ᠬᠤᠳᠠ ᠪᠠᠯᠭᠠᠰᠤᠨ ᠤ ᠲᠤᠤᠷᠵᠢᠯ ᠬᠤᠭᠤᠯᠠᠢ ᠶᠢ ᠰᠢᠨᠡᠳᠬᠡᠵᠤ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠎ᠡ
ᠨᠡᠶᠢᠲᠡᠯᠡᠭᠰᠡᠨ ᠴᠠᠭ᠄
2024/3/25
      ᠰᠠᠭᠤᠷᠢ ᠲᠥᠬᠦᠭᠡᠷᠦᠮᠵᠢ ᠶᠢᠨ ᠪᠦᠲᠦᠴᠡ ᠪᠠ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ ᠣᠶᠢᠷ᠎ᠠ ᠳᠤ᠂ 2024 ᠣᠨ ᠤ ᠠᠶᠢᠮᠠᠭ ᠤᠨ ᠲᠠᠰ ᠤᠨ ᠭᠤᠤᠯᠳᠠᠯᠭᠠᠳᠤ ᠲᠥᠷᠥᠯ ᠵᠦᠢᠯ ᠪᠤᠯᠬᠤ ᠬᠤᠰᠢᠭᠤᠨ ᠤ ᠲᠠᠯᠠᠶᠢᠬᠦ᠋ᠪ ᠪᠠᠯᠭᠠᠰᠤᠨ ᠤ ᠬᠤᠲᠠ ᠪᠠᠯᠭᠠᠰᠤᠨ ᠤ ᠲᠤᠤᠷᠵᠢᠯ ᠬᠤᠭᠤᠯᠠᠢ ᠶᠢᠨ ᠥᠭᠡᠷᠡᠴᠢᠯᠡᠯᠲᠡ ᠶᠢᠨ ᠢᠨᠵᠧᠨᠧᠷᠢᠩ ᠪᠠᠷᠢᠯᠭ᠎ᠠ ᠶᠢᠨ ᠠᠵᠢᠯ ᠢᠶᠠᠨ ᠡᠬᠢᠯᠡᠬᠦᠯᠪᠡ᠃      ᠪᠠᠷᠢᠯᠭ᠎ᠠ ᠶᠢᠨ ᠠᠬᠤᠢ ᠲᠠᠯᠠᠪᠠᠢ ᠳᠤ᠂ ᠠᠵᠢᠯᠲᠠᠳ ᠶᠠᠭ ᠰᠠᠶᠢᠬᠠᠨ ᠰᠢᠨ᠎ᠡ ᠪᠠᠷ ᠳᠡᠪᠢᠰᠦᠭᠰᠡᠨ ᠪᠣᠬᠢᠷ ᠤᠰᠤᠨ ᠤ ᠲᠤᠤᠷᠵᠢᠯ ᠬᠤᠭᠤᠯᠠᠢ ᠶᠢ ᠣᠭᠲᠣᠯᠬᠤ ᠠᠵᠢᠯ ᠢ ᠬᠢᠵᠤ᠂ ᠪᠦᠬᠦ᠋ᠢᠯᠡ ᠥᠭᠡᠷᠡᠴᠢᠯᠡᠯᠲᠡ ᠶᠢᠨ ᠲᠦᠷᠦᠯ ᠵᠦᠢᠯ ᠡᠮᠬᠢ ᠵᠢᠷᠤᠮ ᠲᠠᠢ᠂  ᠶᠠᠭᠠᠷᠠᠯᠲᠠᠢ ᠶᠠᠪᠤᠭᠳᠠᠨ᠎ᠠ᠃      ᠪᠠᠷᠢᠯᠭ᠎ᠠ ᠶᠢᠨ ᠲᠠᠯ᠎ᠠ ᠶᠢᠨ ᠬᠠᠷᠢᠭᠤᠴᠠᠯᠭᠠᠲᠠᠨ ᠯᠦ ᠬᠤᠸ᠄ ︽ᠣᠳᠣᠬᠠᠨ ᠳᠤ᠂ ᠪᠢᠳᠡ ᠲᠤᠤᠷᠠᠢ ᠵᠡᠭᠡᠯᠢ ᠶᠢᠨ ᠪᠣᠬᠢᠷ ᠤᠰᠤᠨ ᠤ ᠲᠤᠤᠷᠵᠢᠯ ᠬᠤᠭᠤᠯᠠᠢ ᠳᠤ ᠥᠭᠡᠷᠡᠴᠢᠯᠡᠯᠲᠡ ᠬᠢᠵᠦ ᠪᠠᠶᠢᠨ᠎ᠠ᠂   ᠠᠳᠡᠬᠢ ᠶᠢᠨ ᠪᠥᠬᠦ ᠣᠷᠳᠣ ᠨᠢ 1.6 ᠺᠢᠯᠣᠮᠧᠲᠷ᠂ ᠪᠢᠳᠡ ᠣᠲᠣ 200 ᠮᠧᠲᠷ ᠪᠦᠷᠢ ᠳᠤ ᠪᠦᠰᠡᠯᠡᠨ ᠪᠢᠲᠡᠭᠦᠮᠵᠢᠯᠡᠵᠦ᠂ ᠳᠣᠲᠣᠷ᠎ᠠ ᠨᠢ ᠨᠢᠭᠡ ᠠᠵᠢᠯᠯᠠᠬᠤ ᠨᠦᠬᠡ ᠮᠠᠯᠲᠠᠵᠤ᠂ 200 ᠮᠧᠲᠷ ᠪᠦᠷᠢ ᠳᠤ ᠨᠢᠭᠡ ᠲᠤᠤᠷᠵᠢᠯ ᠬᠤᠭᠤᠯᠠᠢ ᠎ ᠶᠢ ᠤᠭᠰᠠᠷᠠᠭᠤᠯᠠᠵᠤ ᠪᠠᠶᠢᠨ᠎ᠠ︾ ᠭᠡᠪᠡ᠃       ᠣᠶᠢᠯᠠᠭᠠᠭᠰᠠᠨ ᠢᠶᠠᠷ᠂ ᠬᠡᠪᠲᠡᠭᠡ ᠴᠢᠭᠯᠡᠯ ᠢᠶᠠᠷ ᠥᠷᠥᠮᠳᠡᠬᠦ ᠮᠡᠷᠭᠡᠵᠢᠯ ᠪᠣᠯ ᠨᠢᠭᠡ ᠵᠦᠢᠯ ᠤᠨ ᠨᠡᠭᠡᠭᠡᠨ ᠮᠠᠯᠲᠠᠬᠤ ᠪᠠᠷᠢᠯᠭ᠎ᠠ ᠶᠢᠨ ᠠᠷᠭ᠎ᠠ  ᠪᠤᠯᠤᠨ᠎ᠠ᠂ ᠭᠠᠵᠠᠷ ᠤᠨ ᠭᠠᠳᠠᠷᠭᠤ ᠳᠤ ᠥᠷᠥᠮᠳᠡᠨ ᠨᠦᠬᠡᠯᠡᠬᠦ ᠶᠢᠨ ᠬᠠᠮᠲᠤ ᠵᠠᠮᠴᠢᠯᠠᠬᠤ ᠪᠠᠷ ᠳᠠᠮᠵᠢᠭᠤᠯᠤᠨ᠂  ᠲᠤᠤᠷᠵᠢᠯ ᠬᠤᠭᠤᠯᠠᠢ ᠶᠢ ᠭᠠᠵᠠᠷ ᠳᠣᠣᠷ᠎ᠠ ᠣᠨᠣᠪᠴᠢᠲᠠᠶ ᠳᠡᠪᠢᠰᠴᠦ᠂ ᠤᠯᠠᠮᠵᠢᠯᠠᠯᠲᠤ ᠨᠡᠭᠡᠭᠡᠨ ᠮᠠᠯᠲᠠᠬᠤ ᠠᠷᠭ᠎ᠠ ᠮᠠᠶ᠋ᠢᠭ ᠠᠴᠠ ᠪᠣᠯᠤᠭᠰᠠᠨ ᠵᠠᠮ ᠬᠠᠷᠢᠯᠴᠠᠭᠠᠨ ᠤ ᠬᠠᠷᠰᠢᠯᠠᠯ ᠪᠠ ᠣᠷᠴᠢᠨ ᠠᠬᠤᠢ ᠶᠢᠨ ᠪᠣᠬᠢᠷᠲᠤᠯ ᠠᠴᠠ ᠪᠦᠲᠦᠮᠵᠢᠲᠡᠶ ᠪᠠᠷ ᠵᠠᠶᠢᠯᠠᠰᠬᠢᠵᠦ ᠴᠢᠳᠠᠭᠰᠠᠨ ᠪᠠᠶᠢᠨ᠎ᠠ᠃ ᠡᠶᠢᠮᠦᠷᠬᠦᠦ ᠪᠠᠷᠢᠯᠭ᠎ᠠ ᠶᠢᠨ ᠠᠷᠭ᠎ᠠ ᠪᠠᠷ ᠲᠠᠮᠵᠢᠨ ᠪᠠᠷᠢᠯᠭ᠎ᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠪᠠᠷᠢᠯᠭ᠎ᠠ ᠶᠢᠨ ᠠᠵᠢᠯ ᠤᠨ ᠥᠪᠡᠷ ᠤᠨ ᠦᠷᠲᠡᠭ ᠢ ᠪᠠᠭᠤᠷᠠᠭᠤᠯᠬᠤ ᠶᠢᠨ ᠬᠠᠮᠲᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠤᠨ ᠡᠮᠬᠢ ᠳᠢᠭᠯᠢᠮ ᠢ ᠪᠠᠲᠤᠯᠠᠵᠤ ᠴᠢᠳᠠᠨ᠎ᠠ᠃       ᠡᠵᠡᠨ᠎ᠡ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶᠠᠨ ᠤ ᠳᠡᠳ᠋ ᠳᠠᠷᠤᠭ᠎ᠠ ᠯᠢᠦ ᠯᠢᠶᠠᠩ ᠯᠢᠶᠠᠩ᠄ ︽ᠪᠢᠳᠡ ᠣᠲᠣ ᠶᠠᠭ ᠤᠤᠯ ᠤᠨ ᠬᠠᠭᠤᠴᠢᠨ ᠲᠤᠤᠷᠵᠢᠯ ᠬᠤᠭᠤᠯᠠᠢ ᠵᠢᠴᠢ ᠬᠠᠮᠢᠶ᠎ᠠ ᠪᠦᠬᠦᠢ ᠳᠠᠭᠠᠯᠲᠠ ᠲᠥᠬᠦᠭᠡᠷᠦᠮᠵᠢ ᠳᠤ ᠥᠭᠡᠷᠡᠴᠢᠯᠡᠯᠲᠡ ᠬᠢᠵᠦ ᠪᠠᠶᠢᠨ᠎ᠠ᠃ ᠰᠡᠭᠦᠯᠴᠢ ᠎ ᠶᠢᠨ ᠬᠤᠭᠤᠴᠠᠭᠠᠨ ᠳᠤ ᠪᠢᠳᠡ ᠬᠤᠶᠢᠲᠤ ᠲᠠᠯ᠎ᠠ ᠶᠢᠨ ᠬᠤᠳᠠ ᠲᠤᠭᠤᠷᠢᠭᠰᠠᠨ  ᠵᠠᠮ᠂  ᠲᠠᠯᠠᠶᠢᠬᠦ᠋ᠪ ᠵᠠᠮ ᠵᠡᠷᠭᠡ ᠵᠠᠮ ᠤᠨ ᠬᠡᠰᠡᠭ ᠤᠨ ᠬᠠᠭᠤᠴᠢᠨ ᠲᠤᠤᠷᠵᠢᠯ ᠬᠤᠭᠤᠯᠠᠢ ᠢ ᠦᠷᠭᠦᠯᠵᠢᠯᠡᠨ ᠰᠣᠯᠢᠵᠤ᠂ ᠵᠢᠱᠢᠯᠲᠡ ᠪᠠᠷ ᠲᠥᠷᠥᠯ ᠵᠦᠢᠯ ᠎ ᠢ 8 ᠰᠠᠷ᠎ᠠ ᠶᠢᠨ ᠰᠡᠭᠦᠯᠴᠢ 9 ᠰᠠᠷ᠎ᠠ ᠎ ᠶᠢᠨ ᠡᠬᠢ ᠪᠠᠷ ᠳᠠᠭᠤᠰᠬᠠᠨ᠎ᠠ︾ ᠭᠡᠪᠡ᠃       ᠬᠤᠰᠢᠭᠤᠨ ᠤ ᠲᠠᠯᠠᠶᠢᠬᠦ᠋ᠪ ᠪᠠᠯᠭᠠᠰᠤᠨ ᠤ ᠬᠤᠲᠠ ᠪᠠᠯᠭᠠᠰᠤᠨ ᠤ ᠲᠤᠤᠷᠵᠢᠯ ᠬᠤᠭᠤᠯᠠᠢ ᠎ ᠢ ᠥᠭᠡᠷᠡᠴᠢᠯᠡᠬᠦ ᠢᠨᠵᠧᠨᠧᠷᠢᠩ ᠪᠣᠯ 2024 ᠣᠨ ᠤ ᠠᠶᠢᠮᠠᠭ ᠤᠨ ᠲᠠᠰ ᠤᠨ  