ᠮᠠᠨ ᠤ ᠬᠤᠰᠢᠭᠤ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠲᠥᠪᠯᠡᠷᠡᠭᠦᠯᠦᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/25
      ᠣᠶᠢᠷ᠎ᠠ ᠶᠢᠨ ᠡᠳᠤᠷ᠂ ᠮᠠᠨ ᠤ ᠬᠤᠰᠢᠭᠤ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠲᠠᠷᠢᠶᠠᠯᠠᠩ ᠤᠨ ᠪᠣᠬᠢᠷᠲᠤᠯ ᠦᠭᠡᠢ ᠥᠷᠬᠦᠯᠵᠢᠭᠦᠶᠢᠴᠡ ᠬᠥᠭᠵᠢᠯᠲᠡ ᠶᠢ ᠠᠬᠢᠭᠤᠯᠤᠨ᠎ᠠ᠃      ᠡᠨᠡ ᠵᠢᠯ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠴᠠᠭ ᠢ ᠠᠮᠵᠢᠨ᠂ ᠸᠧᠢ ᠷᠦᠢ ᠣᠷᠴᠢᠨ ᠠᠬᠤᠢ ᠶᠢᠨ ᠬᠠᠮᠠᠭᠠᠯᠠᠯᠲᠠ ᠶᠢᠨ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠢᠷᠠᠬᠤ ᠬᠢᠵᠠᠭᠠᠷᠲᠤ ᠺᠣᠮᠫᠠᠨᠢ ᠲᠠᠢ ᠬᠠᠮᠲᠤᠷᠠᠨ᠂ ᠲᠠᠷᠢᠶᠠᠨ ᠭᠠᠵᠠᠷ᠂ ᠵᠠᠰᠠᠮᠠᠯ ᠵᠠᠮ ᠳᠠᠭᠠᠤ᠂ ᠭᠤᠸ ᠰᠤᠪᠠᠭ ᠵᠢᠴᠢ ᠪᠥᠬᠦ ᠬᠤᠰᠢᠭᠤᠨ ᠤ ᠬᠤᠷᠢᠶᠠᠨ ᠠᠪᠴᠢᠷᠠᠬᠤ ᠴᠡᠭ ᠤᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠴᠡᠪᠡᠷᠯᠡᠬᠦ ᠠᠵᠢᠯ ᠢ ᠪᠥᠬᠦ ᠲᠠᠯ᠎ᠠ ᠪᠠᠷ ᠥᠷᠨᠢᠬᠦᠯᠪᠡ᠃ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠦᠢᠯᠡᠳᠪᠦᠷᠢᠯᠡᠯ ᠤᠨ ᠲᠠᠰᠤᠭ ᠲᠤ ᠲᠥᠪᠯᠡᠷᠡᠭᠦᠯᠦᠨ ᠬᠤᠷᠢᠶᠠᠨ ᠠᠪᠴᠢᠷᠠᠭᠰᠠᠨ ᠤ ᠳᠠᠷᠠᠭ᠎ᠠ᠂ ᠤᠬᠢᠶᠠᠵᠤ ᠴᠡᠪᠡᠷᠯᠡᠬᠦ᠂ ᠬᠤᠯᠢᠴᠠ ᠶᠢ ᠠᠷᠢᠯᠭᠠᠬᠤ᠂ ᠥᠨᠳᠥᠷ ᠳᠤᠯᠠᠭᠠᠨ ᠢᠶᠠᠷ ᠬᠠᠶᠢᠯᠤᠭᠤᠯᠬᠤ ᠪᠠᠷ ᠳᠡᠮᠵᠢᠨ᠂ ᠨᠡᠶᠢᠯᠡᠮᠡᠯ ᠬᠡᠯᠪᠡᠷᠢ ᠶᠢᠨ ᠵᠠᠮ ᠤᠨ ᠬᠤᠳᠳᠤᠭ ᠤᠨ ᠴᠠᠭᠠᠷᠢᠭ᠂ ᠬᠤᠳᠳᠤᠭ ᠤᠨ ᠬᠠᠪᠬᠠᠭᠠᠰᠤ᠂ ᠨᠡᠶᠢᠯᠡᠮᠡᠯ ᠬᠡᠯᠪᠡᠷᠢ ᠶᠢᠨ ᠪᠠᠶᠢᠴᠠᠭᠠᠯᠲᠠ ᠶᠢᠨ ᠬᠤᠳᠳᠤᠭ ᠵᠡᠷᠭᠡ ᠦᠢᠯᠡᠳᠬᠦᠨ ᠢ ᠦᠢᠯᠡᠳᠪᠦᠷᠢᠯᠡᠵᠦ᠂ ᠳᠠᠬᠢᠨ ᠠᠰᠢᠭᠯᠠᠬᠤ ᠶᠢ ᠪᠣᠳᠠᠳᠠᠢ ᠪᠠᠶᠠᠯᠡᠬᠦᠯᠦᠨ᠎ᠡ᠃      ᠬᠤᠰᠢᠭᠤᠨ ᠤ ᠸᠧᠢ ᠷᠦᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠰᠢᠦᠢ ᠺᠠᠢ ᠴᠢᠶᠠᠩ᠄       ︽ᠡᠨᠡ ᠬᠦ ᠲᠠᠷᠢᠶᠠᠯᠠᠩ ᠤᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠪᠠᠷ ᠳᠠᠬᠢᠨ ᠤᠰᠤᠨ ᠬᠤᠳᠳᠤᠭ ᠤᠨ ᠬᠠᠪᠬᠠᠭᠠᠰᠤ ᠵᠡᠷᠭᠡ ᠦᠢᠯᠡᠳᠬᠦᠨ ᠢ ᠦᠢᠯᠡᠳᠴᠦ ᠭᠠᠷᠭᠠᠭᠰᠠᠨ ᠨᠢ ᠭᠤᠣᠯᠳᠠᠭᠤ ᠨᠢᠭᠡ ᠲᠠᠯ᠎ᠠ ᠪᠠᠷ ᠴᠠᠭᠠᠨ ᠤ ᠪᠣᠬᠢᠷᠳᠣᠯ ᠢ ᠵᠠᠰᠠᠭᠰᠠᠨ ᠶᠠᠪᠤᠳᠠᠯ ᠪᠣᠯᠣᠨ᠎ᠠ᠃ ᠨᠥᠭᠦᠭᠡ ᠲᠠᠯ᠎ᠠ ᠪᠠᠷ ᠬᠤᠰᠢᠭᠤᠨ ᠤ ᠴᠠᠭᠠᠨ ᠤ ᠪᠣᠬᠢᠷᠲᠤᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠤᠲᠠ ᠬᠥᠳᠡᠭᠡ ᠶᠢᠨ ᠴᠠᠭᠠᠨ ᠤ ᠪᠣᠬᠢᠷᠲᠤᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠨᠡᠨᠬᠦ ᠪᠡᠶᠡᠯᠡᠬᠦᠯᠬᠦ ᠶᠢᠨ ᠲᠥᠯᠥᠭᠡ ᠶᠤᠮ︾ ᠭᠡᠪᠡ᠃      ᠣᠲᠣ ᠪᠣᠯᠲᠠᠯ᠎ᠠ᠂ ᠪᠥᠬᠦ ᠬᠤᠰᠢᠭᠤᠨ ᠤ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠴᠡᠭ 19       ᠪᠠᠶᠢᠵᠦ᠂ ᠦᠯᠡᠳᠡᠭᠳᠡᠯ ᠪᠦᠷᠬᠦᠪᠴᠢ ᠶᠢ ᠡᠳ᠋ᠰᠢᠭᠦᠯᠬᠦ ᠠᠵᠤ ᠠᠬᠤᠶᠢᠯᠠᠯ 1᠎ ᠶᠢ ᠪᠠᠶᠢᠭᠤᠯᠣᠨ᠂ ᠵᠢᠯ ᠳᠤ 3 ᠮᠢᠩᠭᠠᠨ ᠲᠣᠨ ᠠᠴᠠ ᠳᠡᠭᠡᠭᠰᠢ ᠬᠤᠯᠢᠮᠠᠭ ᠪᠦᠷᠬᠦᠪᠴᠢ ᠶᠢ ᠬᠤᠷᠢᠶᠠᠨ ᠠᠪᠳᠠᠭ ᠪᠠᠶᠢᠨ᠎ᠠ᠃      ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠴᠧᠨ ᠶᠦᠩ ᠯᠢᠩ᠄ ︽ᠳᠠᠷᠠᠭ᠎ᠠ ᠠᠯᠬᠤᠮ ᠳᠤ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠬᠢᠨ ᠤᠬᠠᠭᠤᠯᠭ᠎ᠠ ᠪᠠ ᠬᠢᠨᠠᠯᠲᠠ ᠲᠠᠯᠪᠢᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠨᠥᠬᠦᠪᠦᠷᠢ ᠶᠢᠨ ᠪᠡᠯᠡ ᠮᠥᠩᠭᠦ ᠶᠢ ᠰᠠᠶᠢᠲᠤᠷ ᠨᠠᠶᠢᠳᠠᠪᠤᠷᠢᠵᠢᠭᠤᠯᠤᠨ᠂ ᠲᠤᠰᠬᠠᠢ ᠪᠡᠯᠡ ᠮᠥᠩᠭᠦ ᠶᠢ ᠢᠳᠡᠪᠬᠢᠲᠡᠢ ᠣᠯᠵᠤ᠂ ᠨᠢᠭᠡᠨᠲᠡ ᠡᠪᠳᠡᠭᠳᠡᠭᠰᠡᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠴᠡᠭ ᠢ ᠰᠡᠯᠪᠢᠨ ᠵᠠᠰᠠᠵᠤ ᠬᠠᠮᠠᠭᠠᠯᠠᠨ᠂ 2024 ᠣᠨ ᠳᠤ ᠪᠤᠴᠠᠭᠠᠨ ᠬᠤᠷᠢᠶᠠᠬᠤ ᠨᠣᠷᠮ᠎ᠠ ᠶᠢ 85%᠎ ᠠᠴᠠ ᠳᠡᠭᠡᠭᠰᠢ ᠬᠦᠷᠭᠡᠵᠦ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠮᠠᠨ ᠤ ᠬᠤᠰᠢᠭᠤᠨ ᠤ ᠲᠠᠷᠢᠶᠠᠯᠠᠩ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠬᠠᠮᠠᠭᠠᠯᠠᠯᠲᠠ ᠬᠠᠩᠭᠠᠬᠤ ᠪᠠᠷ ᠴᠢᠷᠮᠠᠶᠢᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号