3 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠬᠤᠷᠠᠯ ᠤᠨ | ᠲᠠᠰᠤᠭ ᠲᠤ᠂ ᠠᠷᠪᠠᠭᠠᠳ ᠳ᠋ᠠᠶᠢᠲ᠋ᠠ ᠶᠢᠨ ᠢᠨᠵᠧᠨᠧᠷ ᠺᠤᠮᠫᠢᠦ᠋ᠲ᠋ᠧᠷ ᠤᠨ ᠡᠮᠦᠨ᠎ᠡ ᠶᠠᠭᠠᠷᠠᠯᠲᠠᠢ ᠠᠵᠢᠯᠯᠠᠨ᠎ᠠ᠃ | ᠬᠤᠷᠠᠯ ᠤᠨ ᠲᠠᠰᠤᠭ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠳᠠᠬᠢ | ︿ᠨᠡᠪᠲᠡᠷᠬᠡᠢ ᠬᠦᠨᠦᠰᠦᠭ﹀ ᠰᠢᠰᠲ᠋ᠧᠮ ᠤᠨ ᠠᠵᠢᠯ ᠤᠨ ᠪᠣᠷᠣ ᠵᠢᠷᠤᠭ︾ ᠢ ᠨᠢᠳᠦᠨ ᠳᠤ ᠢᠯᠡ ᠡᠯᠭᠦᠭᠰᠡᠨ ᠠᠴᠠ | ᠰᠢᠰᠲ᠋ᠧᠮ ᠤᠨ ᠠᠵᠢᠯ ᠤᠨ ᠠᠬᠢᠴᠠ ᠶᠢ ᠦᠵᠡᠮᠡᠭᠴᠡ ᠲᠣᠳᠣᠷᠬᠠᠢ ᠣᠶᠢᠯᠠᠭᠠᠵᠤ ᠪᠣᠯᠣᠨ᠎ᠠ᠃ | ᠶᠡᠷᠦ ᠨᠢ ᠬᠦᠨᠦᠰᠦᠭ ᠤᠯᠠᠨ᠂ ᠰᠢᠰᠲ᠋ᠧᠮ ᠤᠯᠠᠨ᠂ ᠳ᠋ᠠᠶᠢᠲ᠋ᠠ ᠴᠢᠳᠠᠮᠵᠢ ᠣᠯᠭᠤᠬᠤ ᠬᠦᠴᠢᠷ ᠵᠡᠷᠭᠡ | ᠠᠰᠠᠭᠤᠳᠠᠯ ᠤᠳ ᠪᠣᠯ ᠦᠨᠳᠦᠰᠦᠨ ᠱᠠᠲᠤᠨ ᠤ ᠠᠵᠢᠯ ᠤᠨ ᠬᠦᠴᠢᠷᠳᠡᠯ ᠪᠣᠯᠣᠭᠰᠠᠭᠠᠷ ᠢᠷᠡᠵᠠᠢ᠃ ᠦᠨᠳᠦᠰᠦᠨ | ᠱᠠᠲᠤᠨ ᠤ ᠠᠵᠢᠯ ᠲᠦᠮᠡ ᠮᠢᠩᠭ᠎ᠠ ᠪᠥᠭᠡᠳ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠤᠯᠠᠨ ᠶᠠᠩᠵᠤ ᠶᠢᠨ | ᠪᠠᠶᠢᠳᠠᠭ ᠪᠣᠯᠬᠤᠷ ᠬᠡᠷᠬᠢᠨ ᠦᠨᠳᠦᠰᠦᠨ ᠱᠠᠲᠤᠨ ᠤ ᠠᠵᠢᠯᠲᠠᠳ ᠢ ᠴᠢᠯᠦᠭᠡᠯᠡᠨ᠂ ᠳᠡᠭᠡᠭᠰᠢ ᠮᠡᠳᠡᠭᠦᠯᠬᠦ ᠬᠦᠨᠦᠰᠦᠭ ᠢ | ᠳᠤᠲᠠᠭᠤᠬᠠᠨ ᠰᠢᠭ᠋᠂ ᠦᠨᠳᠦᠰᠦᠨ ᠱᠠᠲᠤᠨ ᠤ ᠰᠤᠷᠪᠤᠯᠵᠢᠯᠠᠯ ᠢ ᠢᠯᠡᠭᠦᠬᠡᠨ ᠰᠢᠭ ᠪᠤᠯᠭᠠᠬᠤ ᠪᠤᠢ᠃ ᠡᠭᠦᠨ ᠤ | ᠲᠤᠯᠠᠳᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠨᠢ ︽ᠨᠡᠪᠲᠡᠷᠬᠡᠢ ᠬᠦᠨᠦᠰᠦᠭ︾ ᠰᠢᠰᠲ᠋ᠧᠮ ᠢ ᠰᠦᠪᠡᠭᠴᠢᠯᠡᠨ ᠪᠠᠶᠢᠭᠤᠯᠤᠭᠠᠳ᠂ | ᠳ᠋ᠠᠶᠢᠲ᠋ᠠ ᠶᠢ ᠨᠢᠭᠡ ᠴᠣᠭᠴᠠᠵᠢᠭᠤᠯᠤᠨ ᠴᠤᠭᠯᠠᠭᠤᠯᠬᠤ ᠪᠠᠷ ᠳᠠᠮᠵᠢᠭᠤᠯᠤᠨ᠂ ᠳ᠋ᠠᠶᠢᠲ᠋ᠠ ᠶᠢ ᠬᠤᠪᠢᠶᠠᠯᠴᠠᠬᠤ ᠶᠢ | ᠠᠬᠢᠭᠤᠯᠵᠤ᠂ ︽ᠦᠨᠳᠦᠰᠦᠨ ᠱᠠᠲᠤᠨ ᠠᠴᠠ ᠬᠦᠨᠦᠰᠦᠭ ᠠᠪᠬᠤ︾ ᠪᠠᠶᠢᠭᠰᠠᠨ ᠢ ︽ᠰᠢᠰᠲ᠋ᠧᠮ ᠠᠴᠠ ᠳ᠋ᠠᠶᠢᠲ᠋ᠠ | ᠠᠪᠬᠤ︾ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠨᠢ ᠬᠥᠩᠭᠡᠯᠡᠨ ᠦᠷ᠎ᠡ ᠠᠰᠢᠭ ᠢ ᠨᠢ | ᠨᠡᠮᠡᠭᠳᠡᠭᠦᠯᠵᠦ ᠪᠠᠶᠢᠨ᠎ᠠ᠃ ᠣᠳᠣᠬᠠᠨ ᠳᠤ᠂ ᠣᠷᠳᠣᠰ ᠬᠤᠲᠠ ᠶᠢᠨ ᠭᠢᠶ᠎ᠠ ᠪᠠᠭᠰᠢ ᠲᠣᠭᠤᠷᠢᠭ᠂ ᠭᠦᠭᠡᠬᠤᠲᠠ ᠶᠢᠨ | ᠰᠠᠶᠢᠬᠠᠨ ᠲᠣᠭᠤᠷᠢᠭ᠂ ᠪᠤᠭᠤᠲᠤ ᠬᠤᠲᠠ ᠶᠢᠨ ᠴᠢᠩᠱᠠᠨ ᠲᠣᠭᠤᠷᠢᠭ᠂ ᠬᠢᠩᠭᠠᠨ ᠠᠶᠢᠮᠠᠭ ᠤᠨ ᠤᠯᠠᠭᠠᠨᠬᠤᠲᠠ᠂ | ᠲᠦᠩᠯᠢᠶᠣᠣ ᠬᠤᠲᠠ ᠶᠢᠨ ᠬᠤᠷᠴᠢᠨ ᠲᠣᠭᠤᠷᠢᠭ᠂ ᠰᠢᠯᠢ ᠶᠢᠨ ᠭᠤᠣᠯ ᠠᠶᠢᠮᠠᠭ ᠤᠨ ᠰᠢᠯᠢ ᠶᠢᠨ ᠬᠤᠲᠠ ᠵᠢᠴᠢ | ᠦᠬᠠᠢ ᠬᠤᠲᠠ ᠵᠡᠷᠭᠡ 7 ᠭᠠᠵᠠᠷ ᠣᠷᠣᠨ ᠳᠤ ᠲᠤᠷᠰᠢᠯᠲᠠ ᠶᠢᠨ ᠴᠡᠭ ᠤᠨ ᠬᠠᠮᠢᠶ᠎ᠠ ᠪᠦᠬᠦᠢ ᠠᠵᠢᠯ ᠢ ᠨᠢᠭᠡᠨᠲᠡ | ᠥᠷᠨᠢᠭᠦᠯᠪᠡ᠃ | ᠳᠠᠪᠬᠤᠴᠠᠭᠰᠠᠨ ᠮᠡᠳᠡᠭᠦᠯᠬᠦ ᠬᠦᠨᠦᠰᠦᠭ ᠤᠳ ᠢ ᠴᠣᠮᠬᠠᠳᠬᠠᠨ ᠨᠡᠶᠢᠳᠬᠡᠬᠦ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ | ᠲᠤᠷᠰᠢᠯᠲᠠ ᠶᠢᠨ ᠴᠡᠭ ᠤᠨ ᠭᠠᠵᠠᠷ ᠣᠷᠣᠨ ᠪᠣᠯᠬᠤ ᠠᠶᠢᠮᠠᠭ ᠬᠤᠲᠠ ᠪᠠ ᠬᠤᠰᠢᠭᠤ ᠰᠢᠶᠠᠨ ᠲᠣᠭᠤᠷᠢᠭ ᠬᠤᠶᠠᠷ | ᠱᠠᠲᠤᠨ ᠤ 50 ᠰᠢᠬᠠᠮ ᠰᠠᠯᠠᠭ᠎ᠠ ᠮᠥᠴᠢᠷ ᠤᠨ ᠦᠨᠳᠦᠰᠦᠨ ᠱᠠᠲᠤᠨ ᠤ ᠲᠠᠭᠯᠠᠨ ᠮᠡᠳᠡᠭᠦᠯᠬᠦ ᠴᠢᠬᠤᠯᠠᠲᠠᠢ 600 | ᠭᠠᠷᠤᠢ ᠮᠡᠳᠡᠭᠦᠯᠦᠯᠲᠡ ᠶᠢᠨ ᠬᠦᠨᠦᠰᠦᠭ ᠤᠳ ᠢ ᠤᠷᠢᠳ ᠬᠤᠵᠢᠳ 4 ᠤᠳᠠᠭ᠎ᠠ ᠴᠤᠭᠯᠠᠭᠤᠯᠤᠨ ᠡᠮᠬᠢᠯᠡᠵᠦ᠂ | ᠮᠡᠳᠡᠭᠦᠯᠦᠯᠲᠡ ᠶᠢᠨ ᠬᠦᠨᠦᠰᠦᠭ ᠲᠠᠬᠢ ᠳ᠋ᠠᠶᠢᠲ᠋ᠠ ᠶᠢᠨ ᠵᠦᠢᠯᠡᠰ ᠢ ᠵᠠᠳᠠᠯᠤᠨ᠂ ᠳᠠᠪᠬᠤᠴᠠᠭᠰᠠᠨ ᠢ ᠨᠢ ᠬᠠᠰᠤᠭᠰᠠᠨ | ᠮᠥᠷᠲᠡᠭᠡᠨ ᠠᠵᠢᠯ ᠲᠥᠷᠥᠯ ᠬᠢᠭᠡᠳ ᠲᠤᠬᠠᠶᠢᠯᠠᠭᠰᠠᠨ ᠠᠵᠢᠯ ᠤᠨ ᠬᠤᠯᠪᠣᠭᠳᠠᠯᠲᠤ ᠴᠢᠨᠠᠷ ᠢᠶᠠᠷ ᠨᠡᠶᠢᠯᠡᠭᠦᠯᠦᠨ | ᠡᠮᠬᠢᠯᠡᠭᠰᠡᠨ ᠤ ᠳᠠᠷᠠᠭ᠎ᠠ᠂ ᠠᠩᠬᠠᠳᠤᠭᠠᠷ ᠪᠦᠯᠦᠭ ᠤᠨ ᠥᠨᠳᠥᠷ ᠳᠠᠪᠲᠠᠮᠵᠢᠲᠤ 90 ᠮᠡᠳᠡᠭᠦᠯᠦᠯᠲᠡ ᠶᠢᠨ | ᠬᠦᠨᠦᠰᠦᠭ ᠤᠨ ︽ᠳ᠋ᠠᠶᠢᠲ᠋ᠠ ᠶᠢᠨ ᠡᠬᠡ ᠲᠠᠩᠰᠠ︾ ᠶᠢ ᠪᠤᠶ ᠪᠣᠯᠭᠠᠵᠠᠢ᠃ ᠳᠠᠷᠠᠭ᠎ᠠ ᠳᠤ ᠨᠢ ᠰᠠᠯᠠᠭ᠎ᠠ ᠮᠥᠴᠢᠷ ᠪᠠ | ᠦᠨᠳᠦᠰᠦᠨ ᠱᠠᠲᠤᠨ ᠤ ᠳ᠋ᠠᠶᠢᠲ᠋ᠠ ᠶᠢᠨ ᠬᠡᠷᠡᠭᠴᠡᠭᠡ ᠶᠢ ᠬᠤᠷᠢᠶᠠᠩᠭᠤᠶᠢᠯᠠᠨ᠂ ᠦᠨᠳᠦᠰᠦᠨ ᠱᠠᠲᠤᠨ ᠤ | ︽ᠦᠨᠳᠦᠰᠦᠨ ᠳ᠋ᠠᠶᠢᠲ᠋ᠠ ᠬᠥᠮᠥᠷᠭᠡ︾ ᠶᠢ ᠪᠠᠶᠢᠭᠤᠯᠬᠤ ᠪᠣᠯᠣᠨ᠎ᠠ᠃ ᠦᠨᠳᠦᠰᠦᠨ ᠱᠠᠲᠤᠨ ᠤ ︽ᠦᠨᠳᠦᠰᠦᠨ | ᠳ᠋ᠠᠶᠢᠲ᠋ᠠ ᠬᠥᠮᠥᠷᠭᠡ︾ ᠳᠤ ᠲᠤᠰᠠᠯᠠᠬᠤ ᠶᠢᠨ ᠲᠥᠯᠥᠭᠡ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ | ︽ᠨᠡᠪᠲᠡᠷᠬᠡᠢ ᠬᠦᠨᠦᠰᠦᠭ︾ ᠲᠤᠰᠬᠠᠢ ᠬᠥᠮᠥᠷᠭᠡᠨ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | 12 ᠰᠠᠯᠠᠭ᠎ᠠ ᠮᠥᠴᠢᠷ ᠤᠨ 5.59 ᠳ᠋ᠦᠩᠰᠢᠭᠤᠷ ᠵᠤᠷᠪᠤᠰ ᠳ᠋ᠠᠶᠢᠲ᠋ᠠ ᠶᠢ ᠴᠤᠭᠯᠠᠭᠤᠯᠤᠭᠠᠳ ᠪᠠᠶᠢᠨ᠎ᠠ᠃ | ︽ᠳ᠋ᠠᠶᠢᠲ᠋ᠠ ᠨᠤᠭᠤᠳ ᠢ ︿ᠨᠡᠪᠲᠡᠷᠬᠡᠢ ᠬᠦᠨᠦᠰᠦᠭ﹀ ᠲᠠᠪᠴᠠᠩ ᠳᠤ ᠨᠢᠭᠡᠳᠦᠯᠲᠡᠢ ᠣᠷᠣᠭᠤᠯᠤᠭᠰᠠᠨ ᠤ | ᠳᠠᠷᠠᠭ᠎ᠠ᠂ ᠦᠨᠳᠦᠰᠦᠨ ᠱᠠᠲᠤᠨ ᠤ ᠠᠵᠢᠯᠲᠠᠳ ᠳ᠋ᠠᠶᠢᠲ᠋ᠠ ᠨᠤᠭᠤᠳ ᠢ ᠡᠳᠦᠷ ᠲᠤᠲᠤᠮ ᠬᠥᠳᠡᠯᠦᠩᠭᠦᠢ ᠬᠠᠳᠠᠭᠠᠯᠠᠨ | ᠬᠠᠮᠠᠭᠠᠯᠠᠬᠤ ᠤᠴᠢᠷ ᠠᠴᠠ ᠳᠡᠭᠡᠷ᠎ᠡ ᠱᠠᠲᠤᠨ ᠤ ᠰᠠᠯᠠᠭ᠎ᠠ ᠮᠥᠴᠢᠷ ᠰᠢᠰᠲ᠋ᠧᠮ ᠢᠶᠠᠷ ᠳᠡᠮᠵᠢᠨ ᠳ᠋ᠠᠶᠢᠲ᠋ᠠ ᠰᠢᠭᠤᠳ | ᠣᠯᠬᠤ ᠪᠣᠯᠵᠤ᠂ ᠦᠨᠳᠦᠰᠦᠨ ᠱᠠᠲᠤᠨ ᠤ ᠬᠦᠨᠦᠰᠦᠭ ᠮᠡᠳᠡᠭᠦᠯᠬᠦ ᠳᠤ ᠵᠠᠷᠤᠴᠠᠭᠤᠯᠬᠤ ᠴᠠᠭ ᠢ ᠨᠢ ᠶᠡᠭᠡ ᠪᠠᠷ | ᠪᠠᠭᠠᠰᠬᠠᠪᠠ᠃︾ ᠭᠡᠵᠦ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳ᠋ᠠᠶᠢᠲ᠋ᠠ ᠶᠢᠨ ᠡᠬᠢ ᠪᠠᠶᠠᠯᠢᠭ ᠤᠨ ᠭᠠᠵᠠᠷ ᠤᠨ ᠬᠠᠷᠢᠭᠤᠴᠠᠯᠭᠠᠲᠠᠨ | ᠳᠠᠶᠢᠴᠢᠨ ᠲᠠᠨᠢᠯᠴᠠᠭᠤᠯᠵᠠᠢ᠃ | ᠣᠶᠢᠯᠠᠭᠠᠭᠰᠠᠨ ᠢᠶᠠᠷ᠂ ᠮᠠᠨ ᠤ ᠣᠷᠣᠨ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠨᠤᠭᠤᠳ ᠤᠨ | ︽ᠦᠨᠳᠦᠰᠦᠨ ᠳ᠋ᠠᠶᠢᠲ᠋ᠠ ᠬᠥᠮᠥᠷᠭᠡ︾ ᠪᠠᠶᠢᠭᠤᠯᠬᠤ ᠵᠢᠴᠢ ︽ᠨᠡᠪᠲᠡᠷᠬᠡᠢ ᠬᠦᠨᠦᠰᠦᠭ︾ ᠬᠡᠷᠡᠭᠯᠡᠭᠡᠨ ᠤ ᠰᠢᠰᠲ᠋ᠧᠮ ᠢ | ᠰᠦᠯᠵᠢᠶᠡᠨ ᠳᠤ ᠣᠷᠣᠭᠤᠯᠬᠤ ᠵᠡᠷᠭᠡ ᠠᠵᠢᠯ ᠢ ᠲᠦᠷᠭᠡᠳᠬᠡᠨ ᠠᠬᠢᠭᠤᠯᠤᠨ᠎ᠠ᠃ ᠲᠤᠷᠰᠢᠯᠲᠠ ᠶᠢᠨ ᠴᠡᠭ ᠲᠤ | ᠪᠣᠯᠪᠠᠰᠤᠷᠠᠩᠭᠤᠢ ᠪᠣᠯᠤᠭᠰᠠᠨ ᠤ ᠳᠠᠷᠠᠭ᠎ᠠ᠂ ᠵᠢᠯ ᠤᠨ ᠡᠴᠦᠰ ᠲᠤ ᠪᠦᠭᠦ ᠣᠷᠣᠨ ᠤ ᠡᠯ᠎ᠡ ᠭᠠᠵᠠᠷ ᠲᠤ ᠪᠦᠭᠦ | ᠲᠠᠯ᠎ᠠ ᠪᠠᠷ ᠳᠡᠯᠭᠡᠷᠡᠭᠦᠯᠬᠦ ᠪᠣᠯᠣᠨ᠎ᠠ᠃ |