ᠭᠤᠤᠯᠳᠠᠯᠭᠠᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ᠎ᠠ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 5000 ᠲᠦᠮᠡᠨ ᠲᠥᠭᠦᠷᠢᠭ ᠪᠠᠶᠢᠵᠤ᠂ ᠲᠣᠰ ᠲᠥᠷᠥᠯ ᠵᠦᠢᠯ ᠳᠤ ᠲᠠᠯᠠᠶᠢᠬᠦ᠋ᠪ ᠪᠠᠯᠭᠠᠰᠤᠨ ᠤ 13.5 ᠺᠢᠯᠣᠮᠧᠲᠷ ᠤᠨ ᠤᠰᠤ ᠭᠠᠳᠠᠭᠰᠢᠯᠠᠭᠤᠯᠬᠤ ᠬᠤᠭᠤᠯᠠᠢ ᠪᠠ 19 ᠺᠢᠯᠣᠮᠧᠲᠷ ᠤᠨ ᠤᠰᠤ ᠬᠠᠩᠭᠠᠬᠤ ᠬᠤᠭᠤᠯᠠᠢ ᠶᠢ ᠥᠭᠡᠷᠡᠴᠢᠯᠡᠬᠦ ᠶᠢᠨ ᠬᠠᠮᠲᠤ ᠵᠠᠮ ᠳᠠᠭᠠᠤ ᠶᠢᠨ ᠵᠠᠮ ᠤᠨ ᠭᠠᠳᠠᠷᠭᠤ᠂ ᠬᠤᠷ᠎ᠠ ᠲᠤᠨᠤᠳᠠᠰᠤ ᠶᠢ  ᠨᠡᠪᠳᠡᠷᠡᠬᠦᠯᠬᠦ ᠭᠤᠳᠤᠮᠵᠢ ᠶᠢ ᠰᠡᠯᠪᠢᠨ ᠵᠠᠰᠠᠬᠤ ᠪᠤᠯᠤᠨ᠎ᠠ᠃ ᠣᠳᠣᠬᠠᠨ ᠳᠤ᠂ ᠲᠣᠣᠷᠠᠢ ᠵᠡᠭᠡᠯᠢ ᠳᠤ ᠨᠢᠭᠡᠨᠲᠡ 400 ᠮᠧᠲᠷ ᠤᠨ ᠲᠤᠤᠷᠵᠢᠯ ᠬᠤᠭᠤᠯᠠᠢ ᠳᠡᠪᠢᠰᠴᠦ᠂ ᠵᠠᠰᠠᠭ ᠤᠨ ᠣᠷᠳᠣᠨ ᠤ ᠨᠡᠶᠢᠲᠡ ᠶᠢᠨ ᠪᠠᠶᠢᠷᠢ ᠶᠢᠨ ᠠᠰᠠᠷ ᠤᠨ ᠬᠤᠶᠢᠲᠤ ᠲᠠᠯ᠎ᠠ ᠶᠢᠨ ᠱᠦᠢᠨᠢ ᠪᠣᠬᠢᠷ ᠤᠰᠤᠨ ᠤ ᠬᠤᠭᠤᠯᠠᠢ ᠶᠢ ᠨᠢᠭᠡᠨᠲᠡ ᠰᠣᠯᠢᠵᠤ ᠲᠠᠭᠤᠰᠬᠠᠨ᠂ ᠬᠤᠶᠢᠲᠤ ᠲᠠᠯ᠎ᠠ ᠶᠢᠨ ᠬᠤᠳᠠ ᠲᠤᠭᠤᠷᠢᠭᠰᠠᠨ ᠵᠠᠮ ᠳᠤ 1.3 ᠺᠢᠯᠣᠮᠧᠲᠷ ᠬᠤᠳᠳᠤᠭ ᠮᠠᠯᠲᠠᠵᠤ᠂ 1.3 ᠺᠢᠯᠣᠮᠧᠲᠷ ᠱᠦᠢᠨᠢ ᠪᠣᠬᠢᠷ ᠤᠰᠤᠨ ᠤ ᠬᠤᠭᠤᠯᠠᠢ ᠶᠢ ᠤᠭᠰᠠᠷᠠᠨ᠂ 18 ᠪᠣᠬᠢᠷ ᠤᠰᠤᠨ ᠤ ᠬᠤᠳᠳᠤᠭ ᠢ ᠪᠠᠷᠢᠵᠠᠢ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号