3 ᠰᠠᠷ᠎ᠠ ᠶᠢᠨ 18 ᠤ ᠡᠳᠦᠷ᠂ ᠮᠠᠨ ᠤ ᠬᠤᠰᠢᠭᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠣᠬᠤᠷ ᠪᠢᠴᠢᠯᠭᠡ ᠶᠢᠨ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠲᠤᠰᠬᠠᠢ | ᠰᠡᠳᠦᠪᠲᠦ ᠪᠣᠯᠪᠠᠰᠤᠷᠠᠯ ᠵᠢᠴᠢ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠳᠤ ᠮᠥᠷᠳᠡᠨ | ᠦᠢᠯᠡᠴᠢᠯᠡᠬᠦ ᠪᠣᠯᠪᠠᠰᠤᠷᠠᠯ ᠤᠨ ᠠᠩᠭᠢ ᠡᠷᠭᠢᠯᠡᠪᠡ᠃ | ᠸᠠᠩ ᠵᠢᠦᠢ ᠫᠢᠩ ᠪᠣᠯ ᠳᠠᠯᠠᠶᠢᠬᠥ᠋ᠪ ᠪᠠᠯᠭᠠᠰᠤᠨ ᠤ ᠨᠢᠭᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠪᠠᠶᠢᠵᠦ᠂ ᠭᠤᠣᠯᠳᠠᠭᠤ ᠲᠤᠬᠠᠢ ᠶᠢᠨ ᠭᠠᠵᠠᠷ ᠤᠨ ᠬᠠᠴᠢᠨ ᠴᠢᠯᠠᠭᠤ ᠪᠠ ᠭᠠᠷ ᠤᠷᠠᠯᠠᠯ ᠤᠨ | ᠪᠦᠲᠦᠭᠡᠭᠳᠡᠬᠦᠨ ᠢ ᠪᠣᠷᠣᠯᠠᠭᠤᠯᠵᠤ᠂ ᠳᠡᠷᠡᠪᠡᠷ ᠠᠩᠬ᠎ᠠ ᠤᠳᠠᠭ᠎ᠠ ᠪᠠᠨ ᠡᠯᠧᠺᠲᠷᠣᠨ ᠬᠤᠳᠠᠯᠳᠤᠭᠠᠨ ᠤ | ᠪᠣᠯᠪᠠᠰᠤᠷᠠᠯ ᠳᠤ ᠣᠷᠣᠯᠴᠠᠵᠤ ᠪᠠᠶᠢᠭ᠎ᠠ ᠪᠣᠯᠬᠤᠷ ᠬᠡᠳᠦᠶᠢᠪᠡᠷ ᠰᠤᠷᠤᠯᠴᠠᠬᠤ ᠳᠤ ᠨᠡᠯᠢᠶᠡᠳ ᠬᠦᠴᠢᠷᠲᠡᠢ ᠪᠠᠶᠢᠭᠰᠠᠨ | ᠴᠦ ᠪᠣᠯᠪᠠᠰᠤᠷᠠᠯ ᠤᠨ ᠪᠠᠭᠰᠢ ᠶᠢᠨ ᠨᠢᠮᠪᠠᠢ ᠵᠢᠯᠣᠭᠤᠳᠤᠯᠭ᠎ᠠ ᠳᠣᠣᠷ᠎ᠠ ᠲᠡᠷᠡ ᠮᠠᠨᠢ ᠮᠠᠰᠢ ᠲᠦᠷᠭᠡᠨ ᠢᠶᠠᠷ ᠡᠵᠡᠮᠰᠢᠵᠦ | ᠴᠢᠳᠠᠭᠰᠠᠨ ᠪᠠᠶᠢᠨ᠎ᠠ᠂ ᠡᠨᠡ ᠨᠢ ᠮᠥᠨ ᠴᠦ ᠲᠡᠭᠦᠨ ᠤ ᠬᠤᠶᠢᠰᠢᠳᠠ ᠶᠢᠨ ᠡᠯᠧᠺᠲᠷᠣᠨ ᠬᠤᠳᠠᠯᠳᠤᠭᠠᠨ ᠤ ᠰᠢᠭᠤᠳ | ᠨᠡᠪᠲᠡᠷᠡᠭᠦᠯᠭᠡ ᠵᠡᠷᠭᠡ ᠵᠠᠭᠪᠤᠷ ᠢ ᠠᠰᠢᠭᠯᠠᠨ ᠪᠣᠷᠤᠯᠠᠭᠤᠯᠭ᠎ᠠ ᠶᠢᠨ ᠵᠠᠮ ᠢᠶᠠᠨ ᠥᠷᠭᠡᠳᠬᠡᠬᠦ ᠳᠤ ᠨᠢ ᠮᠠᠰᠢ ᠰᠠᠶᠢᠨ | ᠰᠠᠭᠤᠷᠢ ᠶᠢ ᠲᠠᠯᠪᠢᠵᠤ ᠥᠭᠴᠡᠢ᠃ | ᠰᠤᠷᠤᠯᠭᠠᠳᠠᠨ ᠸᠠᠩ ᠵᠢᠦᠢ ᠫᠢᠩ᠄ ︽ᠲᠣᠰ ᠤᠳᠠᠭᠠᠨ ᠤ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠨᠢ | ᠬᠢᠴᠢᠶᠡᠯ ᠤᠨ ᠠᠭᠤᠯᠭ᠎ᠠ ᠪᠠᠷ ᠪᠠᠶᠠᠯᠢᠭ᠂ ᠪᠠᠭᠰᠢ ᠶᠢᠨ ᠲᠠᠶᠢᠯᠤᠮᠵᠢ ᠬᠢᠬᠦ ᠨᠢ ᠶᠡᠭᠡ ᠣᠶᠢᠯᠠᠭᠠᠮᠵᠢᠲᠠᠢ ᠪᠠᠶᠢᠨ᠎ᠠ᠃ | ᠪᠣᠯᠪᠠᠰᠤᠷᠠᠯ ᠢᠶᠠᠷ ᠲᠠᠮᠵᠢᠨ ᠪᠢ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠦᠨᠳᠦᠰᠦᠨ ᠤᠬᠠᠭᠳᠠᠬᠤᠨ ᠢ | ᠣᠶᠢᠯᠠᠭᠠᠵᠤ᠂ ᠬᠡᠷᠬᠢᠨ ᠰᠢᠭᠤᠳ ᠨᠡᠪᠲᠡᠷᠡᠭᠦᠯᠬᠦ᠂ ᠬᠡᠷᠬᠢᠨ ᠪᠦᠳᠦᠭᠡᠭᠳᠡᠬᠦᠨ ᠢ ᠰᠣᠩᠭᠤᠬᠤ᠂ ᠬᠡᠷᠬᠢᠨ ᠣᠬᠤᠷ ᠸᠢᠳᠢᠤ᠋ | ᠰᠡᠭᠦᠳᠡᠷᠯᠡᠬᠦ ᠵᠡᠷᠭᠡ ᠶᠢ ᠨᠡᠯᠢᠶᠡᠳ ᠰᠢᠰᠲ᠋ᠧᠮ ᠲᠠᠢ ᠰᠤᠷᠤᠯᠴᠠᠨ ᠡᠵᠡᠮᠰᠢᠵᠦ᠂ ᠮᠢᠨᠤ ᠠᠵᠢᠯ ᠮᠡᠷᠭᠡᠵᠢᠯ ᠤᠨ | ᠬᠥᠭᠵᠢᠯᠲᠡ ᠳᠤ ᠴᠢᠬᠤᠯᠠ ᠵᠢᠯᠤᠭᠤᠳᠬᠤ ᠦᠢᠯᠡᠳᠦᠯ ᠥᠵᠡᠬᠦᠯᠦᠭᠰᠡᠨ ᠪᠠᠶᠢᠨ᠎ᠠ︾ ᠭᠡᠪᠡ᠃ | ᠰᠢᠭᠤᠳ ᠨᠡᠪᠲᠡᠷᠡᠭᠦᠯᠭᠡ ᠶᠢᠨ ᠥᠷᠦᠬᠡᠨ ᠳᠤ᠂ ᠪᠠᠭᠰᠢ ᠠᠴᠠ ᠰᠤᠷᠤᠯᠭᠠᠳᠠᠳ ᠲᠤ ᠬᠡᠷᠬᠢᠨ ᠰᠢᠭᠤᠳ | ᠨᠡᠪᠲᠡᠷᠡᠬᠦᠯᠭᠡ ᠬᠢᠬᠦ᠂ ᠨᠡᠪᠲᠡᠷᠡᠬᠦᠯᠭᠡ ᠶᠢᠨ ᠬᠤᠭᠤᠴᠠᠭᠠᠨ ᠳᠤ ᠶᠠᠭᠤ ᠶᠢ ᠠᠩᠬᠠᠷᠬᠤ᠂ ᠶᠠᠭᠠᠬᠢᠵᠦ ᠶᠠᠷᠢᠪᠠᠯ | ᠥᠵᠡᠭᠴᠢ ᠶᠢᠨ ᠠᠩᠬᠠᠷᠤᠯ ᠢ ᠲᠠᠲᠠᠬᠤ ᠵᠡᠷᠭᠡ ᠳᠡᠯ᠎ᠠ ᠪᠠᠷ ᠨᠠᠷᠢᠨ ᠪᠣᠳᠠᠳᠠᠢ ᠵᠢᠭᠠᠨ ᠵᠢᠯᠣᠭᠤᠳᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠢ 7 ᠡᠳᠦᠷ ᠤᠨ ᠬᠤᠭᠤᠴᠠᠭ᠎ᠠ ᠲᠠᠢ | ᠶᠠᠪᠤᠭᠳᠠᠭᠤᠯᠵᠤ᠂ ᠭᠤᠣᠯ ᠨᠢ ᠬᠥᠳᠡᠭᠡ ᠲᠣᠰᠬᠤᠨ ᠤ ︽ᠰᠦᠯᠵᠢᠶᠡᠨ ᠤ ᠤᠳᠦ︾ ᠢ ᠬᠦᠮᠦᠵᠢᠬᠦᠯᠵᠦ᠂ | ᠡᠯᠧᠺᠲᠷᠣᠨ ᠬᠤᠳᠠᠯᠳᠤᠭ᠎ᠠ ᠶᠢ ᠲᠣᠰᠬᠤᠨ ᠳᠤ ᠣᠷᠣᠭᠤᠯᠬᠤ᠂ ᠪᠦᠲᠦᠭᠡᠭᠳᠡᠬᠦᠨ ᠢ ᠲᠣᠰᠬᠤᠨ ᠠᠴᠠ ᠭᠠᠷᠭᠠᠬᠤ ᠶᠢ | ᠠᠬᠢᠭᠤᠯᠣᠨ᠂ ᠮᠠᠯᠴᠢᠨ ᠲᠠᠷᠢᠶᠠᠴᠢᠨ ᠢ ᠬᠠᠪᠰᠤᠷᠤᠨ ᠡᠯᠧᠺᠲᠷᠣᠨ ᠬᠤᠳᠠᠯᠳᠤᠭ᠎ᠠ ᠶᠢᠨ ᠪᠣᠷᠤᠯᠠᠭᠤᠯᠭ᠎ᠠ ᠶᠢᠨ ᠤᠷ᠎ᠠ | ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ | ᠲᠤᠯᠭᠠᠭᠤᠷᠢᠯᠠᠯ ᠬᠦᠴᠦᠨ ᠢ ᠬᠠᠩᠭᠠᠰᠠᠨ ᠪᠠᠶᠢᠨ᠎ᠠ᠃ | ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠢᠨᠠᠭᠴᠢᠳ ᠤᠨ ᠵᠥᠪᠯᠡᠯ ᠤᠨ ᠡᠷᠬᠢᠯᠡᠭᠴᠢ ᠸᠠᠩ ᠴᠠᠩ ᠮᠧᠶ᠄ ︽ᠲᠣᠰ | ᠤᠳᠠᠭᠠᠨ ᠤ ᠪᠣᠯᠪᠠᠰᠤᠷᠠᠯ ᠢ ᠡᠷᠭᠢᠯᠡᠵᠦ ᠪᠠᠶᠢᠭ᠎ᠠ ᠭᠤᠣᠯ ᠵᠣᠷᠢᠯᠭ᠎ᠠ ᠪᠣᠯ ᠳᠠᠷᠤᠢ ᠪᠥᠬᠦ ᠬᠤᠰᠢᠭᠤᠨ ᠤ ᠥᠷᠭᠡᠨ | ᠣᠯᠠᠨ ᠮᠠᠯᠴᠢᠨ ᠲᠠᠷᠢᠶᠠᠴᠢᠨ ᠨᠠᠶᠢᠵᠠ ᠨᠠᠷ ᠵᠢᠴᠢ ᠡᠯᠧᠺᠲᠷᠣᠨ ᠬᠤᠳᠠᠯᠳᠤᠭᠠᠨ ᠤ ᠠᠵᠢᠯᠲᠠᠳ ᠲᠤ ᠰᠢᠨ᠎ᠡ | ᠰᠡᠳᠬᠢᠮᠵᠢ᠂ ᠰᠢᠨ᠎ᠡ ᠠᠷᠭ᠎ᠠ ᠶᠢ ᠬᠠᠩᠭᠠᠵᠤ᠂ ᠨᠢᠭᠡ ᠪᠦᠯᠦᠭ ᠮᠠᠯᠵᠢᠬᠤ ᠲᠠᠷᠢᠶᠠᠯᠠᠬᠤ ᠣᠷᠣᠨ ᠤ ᠰᠢᠭᠤᠳ | ᠨᠡᠪᠲᠡᠷᠡᠭᠦᠯᠭᠡ ᠶᠢᠨ ᠠᠵᠢᠯᠲᠠᠨ ᠢ ᠬᠦᠮᠦᠵᠢᠬᠦᠯᠦᠨ᠂ ᠲᠤᠬᠠᠢ ᠶᠢᠨ ᠭᠠᠵᠠᠷ ᠤᠨ ᠣᠨᠴᠠᠯᠢᠭᠲᠤ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ | ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠪᠣᠳᠠᠳᠠᠢ ᠪᠠᠶᠡᠯᠡᠬᠦᠯᠦᠨ᠂ | ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠥᠷᠭᠦᠯᠵᠢᠯᠡᠨ ᠳᠦᠯᠬᠢᠨ ᠠᠬᠢᠭᠤᠯᠬᠤ ᠶᠢᠨ ᠳᠦᠯᠦᠭᠡ ᠶᠤᠮ︾ ᠭᠡᠪᠡ᠃ | ᠲᠤᠰ ᠤᠳᠠᠭᠠᠨ ᠤ ᠪᠣᠯᠪᠠᠰᠤᠷᠠᠯ ᠳᠤ ᠳᠣᠰᠬᠠᠶᠢᠯᠠᠨ ᠱᠧᠨᠵᠧᠨ ᠬᠤᠳᠠ ᠶᠢᠨ ᠴᠢᠤᠢ ᠱᠧᠨ ᠽᠠᠥ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 3 ᠪᠠᠭᠰᠢ ᠶᠢ ᠣᠷᠢᠨ ᠬᠢᠴᠢᠶᠡᠯᠯᠡᠬᠦᠯᠪᠡ᠃ ᠪᠣᠯᠪᠠᠰᠤᠷᠠᠯ ᠤᠨ | ᠠᠬᠤᠢ ᠲᠠᠯᠠᠪᠠᠶ ᠳᠤ᠂ ᠯᠧᠺᠲ᠋ᠣᠷ ᠠᠴᠠ ︽ᠣᠨᠣᠯ + ᠦᠢᠯᠡᠳᠦᠯᠭᠡ︾ ᠶᠢᠨ ᠠᠷᠭ᠎ᠠ ᠶᠢ ᠠᠪᠴᠤ᠂ ᠮᠠᠨ ᠤ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠣᠳᠠᠳᠠᠢ ᠲᠠᠢ ᠤᠶᠠᠯᠳᠤᠭᠤᠯᠤᠨ᠂ ︽ᠳᠢᠺ | ᠳᠤᠺ ᠶᠢᠨ ᠵᠢᠵᠢᠭ ᠳᠡᠯᠭᠡᠭᠦᠷ ᠤᠨ ᠡᠵᠡᠩᠨᠡᠯᠲᠡ ᠪᠠ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠤᠯᠠᠭᠤᠯᠬᠤ︾ | ᠲᠣᠭᠤᠷᠢᠨ ᠳᠤ᠂ ᠡᠯᠧᠺᠲᠷᠣᠨ ᠬᠤᠳᠠᠯᠳᠤᠭ᠎ᠠ ᠶᠢ ᠡᠵᠡᠩᠨᠡᠬᠦ᠂ ᠰᠢᠭᠤᠳ ᠨᠡᠪᠲᠡᠷᠡᠭᠦᠯᠭᠡ ᠶᠢᠨ ᠦᠭᠡ ᠬᠡᠯᠡᠨ ᠤ | ᠢᠯᠡᠳᠬᠡᠬᠦ ᠠᠷᠭ᠎ᠠ ᠪᠠᠷᠢᠯ ᠵᠢᠴᠢ ᠰᠦᠯᠵᠢᠶᠠᠨ ᠠᠨᠳᠠ ᠶᠢᠨ ᠨᠡᠮᠡᠭᠳᠡᠯ ᠤᠨ ᠬᠤᠪᠢᠷᠠᠭᠤᠯᠤᠯᠲᠠ᠂ ᠣᠬᠤᠷ | ᠪᠢᠴᠢᠯᠭᠡ ᠶᠢᠨ ᠡᠯᠧᠺᠲᠷᠣᠨ ᠬᠤᠳᠠᠯᠳᠤᠭᠠᠨ ᠤ ᠳᠡᠯᠭᠡᠷᠡᠭᠦᠯᠦᠯᠲᠡ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ | ᠪᠣᠷᠣᠯᠠᠭᠤᠯᠬᠤ᠂ ᠲᠠᠪᠴᠠᠩ ᠤᠨ ᠲᠠᠩᠰᠠᠨ ᠨᠣᠮᠧᠷ ᠢ ᠡᠭᠦᠳᠦᠨ ᠡᠵᠡᠩᠨᠡᠬᠦ ᠪᠠ ᠤᠬᠠᠭᠠᠯᠠᠨ ᠲᠥᠯᠥᠪᠯᠡᠬᠦ ᠵᠡᠷᠭᠡ | ᠮᠡᠳᠡᠯᠭᠡ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠭᠰᠡᠨ ᠪᠥᠭᠡᠳ ᠶᠡᠭᠡ ᠬᠡᠮᠵᠢᠶᠡᠨ ᠤ ᠪᠣᠳᠠᠲᠤ ᠵᠢᠱᠢᠶ᠎ᠡ ᠲᠠᠢ | ᠤᠶᠠᠯᠳᠤᠭᠤᠯᠤᠨ᠂ ᠰᠢᠭᠤᠳ ᠨᠡᠪᠲᠡᠷᠡᠭᠦᠯᠭᠡ ᠶᠢᠨ ᠠᠩᠬ᠎ᠠ ᠡᠵᠡᠩᠨᠡᠬᠦ ᠰᠠᠭᠤᠷᠢ᠂ ᠰᠢᠭᠤᠳ ᠨᠡᠪᠲᠡᠷᠡᠭᠦᠯᠭᠡ ᠪᠠᠷ | ᠪᠠᠷᠠᠭ᠎ᠠ ᠪᠣᠷᠣᠯᠠᠭᠤᠯᠬᠤ ᠵᠡᠷᠭᠡ ᠣᠨᠣᠯ ᠤᠨ ᠪᠠ ᠪᠣᠳᠠᠲᠤ ᠪᠣᠯᠪᠠᠰᠤᠷᠠᠯ ᠤᠨ ᠮᠡᠳᠡᠯᠭᠡ ᠶᠢ ᠲᠠᠶᠢᠯᠪᠤᠷᠢᠯᠠᠪᠠ᠃ |