ᠦᠩᠲᠦᠭᠤᠤᠯ ᠰᠤᠮᠤ᠄ ᠡᠷᠦᠬᠡ ᠳᠤ ᠬᠦᠨᠵᠡᠭᠡᠶᠢᠷᠡᠨ ᠭᠠᠵᠢᠭᠤ ᠨᠣᠮᠯᠠᠯ ᠢ ᠡᠰᠡᠷᠭᠦᠴᠡᠵᠦ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾᠎ ᠢ ᠬᠠᠮᠲᠤ ᠪᠠᠷ ᠪᠠᠬᠢᠵᠢᠬᠦᠯᠪᠡ
ᠨᠡᠶᠢᠲᠡᠯᠡᠭᠰᠡᠨ ᠴᠠᠭ᠄
2024/3/19
      ᠬᠠᠷᠢᠶᠠᠲᠤ ᠣᠷᠣᠨ ᠤ ᠣᠯᠠᠨ ᠲᠦᠮᠡᠨ ᠤ ᠭᠠᠵᠢᠭᠤ ᠨᠣᠮᠯᠠᠯ ᠤᠨ ᠬᠤᠣᠷ ᠬᠥᠨᠥᠭᠡᠯ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠵᠢᠭᠤ ᠨᠣᠮᠯᠠᠯ ᠢ ᠡᠰᠡᠷᠭᠦᠴᠡᠬᠦ ᠰᠤᠷᠭᠠᠨ ᠬᠥᠮᠦᠵᠢᠯ ᠤᠨ ᠠᠵᠢᠯ ᠢ ᠣᠶᠢᠯᠠᠭᠠᠬᠤ ᠨᠣᠷᠮ᠎ᠠ ᠪᠠ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ ᠂ ᠣᠶᠢᠷ᠎ᠠ ᠶᠢᠨ ᠡᠳᠦᠷ ᠦᠩᠳᠦᠭᠤᠤᠯ ᠰᠤᠮᠤ ᠨᠢ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ ᠃      ᠬᠦᠳᠡᠯᠬᠡᠬᠡᠨ ᠤ ᠳᠤᠮᠳᠠ᠂ ᠠᠵᠢᠯᠳᠠᠨ ᠠᠴᠠ ᠮᠠᠯᠴᠢᠨ ᠡᠷᠣᠬᠡ ᠪᠠᠷ ᠭᠦᠨᠵᠡᠭᠡᠶᠢᠷᠡᠨ᠂ ᠮᠠᠯᠴᠢᠳ ᠲᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ︽ᠭᠠᠵᠢᠭᠤ ᠨᠣᠮᠯᠠᠯ ᠭᠡᠳᠡᠭ ᠨᠢ ᠶᠠᠭᠤ᠂ ᠭᠠᠵᠢᠭᠤ ᠨᠣᠮᠯᠠᠯ ᠤᠨ ᠰᠢᠨᠵᠢ ᠴᠢᠨᠠᠷ ᠵᠢᠴᠢ ᠬᠤᠣᠷ ᠬᠥᠨᠥᠭᠡᠯ᠂ ᠭᠠᠵᠢᠭᠤ ᠨᠣᠮᠯᠠᠯ ᠤᠨ ᠲᠥᠷᠥᠯ ᠵᠦᠢᠯ᠂ ᠭᠠᠵᠢᠭᠤ ᠨᠣᠮᠯᠠᠯ ᠢ ᠡᠰᠡᠷᠭᠦᠴᠡᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠭᠠᠵᠢᠭᠤ ᠨᠣᠮᠯᠠᠯ ᠤᠨ ᠬᠤᠣᠷ ᠬᠥᠨᠥᠭᠡᠯ ᠢ ᠬᠡᠷᠬᠢᠨ ᠰᠡᠷᠭᠡᠶᠢᠯᠡᠵᠦ ᠠᠷᠢᠯᠭᠠᠬᠤ︾ ᠵᠡᠷᠭᠡ ᠠᠰᠠᠭᠤᠳᠠᠯ ᠢ ᠨᠢᠭᠤᠷᠲᠠᠨ ᠲᠠᠶᠢᠯᠪᠤᠷᠢᠯᠠᠬᠤ ᠶᠢᠨ ᠬᠠᠮᠲᠤ᠂ ᠮᠠᠯᠴᠢᠳ ᠲᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠭᠠᠵᠢᠭᠤ ᠨᠣᠮᠯᠠᠯ ᠤᠨ ᠬᠦᠴᠦᠨ ᠤ ᠨᠡᠪᠴᠢᠯᠲᠡ ᠶᠢ ᠰᠡᠷᠭᠡᠶᠢᠯᠡᠨ ᠬᠤᠷᠢᠭᠯᠠᠵᠤ᠂ ᠭᠠᠵᠢᠭᠤ ᠨᠣᠮᠯᠠᠯ ᠢ ᠤᠬᠠᠮᠰᠠᠷ ᠠᠴᠠ ᠪᠠᠨ ᠡᠰᠡᠷᠭᠦᠴᠡᠬᠦ ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠦᠩᠳᠦᠭᠤᠤᠯ ᠰᠤᠮᠤ ᠎ ᠨᠢ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ᠂ ᠶᠣᠰᠣ ᠰᠤᠷᠲᠠᠬᠤᠨ ᠪᠠ ᠬᠠᠣᠯᠢ       ᠴᠠᠭᠠᠵᠠ ᠶᠢ ᠡᠷᠬᠢᠮᠯᠡᠵᠦ᠂ ᠭᠠᠵᠢᠭᠤ ᠨᠣᠮᠯᠠᠯ ᠢ ᠡᠰᠡᠷᠭᠦᠴᠡᠵᠦ᠂ ᠰᠢᠨᠵᠢᠯᠡᠬᠦ ᠤᠬᠠᠭᠠᠨ ᠢ ᠢᠳᠡᠭᠡᠵᠦ ᠂ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃  
 
ᠢᠷᠡᠯᠲᠡ᠄ ᠥᠩᠲᠣᠭᠤᠣᠯ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号