ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠲᠥᠰᠥᠯ ᠨᠡᠶᠢᠲᠡᠯᠡᠵᠡᠢ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠵᠤ ᠠᠮᠢᠳᠤᠷᠠᠬᠤ ᠲᠤᠬᠠᠢ 7 ᠵᠦᠢᠯ ᠤᠨ ᠪᠣᠳᠠᠲᠠᠢ ᠱᠠᠭᠠᠷᠳᠠᠯᠭ᠎ᠠ ᠳᠤᠷᠠᠳᠪᠠ
ᠨᠡᠶᠢᠲᠡᠯᠡᠭᠰᠡᠨ ᠴᠠᠭ᠄
2024/3/25
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ︽ᠠᠷᠪᠢᠯᠠᠵᠤ ᠠᠮᠢᠳᠤᠷᠠᠬᠤ ᠳᠠᠳᠬᠠᠯ ᠲᠠᠢ ᠪᠤᠯᠬᠤ ᠴᠢᠬᠤᠯᠠ ᠱᠠᠭᠠᠷᠳᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠥᠯ︾ ︵ᠳᠣᠷᠣᠭᠰᠢ ︽ᠲᠥᠰᠥᠯ︾ ᠭᠡᠵᠦ ᠳᠥᠭᠦᠮᠴᠢᠯᠡᠨ᠎ᠡ︶᠎ ᠢ ᠨᠡᠶᠢᠲᠡᠯᠡᠵᠦ᠂ ᠲᠥᠰᠥᠪ ᠢ ᠴᠢᠩᠭ᠎ᠠ ᠭᠦᠢᠴᠡᠳᠬᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠵᠢᠷᠤᠮᠵᠢᠭᠤᠯᠬᠤ᠂ ︽ᠭᠤᠷᠪᠠᠨ ᠵᠦᠢᠯ ᠤᠨ ᠠᠯᠪᠠᠨ ᠵᠠᠷᠤᠳᠠᠯ︾᠎ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠬᠤ᠂ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠬᠤ᠂ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ 7 ᠲᠠᠯ᠎ᠠ ᠪᠠᠷ ᠲᠣᠳᠣᠷᠬᠠᠢ ᠲᠣᠭᠲᠠᠭᠠᠯ ᠭᠠᠷᠭᠠᠵᠤ᠂ ᠠᠷᠪᠢᠯᠠᠵᠤ ᠠᠮᠢᠳᠤᠷᠠᠬᠤ ᠱᠠᠭᠠᠷᠳᠠᠯᠭ᠎ᠠ ᠶᠢ ᠡᠳᠦᠷ ᠲᠤᠲᠤᠮ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠪᠦᠭᠦ ᠶᠠᠪᠤᠴᠠ᠂ ᠡᠯ᠎ᠡ ᠲᠠᠯ᠎ᠠ ᠳᠤ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠵᠤ ᠠᠮᠢᠳᠤᠷᠠᠬᠤ ᠶᠢ ᠪᠠᠶᠢᠭᠤᠯᠭ᠎ᠠ ᠶᠢᠨ ᠶᠠᠪᠤᠳᠠᠯ ᠤᠨ ᠰᠢᠰᠲ᠋ᠧᠮ ᠳᠤ ᠳᠠᠳᠬᠠᠯ ᠪᠠ ᠬᠡᠪ ᠤᠨ ᠪᠠᠶᠢᠳᠠᠯ ᠪᠤᠯᠭᠠᠬᠤ ᠶᠢ ᠠᠬᠢᠭᠤᠯᠪᠠ᠃    ︽ᠲᠥᠰᠥᠯ︾᠎ ᠳᠤ᠂ ᠲᠥᠷᠥᠯ ᠵᠦᠢᠯ ᠤᠨ ᠵᠠᠷᠤᠯᠭ᠎ᠠ ᠳᠤ ᠪᠦᠭᠦ ᠶᠠᠪᠤᠴᠠ ᠶᠢᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠦᠨᠡᠯᠡᠭᠰᠡᠨ ᠦᠷ᠎ᠡ ᠳ᠋ᠦᠩ ᠢ ᠲᠥᠰᠥᠪ ᠤᠨ ᠲᠣᠬᠢᠷᠠᠭᠤᠯᠤᠯᠲᠠ ᠲᠠᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠨ᠎ᠠ᠃ ᠲᠥᠰᠥᠪ ᠢ ᠭᠦᠢᠴᠡᠳᠬᠡᠭᠰᠡᠨ ᠠᠬᠢᠴᠠ ᠶᠢ ᠰᠠᠷ᠎ᠠ ᠪᠠᠷ ᠨᠡᠶᠢᠲᠡᠯᠡᠵᠦ᠂ ᠭᠤᠷᠪᠠᠨ ᠰᠠᠷ᠎ᠠ ᠳᠠᠷᠠᠭᠠᠯᠠᠨ ᠵᠠᠷᠤᠯᠭ᠎ᠠ ᠶᠢᠨ ᠠᠬᠢᠴᠠ ᠨᠢ ᠬᠠᠮᠤᠭ ᠤᠨ ᠳᠣᠣᠷ᠎ᠠ ᠱᠠᠭᠠᠷᠳᠠᠯᠭ᠎ᠠ ᠳᠤ ᠭᠦᠷᠦᠭᠰᠡᠨ ᠦᠭᠡᠢ ᠮᠥᠷᠲᠡᠭᠡᠨ ᠭᠦᠢᠴᠡᠳ ᠰᠢᠯᠲᠠᠭᠠᠨ ᠦᠭᠡᠢ ᠪᠣᠯ᠂ ᠵᠠᠷᠤᠳᠠᠯ ᠢ ᠨᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠬᠡᠷᠡᠭᠯᠡᠨ᠎ᠡ᠃ ᠵᠢᠯ ᠤᠨ ᠡᠴᠦᠰ ᠤᠨ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠨᠢ ᠨᠡᠯᠢᠶᠡᠳ ᠠᠷᠪᠢᠨ ᠪᠥᠭᠡᠳ ᠵᠦᠢ ᠵᠣᠬᠢᠰᠲᠠᠢ ᠰᠢᠯᠲᠠᠭᠠᠨ ᠦᠭᠡᠢ ᠪᠠᠶᠢᠪᠠᠯ᠂ ᠲᠠᠷᠠᠭᠠᠴᠢ ᠶᠢᠨ ᠵᠢᠯ ᠤᠨ ᠲᠥᠰᠥᠪ ᠤᠨ ᠲᠣᠬᠢᠷᠠᠭᠤᠯᠤᠯᠲᠠ ᠶᠢᠨ ᠪᠡᠯᠡ ᠮᠥᠩᠭᠦ ᠶᠢ ᠵᠣᠬᠢᠬᠤ ᠬᠠᠷᠢᠴᠠᠯ ᠢᠶᠠᠷ ᠲᠣᠬᠢᠷᠠᠭᠤᠯᠤᠨ ᠬᠠᠰᠤᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃ ᠡᠭᠦᠨ ᠤ ᠵᠡᠷᠭᠡ ᠪᠠᠷ ︽ᠭᠤᠷᠪᠠᠨ ᠵᠦᠢᠯ ᠤᠨ ᠠᠯᠪᠠᠨ ᠵᠠᠷᠤᠳᠠᠯ︾᠎ ᠤᠨ ᠵᠠᠷᠤᠯᠭ᠎ᠠ ᠶᠢᠨ ᠵᠦᠢᠯᠡᠰ ᠤᠨ ᠴᠢᠬᠤᠯᠠ ᠴᠢᠨᠠᠷ᠂ ᠵᠦᠢ ᠶᠣᠰᠣᠴᠢ ᠴᠢᠨᠠᠷ ᠢ ᠴᠢᠩᠭ᠎ᠠ ᠬᠢᠨᠠᠨ ᠬᠠᠷᠭᠤᠭᠤᠯᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡᠨ ᠳᠤ ᠲᠣᠰᠣ ᠨᠡᠮᠡᠬᠦ᠂ ᠰᠡᠯᠪᠢᠨ ᠵᠠᠰᠠᠬᠤ᠂ ᠳᠠᠭᠠᠳᠬᠠᠯ ᠳᠤ ︽ᠭᠤᠷᠪᠠᠨ ᠲᠣᠭᠲᠠᠭᠰᠠᠨ ᠴᠡᠭ︾᠎ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠡᠷᠡᠭᠵᠢᠭᠦᠯᠵᠦ᠂ ᠠᠯᠪᠠᠨ ᠶᠠᠪᠤᠳᠠᠯ ᠤᠨ ᠵᠣᠴᠢᠯᠠᠭ᠎ᠠ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠮ ᠵᠠᠰᠠᠭ ᠤᠨ ᠪᠠᠶᠢᠭᠤᠯᠭ᠎ᠠ ᠶᠢᠨ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠤᠨ ᠵᠣᠴᠢᠯᠠᠭ᠎ᠠ ᠶᠢᠨ ᠬᠠᠮᠢᠶᠠᠷᠤᠯᠲᠠ ᠶᠢᠨ ᠲᠣᠭᠲᠠᠭᠠᠯ︾᠎ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠵᠠᠷᠤᠳᠠᠯ︾᠎ ᠤᠨ ᠵᠠᠷᠤᠯᠭ᠎ᠠ ᠶᠢᠨ ᠪᠣᠭᠤᠮᠲᠠ ᠶᠢ ᠡᠬᠢ ᠡᠭᠦᠰᠦᠯ ᠠᠴᠠ ᠨᠢ ᠰᠠᠶᠢᠲᠤᠷ ᠠᠳᠬᠤᠵᠤ᠂ ᠵᠠᠷᠤᠵᠤ ᠪᠤᠯᠬᠤ ᠦᠭᠡᠢ ᠵᠣᠭᠤᠰ ᠢ ᠶᠠᠭᠠᠬᠢᠭᠰᠠᠨ ᠴᠤ ᠵᠠᠷᠤᠬᠤ ᠦᠭᠡᠢ ᠪᠠᠶᠢᠬᠤ ᠬᠡᠷᠡᠭᠲᠡᠢ ᠭᠡᠵᠦ ᠱᠠᠭᠠᠷᠳᠠᠪᠠ᠃    ︽ᠲᠥᠰᠥᠯ︾᠎ ᠳᠤ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠯᠪᠠᠨ ᠤ ᠰᠢᠷᠡᠭᠡ ᠰᠠᠨᠳᠠᠯᠢ᠂ ᠺᠤᠮᠫᠢᠦ᠋ᠲ᠋ᠧᠷ᠂ ᠳᠠᠷᠤᠮᠠᠯᠯᠠᠬᠤ ᠮᠠᠰᠢᠨ ᠵᠡᠷᠭᠡ ᠠᠯᠪᠠᠨ ᠲᠥᠬᠦᠭᠡᠷᠦᠮᠵᠢ ᠨᠢ ᠬᠠᠭᠤᠴᠢᠨ ᠢ ᠵᠠᠰᠠᠵᠤ ᠬᠠᠭᠤᠴᠢᠨ ᠢ ᠠᠰᠢᠭᠯᠠᠬᠤ ᠵᠠᠷᠴᠢᠮ ᠢ ᠪᠠᠷᠢᠮᠲᠠᠯᠠᠵᠤ᠂ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠠᠷᠪᠢᠯᠠᠨ ᠭᠠᠮᠨᠠᠬᠤ ᠣᠶᠢᠯᠠᠭᠠᠭᠳᠠᠬᠤᠨ ᠲᠠᠢ ᠪᠤᠯᠭᠠᠵᠤ᠂ ᠠᠷᠪᠢᠯᠠᠨ ᠭᠠᠮᠨᠠᠬᠤ ᠳᠠᠳᠬᠠᠯ ᠲᠠᠢ ᠪᠤᠯᠭᠠᠬᠤ ᠬᠡᠷᠡᠭᠲᠡᠢ᠃ ᠠᠯᠪᠠᠯᠠᠬᠤ ᠭᠡᠷ ᠪᠠᠶᠢᠰᠢᠩ ᠤᠨ ᠳᠠᠯᠳᠠ ᠬᠦᠴᠦᠨ ᠢ ᠦᠷᠭᠦᠯᠵᠢᠯᠡᠨ ᠭᠦᠨᠵᠡᠭᠡᠢ ᠠᠭᠤᠳᠠᠯᠵᠤ᠂ ᠰᠢᠨ᠎ᠡ ᠪᠠᠷ ᠨᠡᠮᠡᠭᠳᠡᠬᠦ ᠠᠯᠪᠠᠯᠠᠬᠤ ᠭᠡᠷ ᠪᠠᠶᠢᠰᠢᠩ ᠤᠨ ᠲᠣᠬᠢᠷᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠲᠣᠰ ᠵᠢᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠭᠠᠳᠠᠨ᠎ᠠ ᠲᠦᠷᠢᠶᠡᠰᠦᠯᠡᠭᠰᠡᠨ ᠭᠡᠷ ᠬᠥᠷᠥᠩᠭᠡ ᠶᠢ ᠳᠠᠭᠢᠨ 20%᠎ ᠪᠠᠷ ᠬᠠᠰᠤᠵᠤ᠂ ᠲᠦᠷᠢᠶᠡᠰᠦᠨ ᠮᠥᠩᠭᠦ ᠶᠢᠨ ᠵᠠᠷᠤᠯᠭ᠎ᠠ ᠶᠢ ᠠᠷᠪᠢᠯᠠᠬᠤ ᠪᠠᠷ ᠴᠢᠷᠮᠠᠶᠢᠬᠤ ᠬᠡᠷᠡᠭᠲᠡᠢ᠃ ︽ᠨᠠᠮ ᠵᠠᠰᠠᠭ ᠤᠨ ᠶᠡᠭᠡ ᠬᠦᠷᠢᠶᠡᠨ ᠳᠤ ᠪᠠᠷᠢᠯᠭ᠎ᠠ ᠪᠠᠶᠢᠭᠤᠯᠬᠤ ᠦᠭᠡᠢ ᠣᠨ︾᠎ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 2024 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠶᠡᠭᠡ ᠳᠤᠮᠳᠠ ᠵᠡᠷᠭᠡ ᠶᠢᠨ ᠰᠡᠯᠪᠢᠨ ᠵᠠᠰᠠᠬᠤ ᠲᠥᠷᠥᠯ ᠵᠦᠢᠯ᠂ ᠲᠣᠪᠴᠢᠶ᠎ᠠ ᠳᠤ ᠬᠠᠷᠢᠶᠠᠯᠠᠭᠳᠠᠬᠤ ᠰᠡᠯᠪᠢᠨ ᠵᠠᠰᠠᠬᠤ ᠲᠥᠷᠥᠯ ᠵᠦᠢᠯ ᠢ ᠴᠢᠩᠭ᠎ᠠ ᠬᠢᠨᠠᠨ ᠬᠠᠷᠭᠤᠭᠤᠯᠵᠤ᠂ ᠴᠢᠩᠭ᠎ᠠ ᠬᠠᠮᠢᠶᠠᠷᠴᠤ᠂ ᠴᠢᠬᠤᠯᠠ ᠦᠭᠡᠢ ᠪᠣᠯ ᠬᠡᠷᠡᠭᠵᠢᠭᠦᠯᠬᠦ ᠦᠭᠡᠢ ᠪᠠᠶᠢᠵᠤ᠂ ᠰᠡᠯᠪᠢᠨ ᠵᠠᠰᠠᠵᠤ ᠥᠭᠡᠷᠡᠴᠢᠯᠡᠬᠦ ᠪᠡᠯᠡ ᠮᠥᠩᠭᠦ ᠶᠢ ᠪᠦᠭᠦ ᠲᠠᠯ᠎ᠠ ᠪᠠᠷ ᠠᠷᠪᠢᠯᠠᠵᠤ᠂ ᠠᠷᠪᠢᠯᠠᠵᠤ ᠪᠤᠯᠬᠤ ᠵᠣᠭᠤᠰ ᠢ ᠪᠦᠭᠦᠨ ᠢ ᠠᠷᠪᠢᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号