3 ᠰᠠᠷ᠎ᠠ ᠶᠢᠨ 23 ᠤ ᠡᠳᠦᠷ ᠪᠣᠯ 64 ᠳ᠋ᠦ᠋ᠭᠡᠷ ᠳᠡᠯᠡᠬᠡᠢ ᠶᠢᠨ ᠴᠠᠭ ᠠᠭᠤᠷ ᠤᠨ ᠡᠳᠦᠷ ᠪᠣᠯᠣᠨ᠎ᠠ᠂ ᠡᠨᠡ | ᠵᠢᠯ ᠤᠨ ᠴᠠᠭ ᠠᠭᠤᠷ ᠤᠨ ᠡᠳᠦᠷ ᠤᠨ ᠭᠤᠣᠯ ᠰᠡᠳᠦᠪ ᠪᠣᠯ ︽ᠴᠠᠭ ᠠᠭᠤᠷ ᠤᠨ ᠠᠵᠢᠯᠯᠠᠭ᠎ᠠ ᠶᠢ ᠬᠠᠮᠤᠭ ᠤᠨ | ᠡᠮᠦᠨ᠎ᠡ ᠹᠷᠣᠨᠲ ᠲᠤ ᠣᠶᠢᠯᠡᠳᠦᠯᠭᠡᠵᠢᠬᠦᠯᠦᠨᠡ︾᠃ 3 ᠰᠠᠷ᠎ᠠ ᠶᠢᠨ 22 ᠤᠨ ᠡᠳᠦᠷ᠂ ᠬᠤᠰᠢᠭᠤᠨ ᠤ ᠪᠠᠭ᠎ᠠ | ᠰᠤᠷᠭᠠᠭᠤᠯᠢ ᠶᠢᠨ 60 ᠭᠠᠷᠤᠢ ᠰᠤᠷᠤᠭᠴᠢᠳ ᠴᠠᠭ ᠠᠭᠤᠷ ᠤᠨ ᠲᠣᠪᠴᠢᠶ᠎ᠠ ᠳᠤ ᠬᠦᠷᠴᠦ ᠴᠠᠭ ᠠᠭᠤᠷ ᠤᠨ | ᠲᠥᠬᠦᠭᠡᠷᠦᠮᠵᠢ ᠶᠢ ᠲᠣᠭᠤᠷᠢᠨ ᠥᠵᠡᠵᠦ᠂ ᠴᠠᠭ ᠠᠭᠤᠷ ᠤᠨ ᠮᠡᠳᠡᠯᠭᠡ ᠶᠢ ᠬᠠᠮᠳᠣᠪᠡᠷ ᠰᠤᠷᠤᠯᠴᠠᠨ᠂ 64 ᠳ᠋ᠦ᠋ᠭᠡᠷ | ᠳᠡᠯᠡᠬᠡᠢ ᠶᠢᠨ ᠴᠠᠭ ᠠᠭᠤᠷ ᠤᠨ ᠡᠳᠦᠷ ᠢᠶᠠᠨ ᠤᠳᠬ᠎ᠠ ᠠᠭᠤᠯᠭ᠎ᠠ ᠲᠠᠢ ᠳᠡᠮᠳᠡᠭᠯᠡᠯ᠎ᠡ᠃ | ᠬᠥᠳᠡᠯᠬᠡᠬᠡᠨ ᠳᠤ᠂ ᠰᠤᠷᠤᠭᠴᠢᠳ ᠴᠠᠭ ᠠᠭᠤᠷ ᠤᠨ ᠠᠵᠢᠯᠲᠠᠳ ᠤᠨ ᠳᠠᠭᠠᠭᠤᠯᠭ᠎ᠠ ᠪᠠᠷ ᠠᠵᠢᠭᠯᠠᠯᠲᠠ ᠶᠢᠨ | ᠲᠠᠯᠠᠪᠠᠢ ᠶᠢᠨ ᠡᠯ᠎ᠡ ᠳᠦᠷᠦᠯ ᠤᠨ ᠬᠡᠮᠵᠢᠭᠦᠷᠯᠢᠭ ᠢ ᠲᠣᠭᠤᠷᠢᠨ ᠥᠵᠡᠬᠦ ᠶᠢᠨ ᠳᠠᠭᠠᠤ ᠴᠠᠭ ᠠᠭᠤᠷ ᠤᠨ | ᠲᠣᠪᠴᠢᠶᠠᠨ ᠤ ᠠᠵᠢᠯᠳᠠᠨ ᠠᠴᠠ ᠡᠯ᠎ᠠ ᠳᠦᠷᠦᠯ ᠤᠨ ᠲᠥᠬᠦᠭᠡᠷᠦᠮᠵᠢ ᠶᠢᠨ ᠬᠡᠷᠡᠭᠯᠡᠯᠲᠡ ᠶᠢᠨ ᠪᠠᠶᠢᠳᠠᠯ ᠪᠠ | ᠦᠨᠳᠦᠰᠦᠨ ᠴᠢᠳᠠᠪᠬᠢ ᠶᠢ ᠰᠤᠷᠤᠭᠴᠢᠳ ᠲᠤ ᠳᠦᠭᠦᠮ ᠳᠠᠨᠢᠯᠴᠠᠭᠤᠯᠭ᠎ᠠ ᠬᠢᠪᠡ᠃ ᠬᠥᠮᠥᠨ ᠤ ᠬᠦᠴᠦ ᠪᠠᠷ | ᠪᠣᠷᠣᠭᠠᠨ ᠣᠷᠣᠭᠤᠯᠬᠤ ᠲᠡᠶᠢᠷᠦᠯᠲᠦ ᠰᠤᠮᠤᠨ ᠤ ᠮᠠᠰᠢᠨ ᠳᠦᠭᠦᠭᠡᠷᠤᠮᠵᠢ ᠨᠢ ᠰᠤᠷᠤᠭᠴᠢᠳ ᠤᠨ ᠳᠤᠷ᠎ᠠ ᠰᠣᠨᠢᠷᠬᠠᠯ ᠢ | ᠶᠡᠬᠡᠪᠡᠷ ᠳᠠᠲᠠᠵᠤ᠂ ᠣᠯᠠᠨ ᠢᠶᠠᠷ ᠢᠶᠠᠨ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠲᠡᠶᠢᠷᠦᠯᠲᠦ ᠰᠤᠮᠤ ᠶᠢᠨ | ᠪᠦᠲᠦᠴᠡ᠂ ᠴᠢᠳᠠᠪᠬᠢ ᠵᠢᠴᠢ ᠤᠭ ᠶᠣᠰᠣ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠳᠤ ᠮᠡᠳᠡᠵᠦ ᠣᠶᠢᠯᠠᠭᠠᠬᠤ | ᠦᠭᠡᠢ ᠵᠣᠶᠢᠯᠡᠰ ᠢᠶᠠᠨ ᠢᠳᠡᠪᠬᠢᠲᠠᠢ ᠠᠰᠠᠭᠤᠨ ᠤᠶᠢᠯᠠᠭᠠᠵᠤ᠂ ᠰᠤᠷᠤᠯᠴᠠᠬᠤ ᠤᠷᠮ᠎ᠠ ᠪᠠᠬ᠎ᠠ ᠶᠢ ᠨᠢ ᠢᠯᠡᠳᠳᠡ | ᠬᠦᠭᠵᠢᠶᠡᠵᠡᠢ᠃ | ᠰᠤᠷᠤᠭᠴᠢ ᠽᠠᠨᠳᠠᠮᠡ᠄ ︽ᠥᠨᠥᠳᠥᠷ ᠪᠢᠳᠡ ᠴᠠᠭ ᠠᠭᠤᠷ ᠤᠨ ᠲᠣᠪᠴᠢᠶ᠎ᠠ ᠳᠤ ᠢᠷᠡᠭᠡᠳ᠂ ᠴᠠᠭ ᠠᠭᠤᠷ ᠢ | ᠬᠡᠷᠬᠢᠨ ᠬᠡᠮᠵᠢᠬᠦ᠂ ᠴᠠᠭ ᠠᠭᠤᠷ ᠤᠨ ᠭᠠᠢ ᠭᠠᠮᠰᠢᠭ ᠢ ᠬᠡᠷᠬᠢᠨ ᠠᠷᠭᠠᠴᠠᠬᠤ ᠵᠡᠷᠭᠡ ᠮᠠᠰᠢ ᠣᠯᠠᠨ ᠲᠠᠯ᠎ᠠ ᠶᠢᠨ | ᠮᠡᠳᠡᠯᠭᠡ ᠶᠢ ᠰᠤᠷᠴᠦ ᠡᠵᠡᠮᠰᠢᠯᠠ᠃ ᠪᠢᠳᠡ ᠪᠠᠰᠠ ᠲᠤᠬᠠᠢ ᠶᠢᠨ ᠲᠠᠯᠠᠪᠠᠢ ᠳᠤ ᠢᠷᠡᠵᠦ ᠴᠠᠭ ᠠᠭᠤᠷ ᠤᠨ ᠡᠯ᠎ᠠ | ᠳᠦᠷᠦᠯ ᠤᠨ ᠲᠥᠬᠦᠭᠡᠷᠦᠮᠵᠢ ᠶᠢ ᠳᠤᠭᠤᠷᠢᠨ ᠥᠵᠡᠭᠰᠡᠨ᠃ ᠮᠢᠨᠤ ᠦᠵᠡᠬᠦ ᠪᠠᠷ ᠮᠠᠰᠢ ᠤᠳᠬ᠎ᠠ ᠠᠭᠤᠯᠭ᠎ᠠ ᠲᠠᠢ | ᠠᠵᠢᠯᠯᠠᠭ᠎ᠠ ᠪᠣᠯᠣᠭᠰᠠᠨ︾ ᠭᠡᠪᠡ᠃ | ᠳᠠᠷᠠᠭ᠎ᠠ ᠪᠠᠷ ᠨᠢ᠂ ᠴᠠᠭ ᠠᠭᠤᠷ ᠤᠨ ᠠᠵᠢᠯᠲᠠᠳ ᠰᠤᠷᠤᠭᠴᠢᠳ ᠢ ᠵᠣᠬᠢᠶᠠᠨ ᠪᠠᠶᠢᠭᠤᠯᠵᠤ᠂ 2024 | ᠣᠨ ᠤ ᠳᠡᠯᠡᠬᠡᠢ ᠶᠢᠨ ᠴᠠᠭ ᠠᠭᠤᠷ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠹᠢᠯᠢᠮ ᠪᠣᠯᠣᠨ ᠪᠠᠶᠢᠩᠭᠤ | ᠲᠣᠬᠢᠶᠠᠯᠳᠤᠬᠤ ᠴᠠᠭ ᠠᠭᠤᠷ ᠤᠨ ᠭᠠᠮᠰᠢᠭ ᠤᠨ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ ᠶᠢᠨ ᠰᠠᠮᠪᠠᠷ᠎ᠠ ᠵᠡᠷᠭᠡ ᠶᠢ ᠰᠤᠨᠢᠷᠬᠠᠭᠤᠯᠪᠠ᠃ | ᠲᠣᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠪᠠᠷ ᠳᠡᠮᠵᠢᠨ᠂ ᠰᠤᠷᠤᠭᠴᠢᠳ ᠤᠨ ᠰᠢᠨᠵᠢᠯᠡᠬᠦ | ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠠᠶᠢᠷᠠᠯᠠᠬᠤ ᠤᠷᠬᠢᠯᠤᠮ᠎ᠠ ᠬᠠᠯᠠᠭᠤᠨ ᠰᠡᠳᠬᠢᠯᠭᠡ ᠶᠢ ᠨᠢ | ᠬᠦᠭᠵᠢᠶᠡᠭᠰᠡᠨ ᠢᠶᠠᠷ ᠪᠠᠷᠠᠬᠤ ᠦᠭᠡᠢ ᠡᠭᠦᠨ ᠤ ᠳᠣᠮᠳᠠ ᠠᠴᠠ ᠮᠠᠰᠢ ᠣᠯᠠᠨ ᠴᠠᠭ ᠠᠭᠤᠷ ᠤᠨ ᠰᠢᠨᠵᠢᠯᠡᠬᠦ | ᠤᠬᠠᠭᠠᠨ ᠤ ᠮᠡᠳᠡᠯᠭᠡ ᠶᠢ ᠡᠵᠡᠮᠰᠢᠭᠦᠯᠵᠦ᠂ ᠪᠠᠭᠠᠴᠤᠳ ᠬᠡᠣᠬᠡᠳ ᠤᠨ ᠮᠡᠳᠡᠯᠬᠡ ᠶᠢᠨ ᠬᠡᠪᠴᠢᠶ᠎ᠠ ᠶᠢ ᠥᠷᠭᠡᠳᠬᠡᠬᠦ ᠳᠤ | ᠨᠢ ᠢᠳᠡᠪᠬᠢ ᠤᠶᠢᠯᠡᠳᠣᠯ ᠥᠵᠡᠬᠦᠯᠦᠭᠰᠡᠨ ᠪᠠᠶᠢᠨ᠎ᠠ᠃ | ᠬᠤᠰᠢᠭᠤᠨ ᠤ ᠴᠠᠭ ᠠᠭᠤᠷ ᠤᠨ ᠲᠣᠪᠴᠢᠶᠠᠨ ᠤ ᠳᠡᠳ᠋ ᠳᠠᠷᠤᠭ᠎ᠠ ᠬᠤᠤ ᠽᠧ ᠳ᠋ᠥᠩ᠄ ︽ᠡᠨᠡ ᠵᠢᠯ ᠤᠨ 3 | ᠰᠠᠷ᠎ᠠ ᠶᠢᠨ 23 ᠤ ᠡᠳᠦᠷ ᠪᠣᠯ 64 ᠳ᠋ᠦ᠋ᠭᠡᠷ ᠳᠡᠯᠡᠬᠡᠢ ᠶᠢᠨ ᠴᠠᠭ ᠠᠭᠤᠷ ᠤᠨ ᠡᠳᠦᠷ ᠪᠣᠯᠣᠨ᠎ᠠ᠂ ᠰᠤᠷᠤᠭᠴᠢᠳ ᠢ | ᠤᠷᠢᠵᠤ ᠴᠠᠭ ᠠᠭᠤᠷ ᠤᠨ ᠲᠣᠪᠴᠢᠶ᠎ᠠ ᠪᠠᠷ ᠲᠣᠭᠤᠷᠢᠨ ᠦᠵᠡᠭᠦᠯᠬᠦ ᠪᠠᠷ ᠳᠠᠮᠵᠢᠨ᠂ ᠰᠤᠷᠤᠭᠴᠢᠳ ᠲᠤ ᠠᠭᠤᠷ | ᠠᠮᠢᠰᠬᠤᠯ ᠤᠨ ᠬᠤᠪᠢᠷᠠᠯᠲᠠ ᠪᠠ ᠬᠤᠰᠢᠭᠤᠨ ᠤ ᠭᠤᠣᠯ ᠪᠣᠯᠬᠤ ᠭᠠᠮᠰᠢᠭᠲᠤ ᠴᠠᠭ ᠠᠭᠤᠷ ᠢ ᠲᠠᠶᠢᠯᠪᠤᠷᠢᠯᠠᠨ᠂ | ᠬᠡᠦᠬᠡᠳ ᠤᠳ ᠤᠨ ᠴᠠᠭ ᠠᠭᠤᠷ ᠤᠨ ᠲᠤᠬᠠᠢ ᠠᠩᠬᠠᠷᠤᠯ ᠪᠠ ᠣᠶᠢᠯᠠᠭᠠᠯᠲᠠ ᠶᠢ ᠴᠢᠩᠭᠠᠳᠬᠠᠨ᠂ ᠣᠷᠴᠢᠨ ᠠᠬᠤᠢ | ᠠᠭᠤᠷ ᠠᠮᠢᠰᠬᠤᠯ ᠢ ᠬᠠᠮᠠᠭᠠᠯᠠᠬᠤ ᠤᠬᠠᠮᠰᠠᠷ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠮᠤᠷ | ᠲᠦᠪᠰᠢᠨ ᠤ ᠤᠬᠠᠮᠰᠠᠷ ᠢ ᠳᠡᠭᠡᠭᠰᠢᠯᠡᠬᠦᠯᠬᠦ ᠶᠢᠨ ᠳᠦᠯᠦᠭᠡ ᠶᠤᠮ︾ ᠭᠡᠪᠡ᠃ |