᠭ ᠵᠢᠷᠤᠨ᠎ᠠ᠃ ᠭᠤᠶᠤᠴᠢᠯᠠᠭᠴᠢ ᠶᠢᠨ ᠬᠠᠩᠭᠠᠭᠰᠠᠨ ᠪᠢᠴᠢᠭ ᠮᠠᠲ᠋ᠧᠷᠢᠶᠠᠯ ᠎ ᠨᠢ ᠪᠦᠷᠢᠨ ᠭᠦᠢᠴᠡᠳ ᠪᠦᠬᠡᠳ ᠱᠠᠭᠠᠷᠳᠠᠯᠭ᠎ᠠ ᠳᠤ ᠨᠡᠶᠢᠴᠡᠭᠰᠡᠨ ᠪᠤᠯ᠂ ᠭᠤᠶᠤᠴᠢᠯᠠᠯ ᠢ ᠬᠦᠯᠢᠶᠠᠨ ᠠᠪᠴᠤ ᠪᠡᠯᠡᠨ ᠰᠢᠢᠳᠪᠦᠷᠢᠯᠡᠵᠦ᠂ ᠭᠤᠶᠤᠴᠢᠯᠠᠭᠴᠢ ᠳᠤ ᠬᠦᠯᠢᠶᠠᠨ ᠠᠪᠴᠣ ᠰᠢᠢᠳᠪᠦᠷᠢᠯᠡᠬᠦ ᠮᠡᠳᠡᠭᠳᠡᠯ ᠤᠨ ᠪᠢᠴᠢᠭ ᠭᠠᠷᠭᠠᠵᠤ ᠦᠭᠭᠦᠨ᠎ᠡ᠃       ᠳᠦᠷᠪᠡ᠂ ᠬᠠᠮᠢᠭ᠎ᠠ ᠠᠴᠠ ᠲᠦᠷ ᠴᠠᠭ ᠤᠨ ᠠᠪᠤᠷᠠᠨ ᠲᠤᠰᠠᠯᠠᠯᠳᠠ ᠭᠤᠶᠤᠴᠢᠯᠠᠵᠤ ᠪᠤᠯᠬᠤ ᠪᠤᠢ      ︵ᠨᠢᠭᠡ︶ ᠡᠵᠡᠨ᠎ᠡ ᠬᠤᠰᠢᠭᠤᠨ ᠤ ᠡᠷᠦᠬᠡ ᠠᠮᠠ ᠲᠠᠢ ᠬᠦᠮᠦᠰ᠂ ᠤᠷᠳᠤ ᠬᠤᠭᠤᠴᠠᠭ᠎ᠠ ᠰᠠᠭᠤᠷᠢᠰᠢᠵᠤ ᠪᠠᠶᠢᠭᠰᠠᠨ ᠰᠤᠮᠤ ᠪᠠᠯᠭᠠᠰᠤ᠂ ᠭᠠᠴᠠᠭ᠎ᠠ ᠪᠤᠶᠤ ᠨᠡᠶᠢᠭᠡᠮ ᠤᠨ ᠲᠤᠭᠤᠷᠢᠭ ᠠᠴᠠ ᠭᠤᠶᠤᠴᠢᠯᠠᠯ ᠬᠢᠵᠦ ᠪᠤᠯᠤᠨ᠎ᠠ᠃      ︵ᠬᠤᠶᠠᠷ︶ ᠲᠦᠷᠦᠯ ᠰᠠᠳᠤᠨ ᠢᠶᠠᠨ ᠡᠷᠬᠢᠬᠦ᠂ ᠵᠢᠭᠤᠯᠴᠢᠯᠠᠯ ᠬᠢᠬᠦ᠂ ᠬᠦᠯᠦᠰᠦᠨ ᠠᠵᠢᠯ ᠬᠢᠬᠦ ᠵᠡᠷᠭᠡ ᠰᠢᠯᠳᠠᠭᠠᠨ ᠠᠴᠠ ᠮᠠᠨ ᠤ ᠬᠤᠰᠢᠭᠤᠨ ᠳᠤ ᠬᠦᠨᠳᠦ ᠶᠡᠭᠡ ᠠᠳᠡᠭᠳᠡᠯ᠂ ᠡᠪᠡᠳᠴᠢᠨ ᠡᠮᠭᠡᠭ ᠵᠡᠷᠭᠡ ᠬᠡᠨᠡᠳᠳᠡ ᠡᠭᠦᠰᠦᠭᠰᠡᠨ ᠬᠡᠷᠡᠭ ᠠᠴᠠ ᠪᠤᠯᠵᠤ ᠬᠦᠴᠢᠷᠳᠡᠭᠰᠡᠨ ᠶᠠᠪᠤᠭᠤᠯ ᠬᠦᠮᠦᠨ ᠠᠮᠠ ᠨᠢ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠳᠤ ᠬᠦᠷᠴᠦ᠂ ᠲᠦᠷ ᠴᠠᠭ ᠤᠨ ᠠᠪᠤᠷᠠᠨ ᠲᠤᠰᠠᠯᠠᠯᠳᠠ ᠶᠢ ᠭᠤᠶᠤᠴᠢᠯᠠᠵᠤ ᠪᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号