ᠣᠯᠣᠰ ᠪᠣᠯᠣᠨ ᠥᠪᠡᠷᠲᠡᠭᠡᠨ ᠵᠠᠰᠠᠬᠤ ᠣᠷᠣᠨ ᠤ ᠰᠥ ᠰᠠᠭᠠᠯᠢ ᠶᠢᠨ ᠠᠵᠣ ᠥᠢᠯᠡᠰ ᠤᠨ ᠠᠵᠢᠯ ᠤᠨ | ᠰᠢᠢᠳᠪᠥᠷᠢᠲᠥ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠨᠴᠠᠯᠢᠭᠲᠤ | ᠰᠠᠭᠠᠯᠢ ᠶᠢᠨ ᠮᠠᠯ ᠠᠷᠠᠴᠢᠯᠠᠨ ᠲᠡᠵᠢᠭᠡᠬᠦ ᠶᠢ ᠲᠦᠷᠭᠡᠳᠬᠡᠨ ᠬᠥᠭᠵᠢᠭᠦᠯᠬᠦ ᠶᠢᠨ ᠲᠤᠰᠠᠳᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠰᠠᠭᠠᠯᠢ ᠶᠢᠨ ᠮᠠᠯ ᠠᠷᠠᠴᠢᠯᠠᠨ ᠲᠡᠵᠢᠭᠡᠬᠦ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢᠨ ᠨᠥᠬᠦᠪᠦᠷᠢ ᠶᠢᠨ ᠲᠥᠷᠥᠯ ᠵᠦᠢᠯ ᠤᠨ ᠬᠡᠷᠡᠭᠵᠢᠭᠦᠯᠬᠦ ᠨᠠᠷᠢᠨ ᠳᠦᠷᠢᠮ ᠤᠨ ᠱᠠᠭᠠᠷᠳᠠᠯᠭ᠎ᠠ ᠶᠢ | ᠦᠨᠳᠦᠰᠦᠯᠡᠨ᠂ ᠣᠳᠣ ᠨᠥᠬᠦᠪᠦᠷᠢ ᠬᠥᠷᠲᠡᠭᠡᠬᠦ ᠣᠴᠢᠷ ᠶᠠᠪᠣᠳᠠᠯ ᠢ ᠲᠠᠶᠢᠯᠤᠶ᠎ᠠ᠄ | ᠨᠢᠭᠡ᠂ ᠲᠥᠷᠥᠯ ᠵᠥᠢᠯ ᠢ ᠬᠡᠷᠡᠭᠵᠢᠭᠦᠯᠬᠦ ᠬᠠᠷᠠᠯᠲᠠ | ᠪᠥᠬᠦ ᠬᠤᠰᠢᠭᠤᠨ ᠤ ᠬᠡᠪᠴᠢᠶᠡᠨ ᠳᠣᠲᠣᠷᠠᠬᠢ ᠲᠡᠮᠡᠭᠡ ᠠᠷᠠᠴᠢᠯᠠᠨ ᠲᠡᠵᠢᠭᠡᠬᠦ ᠬᠡᠪᠴᠢᠶ᠎ᠡ ᠨᠢ ᠶᠡᠭᠡ᠂ ᠰᠠᠭᠤᠷᠢ | ᠨᠥᠬᠦᠴᠡᠯ ᠢᠶᠠᠷ ᠰᠠᠶᠢᠨ᠂ ᠪᠠᠷᠢᠮᠵᠢᠶᠠᠵᠢᠭᠰᠠᠨ ᠬᠡᠮᠵᠢᠶ᠎ᠡᠨᠢ ᠥᠨᠳᠥᠷ᠂ ᠤᠨᠴᠠᠯᠢᠭᠳᠤ ᠰᠦ ᠶᠢᠨ ᠬᠠᠩᠭᠠᠯᠭ᠎ᠠ ᠶᠢ | ᠨᠡᠮᠡᠭᠳᠡᠭᠦᠯᠬᠦ ᠲᠠᠯ᠎ᠠ ᠪᠠᠷ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠰᠠᠭᠠᠯᠢ ᠶᠢᠨ ᠮᠠᠯ ᠠᠷᠠᠴᠢᠯᠠᠨ | ᠲᠡᠵᠢᠭᠡᠬᠦ ᠲᠠᠯᠠᠪᠠᠶ ᠶᠢᠨ ᠪᠥᠲᠥᠭᠡᠨ ᠪᠠᠶᠢᠭᠤᠯᠣᠯᠲᠠ ᠳᠤ ᠨᠥᠬᠦᠪᠦᠷᠢ ᠶᠢᠨ ᠲᠥᠷᠥᠯ ᠵᠥᠢᠯ ᠢ ᠬᠡᠷᠡᠭᠵᠢᠭᠦᠯᠬᠦ ᠪᠠᠷ | ᠬᠠᠷᠠᠯᠲᠠ ᠪᠠᠨ ᠪᠣᠯᠭᠠᠵᠣ᠂ ᠮᠠᠨ ᠤ ᠬᠤᠰᠢᠭᠤᠨ ᠤ ᠰᠦ ᠶᠢᠨ ᠠᠵᠣ ᠦᠢᠯᠡᠰ ᠤᠨ ᠶᠡᠷᠦᠩᠬᠡᠶᠢᠯᠡᠭᠰᠡᠨ ᠥᠷᠢᠰᠥᠯᠳᠥᠬᠦ | ᠬᠥᠴᠥᠨ ᠢ ᠳᠡᠭᠡᠭᠰᠢᠯᠡᠭᠦᠯᠦᠨ᠎ᠡ᠃ | ᠬᠤᠶᠠᠷ᠂ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ | ⒈ᠬᠡᠷᠡᠭᠵᠢᠭᠦᠯᠬᠦ ᠬᠡᠪᠴᠢᠶ᠎ᠡ ᠄ ᠡᠵᠡᠨ᠎ᠡ ᠬᠤᠰᠢᠭᠤ | ⒉ᠬᠡᠷᠡᠭᠵᠢᠭᠦᠯᠬᠦ ᠴᠠᠭ ᠬᠤᠭᠤᠴᠠᠭ᠎ᠠ ᠄ 2023 ᠣᠨ ᠤ 10 ᠰᠠᠷ᠎ᠠ ᠶᠢᠨ 1 ᠤ ᠡᠳᠦᠷ ᠠᠴᠠ 2025 | ᠣᠨ ᠤ 12 ᠰᠠᠷ᠎ᠠ ᠶᠢᠨ 31 ᠤ ᠡᠳᠥᠷ ᠬᠥᠷᠲᠡᠯ᠎ᠡ | ᠭᠤᠷᠪᠠ᠂ ᠨᠥᠬᠦᠪᠦᠷᠢ ᠬᠥᠷᠲᠡᠭᠡᠬᠦ ᠡᠲᠡᠭᠡᠳ᠂ ᠨᠥᠬᠦᠪᠥᠷᠢ ᠶᠢᠨ ᠪᠡᠯᠡ ᠮᠥᠩᠭᠦ ᠶᠢᠨ ᠬᠡᠷᠡᠭᠯᠡᠯ᠂ ᠬᠥᠷᠲᠡᠭᠡᠬᠦ ᠪᠠᠷᠢᠮᠵᠢᠶ᠎ᠠ | ᠪᠠ ᠠᠷᠭ᠎ᠠ ᠬᠡᠯᠪᠡᠷᠢ | ︵ᠨᠢᠭᠡ︶ ᠨᠥᠬᠦᠪᠦᠷᠢ ᠬᠥᠷᠲᠡᠭᠡᠬᠦ ᠡᠲᠡᠭᠡᠳ | ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠰᠠᠶᠢᠵᠢᠷᠠᠭᠤᠯᠵᠣ ᠲᠡᠰ ᠳᠡᠪᠰᠢᠭᠦᠯᠥᠭᠰᠡᠨ ᠣᠨᠴᠠᠯᠢᠭᠲᠤ | ᠰᠠᠭᠠᠯᠢ ᠶᠢᠨ ᠮᠠᠯ ᠠᠷᠠᠴᠢᠯᠠᠨ ᠲᠡᠵᠢᠭᠡᠬᠦ ᠲᠠᠯᠠᠪᠠᠢ ᠨᠢ ᠡᠷᠬᠡᠪᠰᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ | ᠬᠡᠷᠡᠭᠲᠡᠢ᠄ | ⒈ ᠠᠷᠠᠴᠢᠯᠠᠨ ᠲᠡᠵᠢᠭᠡᠬᠦ ᠲᠠᠯᠠᠪᠠᠢ ᠨᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠠᠶᠢᠵᠣ᠂ | ᠪᠡᠶ᠎ᠡ ᠪᠠᠨ ᠳᠠᠭᠠᠭᠠᠵᠤ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠲᠠᠢ ᠪᠠᠶᠢᠬᠤ᠃ | ᠲᠡᠮᠡᠭᠡ ᠠᠷᠠᠴᠢᠯᠠᠨ ᠲᠡᠵᠢᠭᠡᠬᠦ ᠲᠠᠯᠠᠪᠠᠶ᠄ 2022 ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷᠬᠢ | ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠰᠠᠶᠢᠵᠢᠷᠠᠭᠤᠯᠵᠣ ᠲᠠᠰ ᠳᠡᠪᠰᠢᠭᠦᠯᠦᠭᠰᠡᠨ ᠠᠷᠠᠴᠢᠯᠠᠨ ᠲᠡᠵᠢᠭᠡᠬᠦ | ᠲᠠᠯᠠᠪᠠᠶ ᠪᠠᠶᠢᠬᠤ | ⒉ ᠠᠷᠠᠴᠢᠯᠠᠨ ᠲᠡᠵᠢᠭᠡᠬᠦ ᠲᠠᠯᠠᠪᠠᠶ ᠨᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠨᠢᠭᠡᠨᠲᠡ ᠪᠡᠶᠡᠯᠡᠭᠦᠯᠵᠦ᠂ ᠲᠡᠵᠢᠭᠡᠵᠦ ᠪᠠᠶᠢᠭ᠎ᠠ ᠬᠡᠪᠴᠢᠶ᠎ᠡ᠂ ᠰᠦ ᠶᠢᠨ ᠭᠠᠷᠦᠯᠲᠠ ᠶᠢᠨ ᠬᠡᠮᠵᠢᠶ᠎ᠡ ᠨᠢ ᠨᠥᠬᠦᠪᠦᠷᠢ | ᠬᠥᠷᠲᠡᠭᠡᠬᠦ ᠱᠠᠭᠠᠷᠳᠠᠯᠭ᠎ᠠ ᠳᠤ ᠬᠥᠷᠥᠭᠰᠡᠨ ᠪᠠᠶᠢᠬᠤ | ⒊ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠳᠤ ᠨᠡᠶᠢᠴᠡᠵᠦ᠂ ᠮᠠᠯ ᠠᠵᠤ ᠠᠬᠤᠢ ᠮᠠᠯ ᠡᠮᠨᠡᠯᠭᠡ ᠶᠢᠨ | ᠭᠤᠥᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠯᠭᠤᠭᠰᠠᠨ ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ | ᠬᠢᠷᠢ ᠲᠡᠩᠴᠡᠭᠰᠡᠨ ᠦᠨᠡᠮᠯᠡᠯ︾ ᠲᠠᠢ ᠪᠠᠶᠢᠬᠤ | ⒋︽ᠮᠠᠯ ᠵᠢᠭᠦᠷᠲᠡᠨ ᠲᠠᠵᠵᠭᠡᠪᠤᠷᠢ ᠶᠢᠨ ᠢᠯᠭᠠᠬᠤ ᠲᠡᠮᠳᠡᠭ ᠪᠠ ᠠᠷᠠᠴᠢᠯᠠᠨ ᠲᠠᠵᠢᠭᠡᠬᠦ ᠲᠠᠩᠰᠠ | ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠪᠦᠷᠢᠨ ᠲᠥᠬᠦᠷ ᠠᠷᠠᠴᠢᠯᠠᠨ ᠲᠡᠵᠢᠭᠡᠬᠦ | ᠲᠠᠩᠰᠠ ᠡᠪᠬᠡᠮᠡᠯ ᠢ ᠪᠠᠶᠢᠭᠤᠯᠵᠤ᠂ ᠬᠠᠮᠢᠶᠠᠷᠤᠯᠲᠠ ᠶᠢ ᠳᠥᠷᠢᠮᠵᠢᠭᠦᠯᠥᠭᠰᠡᠨ ᠪᠠᠶᠢᠬᠤ | ⒌ ᠬᠠᠤᠯᠢ ᠶᠣᠰᠣᠭᠠᠷ ᠰᠠᠭᠤᠵᠣ ᠪᠠᠶᠢᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠠᠯ | ᠠᠵᠤ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠭᠤᠥᠯᠯᠠᠨ ᠬᠠᠮᠢᠶᠠᠷᠬᠤ ᠰᠠᠯᠠᠭ᠎ᠠ ᠮᠥᠴᠢᠷ ᠲᠤ | ᠳᠠᠩᠰᠠᠯᠠᠭᠤᠯᠵᠤ᠂ ᠮᠠᠯ ᠵᠢᠭᠦᠷᠲᠡᠨ ᠲᠡᠵᠢᠭᠡᠪᠥᠷᠢ ᠠᠷᠠᠴᠢᠯᠠᠨ ᠲᠡᠵᠢᠭᠡᠬᠦ ᠲᠥᠯᠥᠭᠡᠨ ᠤ ᠲᠡᠮᠳᠡᠭ ᠢ ᠣᠯᠵᠤ᠂ | ᠠᠷᠠᠴᠢᠯᠠᠨ ᠲᠡᠵᠢᠭᠡᠬᠦ ᠬᠡᠪᠴᠢᠶ᠎ᠡ ᠲᠠᠢ ᠨᠡᠶᠢᠴᠡᠭᠰᠡᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ | ᠬᠥᠷᠥᠭᠰᠡᠨ ᠪᠠᠶᠢᠬᠤ | ︵ᠬᠤᠶᠠᠷ︶ ᠨᠥᠬᠦᠪᠦᠷᠢ ᠬᠥᠷᠲᠡᠭᠡᠬᠦ ᠪᠠᠷᠢᠮᠵᠢᠶ᠎ᠠ | ᠲᠡᠮᠡᠭᠡ ᠠᠷᠠᠴᠢᠯᠠᠨ ᠲᠡᠵᠢᠭᠡᠬᠦ ᠲᠠᠯᠠᠪᠠᠶ᠄ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠰᠠᠶᠢᠵᠢᠷᠠᠭᠤᠯᠵᠣ | ᠲᠠᠰ ᠳᠡᠪᠰᠢᠭᠦᠯᠥᠭᠰᠡᠨ ᠲᠡᠮᠡᠭᠡ ᠠᠷᠠᠴᠢᠯᠠᠨ ᠲᠡᠵᠢᠭᠡᠬᠦ ᠲᠠᠯᠠᠪᠠᠶ ᠶᠢᠨ ᠪᠣᠳᠠᠲᠠᠢ ᠲᠡᠵᠢᠭᠡᠵᠦ ᠪᠠᠶᠢᠭ᠎ᠠ ᠲᠡᠮᠡᠭᠡ ᠶᠢᠨ | ᠬᠡᠪᠴᠢᠶᠡᠨᠢ 200 ᠲᠣᠯᠣᠭᠠᠢ ᠳᠤ ᠬᠥᠷᠴᠥ᠂ ᠵᠢᠯ ᠤᠨ ᠰᠥ ᠶᠢᠨ ᠭᠠᠷᠤᠯᠲᠠ ᠶᠢᠨ ᠬᠡᠮᠵᠢᠶ᠎ᠡᠨᠢ 50 ᠲᠣᠨ ᠠᠴᠠ | ᠳᠠᠪᠠᠭᠰᠠᠨ ᠪᠠᠶᠢᠪᠠᠯ᠂ ᠲᠣᠰᠪᠣᠷᠢ 40 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠨᠥᠬᠦᠪᠦᠷᠢ ᠶᠢ | ᠣᠯᠭᠤᠨ᠎ᠠ᠃ | ︵ᠭᠤᠷᠪᠠ︶ ᠪᠡᠯᠡ ᠮᠥᠩᠭᠦ ᠶᠢᠨ ᠬᠡᠷᠡᠭᠯᠡᠯ | ᠨᠥᠬᠦᠪᠦᠷᠢ ᠶᠢᠨ ᠪᠡᠯᠡ ᠮᠥᠩᠭᠦ ᠶᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠪᠠᠭᠠᠵᠢ | ᠬᠡᠷᠡᠭᠰᠡᠯ ᠢ ᠬᠤᠳᠠᠯᠳᠤᠨ ᠠᠪᠬᠤ᠂ ᠦᠢᠯᠡᠳᠪᠦᠷᠢᠯᠡᠯ ᠡᠵᠡᠩᠨᠡᠯᠲᠡ ᠵᠡᠷᠭᠡ ᠳᠤ ᠬᠡᠷᠡᠭᠯᠡᠨ᠎ᠡ᠃ | ︵ᠳᠥᠷᠪᠡ︶ ᠨᠥᠬᠦᠪᠦᠷᠢ ᠬᠥᠷᠲᠡᠭᠡᠬᠦ ᠠᠷᠭ᠎ᠠ ᠬᠡᠯᠪᠡᠷᠢ | ︽ᠤᠷᠢᠳᠠᠪᠠᠷ ᠪᠠᠶᠢᠭᠤᠯᠵᠤ ᠲᠠᠷᠠᠭ᠎ᠠ ᠨᠢ ᠨᠥᠬᠦᠪᠥᠷᠢ ᠬᠥᠷᠲᠡᠭᠡᠬᠦ᠂ ᠱᠠᠩᠨᠠᠬᠤ ᠪᠠᠷ ᠨᠥᠬᠦᠪᠥᠷᠢ ᠬᠥᠷᠲᠡᠭᠡᠬᠦ ᠶᠢ | ᠣᠷᠣᠯᠠᠭᠤᠯᠬᠤ︾ ᠠᠷᠭᠠᠬᠡᠯᠪᠡᠷᠢ ᠪᠠᠷ ᠲᠠᠵᠢᠭᠡᠵᠥ ᠪᠠᠶᠢᠭ᠎ᠠ ᠰᠠᠭᠠᠯᠢ ᠶᠢᠨ ᠮᠠᠯ ᠤᠨ ᠬᠡᠪᠴᠢᠶ᠎ᠡ᠂ ᠰᠠᠭᠠᠯᠢ ᠶᠢᠨ | ᠭᠠᠷᠤᠯᠲᠠ ᠶᠢᠨ ᠬᠡᠮᠵᠢᠶ᠎ᠡ ᠨᠢ ᠰᠢᠯᠭᠠᠨ ᠪᠠᠶᠢᠴᠠᠭᠠᠬᠤ ᠪᠠᠷᠢᠮᠵᠢᠶ᠎ᠠ ᠳᠤ ᠬᠥᠷᠥᠭᠰᠡᠨ ᠤ ᠲᠠᠷᠠᠭ᠎ᠠ ᠨᠥᠬᠦᠪᠦᠷᠢ ᠣᠯᠭᠤᠨ᠎ᠠ᠃ | | ᠳᠥᠷᠪᠡ᠂ ᠨᠥᠬᠦᠪᠦᠷᠢ ᠬᠥᠷᠲᠡᠭᠡᠬᠦ ᠶᠠᠪᠤᠴᠠ | ︵ᠨᠢᠭᠡ︶ ᠨᠥᠬᠦᠪᠥᠷᠢ ᠬᠥᠷᠲᠡᠭᠡᠬᠦ ᠲᠥᠷᠥᠯ ᠵᠦᠢᠯ ᠢ ᠭᠤᠶᠣᠴᠢᠯᠠᠨ ᠮᠡᠳᠡᠭᠦᠯᠬᠦ | ᠰᠢᠨ᠎ᠡ ᠪᠠᠷ ᠪᠠᠶᠢᠭᠤᠯᠤᠠᠠᠰᠠᠨ᠂ ᠥᠭᠡᠷᠡᠴᠢᠯᠡᠨ ᠰᠠᠶᠢᠵᠢᠷᠠᠭᠤᠯᠵᠣ ᠲᠡᠰ ᠳᠡᠪᠰᠢᠭᠦᠯᠥᠭᠰᠡᠨ ᠣᠨᠴᠠᠯᠢᠭᠲᠤ | ᠰᠠᠭᠠᠯᠢ ᠶᠢᠨ ᠮᠠᠯ ᠠᠷᠠᠴᠢᠯᠠᠨ ᠲᠡᠵᠢᠭᠡᠬᠦ ᠲᠠᠯᠠᠪᠠᠢ ᠨᠢ ᠰᠢᠯᠭᠠᠨ ᠪᠠᠶᠢᠴᠠᠭᠠᠬᠤ ᠪᠠᠷᠢᠮᠵᠢᠶ᠎ᠠ ᠳᠤ ᠬᠥᠷᠥᠭᠰᠡᠨ ᠤ | ᠲᠠᠷᠠᠭ᠎ᠠ᠂ ᠡᠷᠬᠡᠪᠰᠢ ᠰᠠᠶᠢᠨ ᠳᠣᠷ᠎ᠠ ᠠᠴᠠ ᠪᠠᠨ 12 ᠰᠠᠷ᠎ᠠ ᠶᠢᠨ 1 ᠤ ᠡᠳᠥᠷ ᠠᠴᠠ ᠡᠮᠦᠨ᠎ᠡ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭᠮᠡᠷᠭᠡᠵᠢᠯ ᠤᠨ ᠲᠣᠪᠴᠢᠶ᠎ᠠ ᠳᠤ ᠭᠤᠶᠣᠴᠢᠯᠠᠨ | ᠮᠡᠳᠡᠭᠦᠯᠵᠦ᠂ ︽ᠰᠢᠨ᠎ᠡ ᠪᠠᠷ ᠪᠠᠶᠢᠭᠤᠯᠤᠠᠠᠰᠠᠨ ᠣᠨᠴᠠᠯᠢᠭᠲᠤ ᠰᠠᠭᠠᠯᠢ ᠶᠢᠨ ᠮᠠᠯ ᠠᠷᠠᠴᠢᠯᠠᠨ ᠲᠡᠵᠢᠭᠡᠬᠦ | ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠬᠥᠷᠲᠡᠭᠡᠬᠦ ᠲᠥᠷᠥᠯ ᠵᠦᠢᠯ ᠳᠤ ᠰᠢᠯᠭᠠᠨ ᠪᠠᠶᠢᠴᠠᠭᠠᠯᠲᠠ | ᠬᠢᠬᠦ ᠶᠢ ᠭᠤᠶᠣᠴᠢᠯᠠᠨ ᠮᠡᠳᠡᠭᠦᠯᠬᠦ ᠬᠦᠰᠦᠨᠦᠭᠲᠦ︾᠂ ︽ᠥᠭᠡᠷᠡᠴᠢᠯᠡᠨ ᠰᠠᠶᠢᠵᠢᠷᠠᠭᠤᠯᠵᠣ ᠲᠡᠰ ᠳᠡᠪᠰᠢᠭᠦᠯᠥᠭᠰᠡᠨ | ᠣᠨᠴᠠᠯᠢᠭᠲᠤ ᠰᠠᠭᠠᠯᠢ ᠶᠢᠨ ᠮᠠᠯ ᠠᠷᠠᠴᠢᠯᠠᠨ ᠲᠡᠵᠢᠭᠡᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ | ᠬᠥᠷᠲᠡᠭᠡᠬᠦ ᠲᠥᠷᠥᠯ ᠵᠦᠢᠯ ᠳᠤ ᠰᠢᠯᠭᠠᠨ ᠪᠠᠶᠢᠴᠠᠭᠠᠯᠲᠠ ᠬᠢᠬᠦ ᠶᠢ ᠭᠤᠶᠣᠴᠢᠯᠠᠨ ᠮᠡᠳᠡᠭᠦᠯᠬᠦ ᠬᠦᠰᠦᠨᠦᠭᠲᠦ︾ ᠶᠢ | ᠲᠠᠭᠯᠠᠨ ᠪᠢᠴᠢᠵᠥ᠂ ᠬᠠᠮᠢᠶᠠᠲᠠᠢ ᠭᠡᠷᠡᠴᠢ ᠮᠠᠲ᠋ᠧᠷᠢᠶᠠᠯ ︵ᠲᠠᠮᠠᠭ᠎ᠠ ᠳᠠᠷᠣᠵᠣ︶ ᠬᠠᠩᠭᠠᠨ ᠥᠭᠭᠦᠨ᠎ᠡ᠃ | ᠰᠢᠨ᠎ᠡ ᠪᠠᠷ ᠪᠠᠶᠢᠭᠤᠯᠣᠭᠰᠠᠨ ᠲᠡᠮᠡᠭᠡᠠᠷᠠᠴᠢᠯᠠᠨ ᠲᠡᠵᠢᠭᠡᠬᠦ ᠲᠠᠯᠠᠪᠠᠶ ᠶᠢᠨ ᠰᠢᠯᠭᠠᠨ ᠪᠠᠶᠢᠴᠠᠭᠠᠯᠲᠠ ᠬᠢᠬᠦ ᠶᠢ | ᠭᠤᠶᠤᠴᠢᠯᠠᠨ ᠮᠡᠳᠡᠭᠦᠯᠬᠦ ᠳᠤ ᠬᠠᠩᠭᠠᠵᠣ ᠥᠭᠬᠦ ᠭᠡᠷᠡᠴᠢ ᠮᠠᠲ᠋ᠧᠷᠢᠶᠠᠯ᠄ | ⒈ ᠡᠵᠡᠩᠨᠡᠯᠲᠡ ᠶᠢᠨ ᠭᠡᠷᠡᠴᠢ ᠲᠠᠢ ᠪᠠᠶᠢᠬᠤ; | ⒉ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ ᠲᠠᠢ ᠪᠠᠶᠢᠬᠤ ; | ⒊ᠠᠷᠠᠴᠢᠯᠠᠨ ᠲᠡᠵᠢᠭᠡᠬᠦ ᠲᠠᠯᠠᠪᠠᠢ ᠶᠢᠨ ᠭᠠᠵᠠᠷ ᠰᠢᠷᠣᠢ ᠶᠢᠨ ᠭᠠᠷ ᠭᠦᠢᠴᠡᠳᠬᠡᠯ ᠲᠠᠢ ᠪᠠᠶᠢᠬᠤ᠄ ᠬᠠᠤᠯᠢ | ᠳᠤ ᠨᠡᠶᠢᠴᠡᠭᠰᠡᠨ ᠭᠠᠵᠠᠷ ᠰᠢᠷᠣᠢ ᠶᠢ ᠳᠠᠭᠠᠭᠠᠴᠢᠯᠠᠭᠤᠯᠣᠭᠰᠠᠨ᠂ ᠰᠢᠯᠵᠢᠭᠦᠯᠥᠭᠰᠡᠨ᠂ ᠲᠥᠷᠢᠶᠡᠰᠥᠯᠡᠨ ᠬᠡᠷᠡᠭᠯᠡᠭᠰᠡᠨ | ᠭᠠᠷ ᠬᠦᠢᠴᠠᠤᠠᠭᠡᠯ ᠲᠠᠢ ᠪᠠᠶᠢᠬᠤ ; | ⒋ᠲᠦᠭᠦᠬᠡᠢ ᠰᠢᠨ᠎ᠡ ᠰᠦ ᠬᠤᠳᠠᠯᠳᠣᠵᠣ ᠠᠪᠬᠤ ᠪᠣᠷᠣᠯᠠᠭᠤᠯᠬᠤ ᠭᠡᠷ᠎ᠡ ᠪᠣᠶᠣ ᠬᠤᠳᠠᠯᠳᠣᠵᠣ ᠠᠪᠬᠤ | ᠪᠣᠷᠣᠯᠠᠭᠤᠯᠬᠤ ᠭᠡᠷᠡᠴᠢ ᠪᠠᠷᠢᠮᠲᠠ ᠲᠠᠢ ᠪᠠᠶᠢᠬᠤ︔ | ⒌ᠤᠷᠴᠵᠡ ᠲᠣᠭᠤᠷᠢᠨ ᠤ ᠬᠠᠮᠠᠭᠠᠯᠠᠯᠳᠡ ᠶᠢᠨ ᠱᠠᠭᠠᠷᠳᠠᠯᠭ᠎ᠠ ᠳᠤ ᠨᠡᠶᠢᠴᠡᠭᠰᠡᠨ ᠭᠡᠷᠡᠴᠢᠯᠡᠬᠦ ᠮᠠᠲ᠋ᠧᠷᠢᠶᠠᠯ ᠲᠠᠢ | ᠪᠠᠶᠢᠬᠤ ; | ⒍ᠠᠷᠠᠴᠢᠯᠠᠨ ᠲᠡᠵᠢᠭᠡᠬᠦ ᠲᠠᠩᠰᠠ ᠡᠪᠬᠡᠮᠡᠯ ᠲᠠᠢ ᠪᠠᠶᠢᠬᠤ᠄ ᠠᠵᠤ ᠠᠬᠤᠶᠢᠯᠠᠯ ᠤᠨ ᠨᠡᠷᠡᠶᠢᠳᠦᠯ᠂ ᠲᠡᠵᠢᠭᠡᠵᠦ | ᠪᠠᠶᠢᠭ᠎ᠠ ᠬᠡᠪᠴᠢᠶᠠᠨ ᠤ ᠪᠠᠶᠢᠳᠠᠯ ᠤᠨ ᠭᠡᠷᠡᠴᠢᠯᠡᠬᠦ ᠮᠠᠲ᠋ᠧᠷᠢᠶᠠᠯ ᠢ ᠬᠠᠩᠭᠠᠨ᠎ᠠ︔ | ⒎ ᠰᠡᠭᠦᠳᠡᠷᠯᠡᠭᠰᠡᠨ ᠮᠠᠲ᠋ᠧᠷᠢᠶᠠᠯ ᠲᠠᠢ ᠪᠠᠶᠢᠬᠤ ᠄ ᠲᠡᠮᠡᠭᠡ᠂ ᠰᠠᠭᠤᠷᠢ ᠲᠥᠬᠦᠭᠡᠷᠦᠮᠵᠢ᠂ ᠪᠠᠭᠠᠵᠢ | ᠬᠡᠷᠡᠭᠰᠡᠯ ᠤᠨ ᠬᠡᠷᠡᠯ ᠵᠢᠷᠤᠭ ᠵᠡᠷᠭᠡ ᠪᠠᠶᠢᠬᠤ᠃ | ᠥᠭᠡᠷᠡᠴᠢᠯᠡᠨ ᠰᠠᠶᠢᠵᠢᠷᠠᠭᠤᠯᠵᠣ ᠲᠠᠰ ᠳᠡᠪᠰᠢᠭᠦᠯᠥᠭᠰᠡᠨ ᠲᠡᠮᠡᠭᠡ ᠠᠷᠠᠴᠢᠯᠠᠨ ᠲᠡᠵᠢᠭᠡᠬᠦ ᠲᠠᠯᠠᠪᠠᠶ ᠶᠢᠨ | ᠰᠢᠯᠭᠠᠨ ᠪᠠᠶᠢᠴᠠᠭᠠᠯᠲᠠ ᠬᠢᠬᠦ ᠶᠢ ᠭᠤᠶᠤᠴᠢᠯᠠᠨ ᠮᠡᠳᠡᠭᠦᠯᠬᠦ ᠳᠤ ᠬᠠᠩᠭᠠᠬᠤ ᠮᠠᠲ᠋ᠧᠷᠢᠶᠠᠯ᠄ | ⒈ ᠡᠵᠡᠩᠨᠡᠯᠲᠡ ᠶᠢᠨ ᠭᠡᠷᠡᠴᠢ ᠲᠠᠢ ᠪᠠᠶᠢᠬᠤ; | ⒉ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ ᠲᠠᠢ ᠪᠠᠶᠢᠬᠤ ; | ⒊ ᠠᠷᠠᠴᠢᠯᠠᠨ ᠲᠡᠵᠢᠭᠡᠬᠦ ᠲᠠᠯᠠᠪᠠᠢ ᠶᠢᠨ ᠭᠠᠵᠠᠷ ᠰᠢᠷᠣᠢ ᠶᠢᠨ ᠭᠠᠷ ᠭᠦᠢᠴᠡᠳᠬᠡᠯ ᠲᠠᠢ ᠪᠠᠶᠢᠬᠤ᠄ | ᠬᠠᠤᠯᠢ ᠳᠤ ᠨᠡᠶᠢᠴᠡᠭᠰᠡᠨ ᠭᠠᠵᠠᠷ ᠰᠢᠷᠣᠢ ᠶᠢ ᠳᠠᠭᠠᠭᠠᠴᠢᠯᠠᠭᠤᠯᠣᠭᠰᠠᠨ᠂ ᠰᠢᠯᠵᠢᠭᠦᠯᠥᠭᠰᠡᠨ᠂ ᠲᠥᠷᠢᠶᠡᠰᠥᠯᠡᠨ | ᠬᠡᠷᠡᠭᠯᠡᠭᠰᠡᠨ ᠭᠠᠷ ᠬᠦᠢᠴᠠᠤᠠᠭᠡᠯ ᠲᠠᠢ ᠪᠠᠶᠢᠬᠤ ; | ⒋ᠲᠦᠭᠦᠬᠡᠢ ᠰᠢᠨ᠎ᠡ ᠰᠦ ᠬᠤᠳᠠᠯᠳᠣᠵᠣ ᠠᠪᠬᠤ ᠪᠣᠷᠣᠯᠠᠭᠤᠯᠬᠤ ᠭᠡᠷ᠎ᠡ ᠪᠣᠶᠣ ᠬᠤᠳᠠᠯᠳᠣᠵᠣ ᠠᠪᠬᠤ | ᠪᠣᠷᠣᠯᠠᠭᠤᠯᠬᠤ ᠭᠡᠷᠡᠴᠢ ᠪᠠᠷᠢᠮᠲᠠ ᠲᠠᠢ ᠪᠠᠶᠢᠬᠤ︔ | ⒌ᠠᠷᠠᠴᠢᠯᠠᠨ ᠲᠡᠵᠢᠭᠡᠬᠦ ᠲᠠᠩᠰᠠ ᠡᠪᠬᠡᠮᠡᠯ ᠲᠠᠢ ᠪᠠᠶᠢᠬᠤ᠄ ᠠᠵᠤ ᠠᠬᠤᠶᠢᠯᠠᠯ ᠤᠨ ᠨᠡᠷᠡᠶᠢᠳᠦᠯ᠂ ᠠᠷᠠᠴᠢᠯᠠᠨ | ᠲᠡᠵᠢᠭᠡᠵᠦ ᠪᠠᠶᠢᠭᠠᠲ᠋ᠡᠮᠡᠭᠡ ᠶᠢᠨ ᠬᠡᠪᠴᠢᠶᠠᠨ ᠤ ᠪᠠᠶᠢᠳᠠᠯ ᠤᠨ ᠭᠡᠷᠡᠴᠢ ᠮᠠᠲ᠋ᠧᠷᠢᠶᠠᠯ ᠢ ᠬᠠᠩᠭᠠᠨ᠎ᠠ︔ | ⒍ ᠰᠡᠭᠦᠳᠡᠷᠯᠡᠭᠰᠡᠨ ᠮᠠᠲ᠋ᠧᠷᠢᠶᠠᠯ ᠲᠠᠢ ᠪᠠᠶᠢᠬᠤ᠄ ᠠᠷᠠᠴᠢᠯᠠᠨ ᠲᠡᠵᠢᠭᠡᠵᠥ ᠪᠠᠶᠢᠭ᠎ᠠ ᠲᠡᠮᠡᠭᠡ᠂ ᠰᠠᠭᠤᠷᠢ | ᠲᠥᠬᠦᠭᠡᠷᠦᠮᠵᠢ᠂ ᠪᠠᠭᠠᠵᠢ ᠬᠡᠷᠡᠭᠰᠡᠯ ᠵᠡᠷᠭᠡ ᠶᠢ ᠰᠡᠭᠦᠳᠡᠷᠯᠡᠭᠰᠡᠨ ᠬᠡᠷᠡᠯ ᠵᠢᠷᠤᠭ ᠲᠠᠢ ᠪᠠᠶᠢᠬᠤ᠃ | ︵ᠬᠤᠶᠠᠷ︶ ᠭᠢᠨᠠᠡ ᠬᠠᠷᠭᠤᠭᠤᠯᠬᠤ ᠪᠠᠭᠢᠨᠠᠡ ᠵᠥᠪᠰᠢᠶᠡᠷᠡᠬᠦ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠲᠥᠷᠥᠯ ᠵᠦᠢᠯ ᠤᠨ | ᠨᠢᠭᠡᠴᠡ ᠶᠢᠨ ᠰᠢᠯᠭᠠᠨ ᠪᠠᠶᠢᠴᠠᠭᠠᠯᠭᠠᠬᠤ ᠭᠤᠶᠣᠴᠢᠯᠠᠯᠲᠠ ᠶᠢ ᠬᠤᠷᠢᠶᠠᠨ ᠣᠯᠣᠭᠰᠠᠨ ᠤ ᠲᠠᠷᠠᠭ᠎ᠠ᠂ ᠡᠳ᠋ ᠤᠨ ᠵᠠᠰᠠᠭ | ᠤᠨ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠬᠠᠷᠭᠤᠭᠤᠯᠵᠤ ᠰᠢᠯᠭᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ | ᠲᠤᠬᠠᠢ ᠶᠢᠨ ᠭᠠᠵᠠᠷ ᠲᠤᠨᠢ ᠰᠢᠯᠭᠠᠨ ᠪᠠᠶᠢᠴᠠᠭᠠᠬᠤ ᠪᠠ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢ ᠬᠠᠷᠢᠯᠴᠠᠨ | ᠤᠶᠠᠯᠳᠤᠭᠤᠯᠬᠤ ᠠᠷᠭ᠎ᠠ ᠪᠠᠷ ᠭᠤᠶᠣᠴᠢᠯᠠᠨ ᠮᠡᠳᠡᠭᠦᠯᠦᠭᠰᠡᠨ ᠲᠥᠷᠥᠯ ᠵᠦᠢᠯ ᠳᠤ ᠬᠢᠨᠠᠨ ᠬᠠᠷᠭᠤᠭᠤᠯᠵᠤ ᠰᠢᠯᠭᠠᠨ | ᠪᠠᠶᠢᠴᠠᠭᠠᠯᠲᠠ ᠶᠢ ᠬᠢᠬᠦ ᠶᠢᠨ ᠬᠠᠮᠲᠤ ᠰᠢᠯᠭᠠᠨ ᠪᠠᠶᠢᠴᠠᠭᠠᠯᠲᠠ ᠶᠢᠨ ᠦᠷ᠎ᠡᠳᠦ᠋ᠩ ᠢ ᠨᠡᠶᠢᠭᠡᠮ ᠶᠢᠨ ᠣᠯᠠᠨ ᠳᠤ | ᠨᠡᠶᠢᠲᠡᠯᠡᠵᠤ᠂ ᠨᠡᠶᠢᠲᠡᠯᠠᠬᠦ ᠠᠭᠤᠯᠭᠠᠳᠤ ᠨᠥᠬᠦᠪᠦᠷᠢ ᠬᠥᠷᠲᠡᠭᠡᠬᠦ ᠭᠤᠣᠯ ᠴᠣᠭᠴᠠ᠂ ᠨᠥᠬᠦᠪᠦᠷᠢ ᠬᠥᠷᠲᠡᠭᠡᠬᠦ | ᠥᠨᠳᠥᠰᠥ ᠪᠠᠷᠢᠮᠲᠠ᠂ ᠨᠥᠬᠦᠪᠦᠷᠢ ᠬᠥᠷᠲᠡᠭᠡᠬᠦ ᠵᠣᠭᠤᠰᠣᠨ ᠤ ᠲᠤᠭ᠎ᠠ᠂ ᠨᠥᠬᠦᠪᠦᠷᠢ ᠬᠥᠷᠲᠡᠭᠡᠬᠦ ᠠᠭᠤᠯᠭ᠎ᠠ ᠵᠡᠷᠭᠡ ᠶᠢ | ᠪᠠᠭᠲᠠᠭᠠᠵᠤ᠂ 5 ᠠᠵᠢᠯᠯᠠᠬᠤ ᠡᠳᠦᠷ ᠤᠨ ᠬᠤᠭᠤᠴᠠᠭ᠎ᠠ ᠲᠠᠢ ᠨᠡᠶᠢᠲᠡᠯᠡᠨ᠎ᠡ᠃ ᠨᠡᠶᠢᠲᠡᠯᠡᠭᠡᠳ ᠣᠨᠳᠣᠣ ᠰᠠᠨᠠᠯ ᠦᠭᠡᠢ | ᠪᠠᠶᠢᠪᠠᠯ᠂ ︽ᠰᠢᠨ᠎ᠡ ᠪᠠᠷ ᠪᠠᠶᠢᠭᠤᠯᠣᠭᠰᠠᠨ ᠣᠨᠴᠠᠯᠢᠭᠲᠤ ᠰᠠᠭᠠᠯᠢ ᠶᠢᠨ ᠮᠠᠯ ᠠᠷᠠᠴᠢᠯᠠᠨ ᠲᠡᠵᠢᠭᠡᠬᠦ ᠲᠠᠯᠠᠪᠠᠶ ᠶᠢᠨ | ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢᠨ ᠲᠥᠷᠥᠯ ᠵᠦᠢᠯ ᠤᠨ ᠰᠢᠯᠭᠠᠨ ᠪᠠᠶᠢᠴᠠᠭᠠᠯᠲᠠ ᠶᠢᠨ | ᠭᠤᠶᠣᠴᠢᠯᠠᠯᠲᠠ ᠵᠢᠨᠬᠦ᠋ᠰᠦᠨᠦᠭᠲᠦ︾ ︽ᠥᠭᠡᠷᠡᠴᠢᠯᠡᠨᠰᠠᠶᠢᠵᠢᠷᠠᠭᠤᠯᠵᠣ ᠲᠠᠰ ᠳᠡᠪᠰᠢᠭᠦᠯᠥᠭᠰᠡᠨ ᠣᠨᠴᠠᠯᠢᠭᠲᠤ | ᠰᠠᠭᠠᠯᠢ ᠶᠢᠨ ᠮᠠᠯ ᠠᠷᠠᠴᠢᠯᠠᠨ ᠲᠡᠵᠢᠭᠡᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢᠨ ᠲᠥᠷᠥᠯ | ᠵᠦᠢᠯ ᠤᠨ ᠰᠢᠯᠭᠠᠨ ᠪᠠᠶᠢᠴᠠᠭᠠᠯᠲᠠ ᠶᠢᠨ ᠭᠤᠶᠣᠴᠢᠯᠠᠯᠲᠠ ᠶᠢᠨ ᠬᠦᠰᠦᠨᠦᠭᠲᠦ︾ ᠳᠤ ᠰᠠᠨᠠᠯ ᠢᠶᠠᠨ ᠪᠢᠴᠢᠵᠥ᠂ ᠬᠢᠨᠠᠨ | ᠬᠠᠷᠭᠤᠭᠤᠯᠵᠣ ᠰᠢᠯᠭᠠᠨ ᠪᠠᠶᠢᠴᠠᠭᠠᠯᠲᠠ ᠬᠢᠭᠰᠡᠨ ᠦᠷ᠎ᠡ ᠳ᠋ᠦᠩ ᠢ ᠠᠶᠢᠮᠠᠭ ᠤᠨ ᠲᠠᠷᠢᠶᠠᠯᠠᠩ ᠮᠠᠯ ᠠᠵᠤ ᠠᠬᠤᠢ᠂ | ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠥᠨ᠎ᠡ᠃ | ᠠᠶᠢᠮᠠᠭ ᠤᠨ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠤᠰᠢᠭᠤᠨ ᠤ | ᠮᠡᠳᠡᠭᠦᠯᠥᠭᠰᠡᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠬᠠᠷᠭᠤᠭᠤᠯᠵᠣ ᠪᠠᠶᠢᠴᠠᠭᠠᠬᠤ ᠵᠥᠪᠰᠢᠶᠡᠷᠡᠬᠦ ᠶᠢ | ᠬᠢᠬᠦ ᠶᠢᠨ ᠬᠠᠮᠲᠤ ︽ᠰᠢᠨ᠎ᠡ ᠪᠠᠷ ᠪᠠᠶᠢᠭᠤᠯᠤᠭᠰᠠᠨ ᠣᠨᠴᠠᠯᠢᠭᠲᠤ ᠰᠠᠭᠠᠯᠢ ᠶᠢᠨ ᠮᠠᠯ ᠠᠷᠠᠴᠢᠯᠠᠨ ᠲᠡᠵᠢᠭᠡᠬᠦ | ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢᠨ ᠲᠥᠷᠥᠯ ᠵᠦᠢᠯ ᠤᠨ ᠰᠢᠯᠭᠠᠨ ᠪᠠᠶᠢᠴᠠᠭᠠᠯᠲᠠ ᠶᠢᠨ | ᠭᠤᠶᠣᠴᠢᠯᠠᠯᠲᠠ ᠶᠢᠨ ᠬᠦᠰᠦᠨᠦᠭᠲᠦ︾᠂ ︽ᠥᠭᠡᠷᠡᠴᠢᠯᠠᠨ ᠰᠠᠶᠢᠵᠢᠷᠠᠭᠤᠯᠵᠣ ᠲᠡᠰ ᠳᠡᠪᠰᠢᠭᠦᠯᠥᠭᠰᠡᠨ ᠣᠨᠴᠠᠯᠢᠭᠲᠤ | ᠰᠠᠭᠠᠯᠢ ᠶᠢᠨ ᠮᠠᠯ ᠠᠷᠠᠴᠢᠯᠠᠨ ᠲᠡᠵᠢᠭᠡᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢᠨ ᠲᠥᠷᠥᠯ | ᠵᠦᠢᠯ ᠤᠨ ᠰᠢᠯᠭᠠᠨ ᠪᠠᠶᠢᠴᠠᠭᠠᠯᠲᠠ ᠶᠢᠨ ᠭᠤᠶᠣᠴᠢᠯᠠᠯᠲᠠ ᠶᠢᠨ ᠬᠦᠰᠦᠨᠦᠭᠲᠦ︾ ᠳᠤ ᠰᠠᠨᠠᠯ ᠢᠶᠠᠨ ᠪᠢᠴᠢᠨ᠎ᠡ᠃ | ᠠᠶᠢᠮᠠᠭ ᠠᠴᠠ ᠬᠠᠷᠭᠤᠭᠤᠯᠣᠨ ᠪᠠᠶᠢᠴᠠᠭᠠᠵᠣ ᠵᠥᠪᠰᠢᠶᠡᠷᠡᠬᠦ ᠶᠢ ᠪᠡᠶᠡᠯᠡᠭᠦᠯᠥᠭᠰᠡᠨ ᠤ ᠲᠠᠷᠠᠭ᠎ᠠ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠳᠠᠩᠰᠠᠯᠠᠭᠤᠯᠣᠨ᠎ᠠ᠃ | ︵ᠭᠤᠷᠪᠠ︶ ᠨᠥᠬᠦᠪᠥᠷᠢ ᠬᠥᠷᠲᠡᠭᠡᠬᠦ ᠪᠡᠯᠡ ᠮᠥᠩᠭᠦ ᠶᠢ ᠲᠠᠷᠬᠠᠭᠠᠨ ᠥᠭᠬᠦ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠡᠳ᠋ ᠤᠨ | ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠠᠶᠢᠮᠠᠭ ᠬᠤᠳᠠ ᠶᠢᠨ ᠬᠠᠷᠭᠤᠭᠤᠯᠤᠨ ᠪᠠᠶᠢᠴᠠᠭᠠᠵᠤ | ᠵᠥᠪᠰᠢᠶᠡᠷᠡᠨ ᠮᠡᠳᠡᠭᠦᠯᠥᠭᠰᠡᠨ ᠦᠷ᠎ᠡ ᠳ᠋ᠦᠩ ᠳᠤ ᠪᠣᠳᠠᠲᠠᠢ ᠬᠠᠷᠭᠤᠭᠤᠯᠵᠣ ᠨᠡᠶᠢᠯᠡᠭᠦᠯᠬᠦ ᠶᠢ ᠬᠢᠵᠥ᠂ ᠦᠷ᠎ᠡᠳᠦ᠋ᠩ ᠢ | ᠨᠢ ᠦᠨᠳᠦᠰᠦᠯᠡᠨ ᠨᠥᠬᠦᠪᠦᠷᠢ ᠬᠥᠷᠲᠡᠭᠡᠬᠦ ᠪᠡᠯᠡ ᠮᠥᠩᠭᠦ ᠶᠢ ᠠᠶᠢᠮᠠᠭ ᠬᠤᠳᠠ ᠳᠤ ᠰᠢᠯᠵᠢᠭᠦᠯᠥᠨ ᠥᠭᠴᠦ᠂ | ᠠᠶᠢᠮᠠᠭ ᠬᠤᠳᠠ ᠨᠢ ᠪᠡᠯᠡ ᠮᠥᠩᠭᠦ ᠶᠢ ᠰᠢᠭᠤᠳ ᠠᠷᠠᠴᠢᠯᠠᠨ ᠲᠡᠵᠢᠭᠡᠬᠦ ᠲᠠᠯᠠᠪᠠᠢ ᠳᠤ ᠲᠠᠷᠬᠠᠭᠠᠨ ᠥᠭᠭᠦᠨ᠎ᠡ᠃ | ᠴᠢᠬᠤᠯᠠᠲᠠᠢᠦᠶᠡ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠪᠤᠶᠤ ᠭᠤᠷᠪᠠᠳᠠᠬᠢ ᠲᠠᠯ᠎ᠠ ᠶᠢᠨ | ᠲᠤᠰᠬᠠᠢ ᠠᠵᠢᠯ ᠤᠨ ᠪᠠᠶᠢᠭᠤᠯᠤᠮᠵᠢ ᠳᠤ ᠨᠠᠶᠢᠳᠠᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠳᠤ ᠰᠣᠭᠤᠯᠵᠣ | ᠪᠠᠶᠢᠴᠠᠭᠠᠬᠤ ᠶᠢ ᠬᠢᠯᠭᠡᠨ᠎ᠡ᠃ |