ᠣᠶᠢᠷ᠎ᠠ ᠶᠢᠨ ᠵᠢᠯ ᠳᠤ᠂ ᠪᠠᠶᠠᠨᠳᠤᠤᠷᠠᠢ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠴᠥᠭᠡᠨ ᠲᠣᠭᠠᠲᠤ | ᠦᠨᠳᠦᠰᠦᠲᠡᠨ ᠤ ᠬᠥᠭᠵᠢᠯᠲᠡ ᠶᠢᠨ ᠡᠭᠦᠷᠭᠡ︾ ᠶᠢᠨ ᠪᠡᠯᠡ ᠮᠥᠩᠭᠦ ᠶᠢ ᠢᠳᠡᠪᠬᠢᠲᠡᠢ ᠪᠠᠷ ᠭᠤᠶᠤᠴᠢᠯᠠᠵᠤ ︽ | ᠠᠨᠠᠷ ᠤᠨ ᠦᠷ᠎ᠡ︾ ᠶᠢᠨ ᠬᠥᠳᠡᠭᠡ ᠲᠣᠰᠬᠤᠨ ᠤ ᠲᠠᠪᠴᠠᠩ ᠪᠠᠶᠢᠭᠤᠯᠵᠤ᠂ ᠡᠭᠦᠨ ᠤ ᠬᠠᠮᠲᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠤᠷᠠᠨ ᠰᠠᠶᠢᠬᠠᠨ ᠤ ᠲᠣᠭᠯᠠᠯᠲᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ | ᠭᠤᠣᠯ ᠰᠡᠳᠦᠪᠲᠦ ᠠᠵᠢᠯᠯᠠᠭ᠎ᠠ ᠵᠡᠷᠭᠡ ᠶᠢ ᠭᠦᠨᠵᠡᠭᠡᠢ ᠥᠷᠨᠢᠭᠦᠯᠵᠦ᠂ ᠵᠢᠵᠢᠭᠬᠡᠨ ︽ᠠᠨᠠᠷ ᠤᠨ ᠦᠷ᠎ᠡ︾ ᠶᠢᠨ | ᠬᠥᠳᠡᠭᠡ ᠲᠣᠰᠬᠤᠨ ᠤ ᠲᠠᠪᠴᠠᠩ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠪᠠᠳᠠᠷᠠᠭᠤᠯᠬᠤ᠂ ᠳᠤᠮᠳᠠᠳᠤ ᠵᠢᠨᠦᠨᠳᠦᠰᠦᠲᠡᠨ ᠦᠬᠠᠮᠲᠤ ᠵᠢᠨᠣᠶᠤᠨᠰᠠᠨᠠᠭᠠᠨ ᠤ ᠭᠡᠷ ᠣᠷᠣᠨ ᠢ ᠴᠣᠭᠴᠠᠯᠠᠨ | ᠪᠠᠶᠢᠭᠤᠯᠬᠤ ᠳᠤᠮᠳᠠ ︽ᠶᠡᠭᠡ ᠦᠢᠯᠡᠳᠦᠯ︾ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠥᠮᠥᠰ ᠤᠨ ᠰᠡᠳᠬᠢᠯ ᠢ ᠨᠢᠭᠲᠠᠷᠠᠭᠤᠯᠬᠤ᠂ ᠣᠶᠤᠨ ᠰᠠᠨᠠᠭ᠎ᠠ ᠶᠢ ᠲᠦᠰᠢᠭᠯᠡᠬᠦ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠠᠬᠢᠭᠤᠯᠤᠨ ᠪᠠᠬᠢᠵᠢᠭᠦᠯᠵᠦ᠂ | ᠠᠷᠠᠳ ᠤᠨ ᠰᠡᠳᠬᠢᠯ ᠳᠤ ᠬᠠᠳᠠᠩᠰᠢᠭᠤᠯᠪᠠ ᠃ | ᠰᠣᠶᠣᠯ ᠤᠨ ᠰᠢᠮᠡᠳᠦᠯ ᠢᠶᠠᠷ ᠭᠠᠷᠳᠠᠴᠠ ᠪᠣᠯᠭᠠᠵᠤ᠂ ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ | ᠪᠠᠶᠢᠭᠤᠯᠪᠠ | ᠰᠣᠶᠣᠯ ᠤᠨ ᠬᠠᠮᠲᠤ ᠶᠢᠨ ᠲᠠᠨᠢᠯᠲᠠ ᠪᠣᠯ ᠬᠠᠮᠤᠭ ᠤᠨ ᠭᠦᠨ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠮᠥᠨ᠂ | ᠦᠨᠳᠦᠰᠦᠲᠡᠨ ᠤ ᠪᠦᠯᠬᠦᠮᠳᠡᠯ ᠤᠨ ᠦᠨᠳᠦᠰᠦ ᠂ ᠦᠨᠳᠦᠰᠦᠲᠡᠨ ᠤ ᠡᠶ᠎ᠡ ᠨᠠᠶᠢᠷ ᠤᠨ ᠰᠦᠭ ᠰᠦᠨᠡᠰᠦ ᠮᠥᠨ᠃ | ᠪᠠᠶᠠᠨᠳᠤᠤᠷᠠᠢ ᠰᠤᠮᠤ ᠰᠣᠶᠣᠯ ᠤᠨ ᠰᠢᠮᠡᠳᠦᠯ ᠢᠶᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠡᠯ᠎ᠡ ᠭᠠᠴᠠᠭᠠᠨ ᠤ | ᠪᠥᠵᠢᠭ᠂ ᠤᠷᠠᠨ ᠰᠠᠶᠢᠬᠠᠨ ᠤ ᠠᠵᠢᠯᠯᠠᠭ᠎ᠠ ᠳᠤ ᠳᠤᠷᠠᠲᠠᠢ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠵᠡᠷᠭᠡ | 50 ᠭᠠᠷᠤᠢ ᠬᠥᠮᠥᠨ ᠢ ᠵᠣᠬᠢᠶᠠᠨ ᠪᠠᠶᠢᠭᠤᠯᠵᠤ᠂ ᠰᠤᠮᠤ ᠶᠢᠨ ᠠᠩᠬᠠᠳᠠᠭᠴᠢ ︽ ᠪᠠᠶᠠᠨᠳᠤᠤᠷᠠᠢ ᠰᠤᠮᠤ ᠶᠢᠨ ᠠᠨᠠᠷ ᠤᠨ | ᠦᠷ᠎ᠡ ᠶᠢᠨ ᠪᠥᠵᠢᠭ ᠤᠨ ᠠᠩᠭᠢ︾ ᠪᠠ 6 ᠭᠠᠴᠠᠭᠠᠨ ᠤ ᠤᠷᠠᠨ ᠰᠠᠶᠢᠬᠠᠨ ᠤ ᠠᠩᠭᠢ ᠶᠢ ᠵᠣᠬᠢᠶᠠᠨ ᠪᠠᠶᠢᠭᠤᠯᠵᠤ᠂ | ᠪᠥᠬᠦ ᠬᠤᠰᠢᠭᠤᠨ ᠤ ᠨᠠᠶᠢᠷ ᠨᠠᠭᠠᠳᠤᠮ ᠤᠨ ᠲᠣᠭᠯᠠᠯᠲᠠ᠂ ᠵᠤᠨ ᠤ ᠦᠳᠡᠰᠢᠯᠡᠭᠡ ᠵᠡᠷᠭᠡ ᠳᠤ ᠢᠳᠡᠪᠬᠢᠲᠡᠢ | ᠣᠷᠣᠯᠴᠠᠵᠤ᠂ ᠮᠠᠨ ᠤ ᠰᠤᠮᠤ ᠶᠢᠨ ᠡᠯ᠎ᠡ ᠦᠨᠳᠦᠰᠦᠲᠡᠨ ᠤ ᠣᠯᠠᠨ ᠲᠦᠮᠡᠨ ᠤ ᠴᠤᠭ ᠵᠢᠪᠬᠤᠭ᠎ᠠ ᠲᠠᠢ ᠣᠶᠤᠨ | ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠤᠷᠠᠨ | ᠰᠠᠶᠢᠬᠠᠨ ᠢ ᠬᠥᠳᠡᠭᠡ ᠪᠠᠭᠤᠯᠭᠠᠵᠤ ᠲᠣᠭᠯᠠᠬᠤ ᠂ ᠤᠯᠠᠨ ᠲᠦᠮᠡᠨᠴᠢ ᠴᠢᠨᠠᠷᠲᠠᠢ ᠥᠪᠡᠷ ᠢᠶᠠᠨ ᠡᠭᠦᠳᠴᠦ ᠂ | ᠥᠪᠡᠷ ᠢᠶᠠᠨ ᠨᠠᠶᠢᠷᠠᠭᠤᠯᠵᠤ ᠥᠪᠡᠷ ᠢᠶᠠᠨ ᠲᠣᠭᠯᠠᠭᠰᠠᠨ ᠪᠥᠵᠢᠭ ᠤᠨ ᠤᠷᠠᠨ ᠰᠠᠶᠢᠬᠠᠨ ᠤ ᠲᠣᠭᠯᠠᠯᠲᠠ᠂ ᠨᠠᠶᠢᠷᠠᠯ | ᠳᠠᠭᠤᠤ ᠂ ᠰᠢᠯᠦᠭ ᠤᠶᠠᠩᠭᠠᠯᠠᠬᠤ ᠵᠡᠷᠭᠡ ᠶᠢ ︽ ᠠᠨᠠᠷ ᠤᠨ ᠦᠷ᠎ᠡ ︾ ᠬᠥᠳᠡᠭᠡ ᠲᠣᠰᠬᠤᠨ ᠤ ᠲᠠᠶᠢᠰᠠᠨ ᠳᠤ | ᠭᠠᠷᠭᠠᠪᠠ ᠃ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠤᠯᠠᠮ ᠨᠢᠭᠡ ᠠᠯᠬᠤᠮ | ᠬᠠᠩᠭᠠᠬᠤ ᠶᠢᠨ ᠬᠠᠮᠲᠤ ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠤᠭᠤᠷᠣᠨᠳᠣᠬᠢ ᠰᠣᠶᠣᠯ ᠢ ᠮᠡᠳᠡᠷᠡᠬᠦ | ᠰᠡᠳᠬᠢᠯᠭᠡ ᠶᠢ ᠨᠡᠮᠡᠭᠳᠡᠭᠦᠯᠵᠦ᠂ ᠬᠠᠮᠲᠤ ᠶᠢᠨ ᠤᠶᠤᠨ ᠤ ᠭᠡᠷ ᠣᠷᠣᠨ ᠢ ᠪᠠᠶᠢᠭᠤᠯᠪᠠ ᠃ | ᠣᠨᠣᠯ ᠢ ᠤᠬᠠᠭᠤᠯᠤᠨ ᠲᠠᠶᠢᠯᠪᠤᠷᠢᠯᠠᠬᠤ ᠪᠠᠷ ᠲᠦᠰᠢᠭ ᠪᠣᠯᠭᠠᠵᠤ᠂ ᠬᠥᠭᠵᠢᠯᠲᠡ ᠶᠢᠨ ᠳᠣᠲᠣᠭᠠᠳᠤ | ᠬᠥᠳᠡᠯᠭᠡᠬᠦ ᠬᠦᠴᠦᠨ ᠢ ᠬᠦᠭᠵᠢᠬᠡᠪᠠ | ᠬᠦᠭᠵᠢᠯᠳᠠ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠢᠨ | ᠰᠠᠭᠤᠷᠢ ᠪᠠ ᠵᠠᠩᠭᠢᠯᠠᠭ᠎ᠠ ᠮᠥᠨ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠨᠡᠩ | ᠰᠠᠶᠢᠨ ᠠᠬᠢᠭᠤᠯᠬᠤ ᠶᠢᠨ ᠲᠥᠯᠥᠭᠡ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠥᠭᠵᠢᠯᠲᠡ ᠳᠤ | ᠣᠷᠣᠯᠴᠠᠬᠤ᠂ ᠪᠠᠶᠠᠵᠢᠨ ᠴᠢᠨᠡᠭᠡᠯᠢᠭᠵᠢᠬᠦ ᠢᠲᠡᠭᠡᠯ ᠵᠣᠷᠢᠭ ᠢ ᠬᠥᠭᠵᠢᠭᠡᠵᠦ᠂ ᠰᠤᠮᠤ ︽ᠨᠠᠮ ᠤᠨ ᠠᠴᠢ ᠳᠤ | ᠲᠠᠯᠠᠷᠬᠠᠨ ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ | ᠶᠢᠨ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ︽ᠠᠨᠠᠷ ᠤᠨ ᠦᠷ᠎ᠡ︾ ᠶᠢᠨ ᠬᠥᠳᠡᠭᠡ ᠲᠣᠰᠬᠤᠨ ᠤ | ᠲᠠᠪᠴᠠᠩ ᠳᠤ ᠲᠦᠰᠢᠭᠯᠡᠨ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢ ᠶᠢᠨ ᠫᠢᠩ | ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ | ᠤᠴᠢᠷ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠳᠦᠷᠢᠮ ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠶᠢ ᠤᠬᠠᠭᠤᠯᠤᠨ | ᠲᠠᠶᠢᠯᠪᠤᠷᠢᠯᠠᠬᠤ ᠬᠡᠪᠴᠢᠶᠡᠨ ᠳᠤ ᠤᠷᠤᠭᠤᠯᠵᠤ᠂ ᠰᠤᠮᠤᠨ ᠤ ᠨᠠᠮ ᠵᠠᠰᠠᠭ ᠤᠨ ᠪᠠᠭ ᠤᠨ ᠪᠦᠷᠢᠯᠳᠦᠭᠦᠨ᠂ | ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠭᠦᠨ ᠵᠡᠷᠭᠡ ᠶᠢ ᠳᠠᠶᠢᠴᠢᠯᠠᠨ ᠣᠨᠣᠯ ᠤᠨ ᠤᠬᠠᠭᠤᠯᠤᠨ | ᠲᠠᠶᠢᠯᠪᠤᠷᠢᠯᠠᠯᠲᠠ ᠶᠢ 24 ᠲᠠᠯᠠᠪᠤᠷ ᠤᠳᠠᠭ᠎ᠠ ᠯᠠᠪᠳᠠᠭᠤᠨ ᠪᠠᠲᠤᠲᠠᠢ ᠥᠷᠨᠢᠭᠦᠯᠪᠡ᠃ ᠡᠭᠦᠨ ᠤ ᠵᠡᠷᠭᠡᠪᠡᠷ᠂ | ᠬᠤᠯᠪᠣᠭᠳᠠᠯ ᠪᠦᠬᠦᠢ ᠯᠧᠺᠲ᠋ᠣᠷ ᠂ ᠮᠡᠷᠭᠡᠵᠢᠯ ᠤᠨ ᠠᠵᠢᠯᠲᠠᠨ ᠵᠡᠷᠭᠡ ᠶᠢ ᠤᠷᠢᠵᠤ ᠲᠤᠰᠬᠠᠢ ᠮᠡᠷᠭᠡᠵᠢᠯ᠂ ᠲᠦᠷᠦ ᠶᠢᠨ | ᠪᠣᠳᠣᠯᠭ᠎ᠠ ᠬᠠᠤᠯᠢ ᠲᠣᠭᠲᠠᠭᠠᠯ ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ 6 ᠤᠳᠠᠭ᠎ᠠ ᠤᠬᠠᠭᠤᠯᠤᠨ | ᠲᠠᠶᠢᠯᠪᠤᠷᠢᠯᠠᠵᠤ᠂ ᠨᠡᠶᠢᠳᠡ 300 ᠭᠠᠷᠤᠢ ᠮᠠᠯᠴᠢᠨ ᠲᠠᠷᠢᠶᠠᠴᠢᠨ ᠢ ᠬᠠᠮᠤᠷᠤᠭᠤᠯᠵᠤ᠂ ᠤᠬᠠᠭᠤᠯᠤᠨ ᠲᠠᠶᠢᠯᠪᠤᠷᠢᠯᠠᠬᠤ | ᠠᠭᠤᠯᠭ᠎ᠠ ᠶᠢ ᠤᠯᠠᠨ ᠲᠦᠮᠡᠨ ᠲᠠᠢ ᠨᠡᠩᠣᠶᠢᠷᠠᠲᠤᠭᠤᠯᠵᠤ ᠂ ᠠᠷᠠᠳ ᠤᠨ ᠰᠡᠳᠬᠢᠯ ᠢ ᠨᠡᠩ ᠬᠠᠯᠠᠭᠤᠨ ᠲᠤᠳᠤᠨᠤ | ᠪᠣᠯᠭᠠᠪᠠ ᠃ ︽ᠵᠢᠵᠢᠭ ᠲᠠᠪᠴᠠᠩ︾ ᠳᠡᠭᠡᠷ᠎ᠡ ︽ᠶᠡᠭᠡ ᠶᠣᠰᠣ︾ ᠶᠢ ᠤᠬᠠᠭᠤᠯᠤᠨ ᠲᠠᠶᠢᠯᠪᠤᠷᠢᠯᠠᠬᠤ ᠶᠢ | ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠤᠨ ᠣᠨᠣᠯ ᠪᠠ ᠱᠤᠭᠤᠮ ᠴᠢᠭᠯᠡᠯᠲᠡ | ᠲᠥᠷᠥ ᠶᠢᠨ ᠪᠣᠳᠣᠯᠭ᠎ᠠ ᠶᠢ ᠨᠠᠩ ᠭᠦᠨᠵᠡᠭᠡᠢ᠂ ᠨᠠᠷᠢᠨ ᠨᠢᠮᠪᠠᠢ ᠣᠶᠢᠯᠠᠭᠠᠨ ᠡᠵᠡᠮᠰᠢᠬᠦ ᠶᠢ ᠠᠬᠢᠭᠤᠯᠵᠤ᠂ ᠨᠠᠮ ᠤᠨ | ᠭᠡᠰᠢᠭᠦᠨ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠣᠶ ᠪᠣᠯᠭᠠᠬᠤ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢ ᠴᠢᠩᠭᠠᠳᠬᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠰᠡᠯ ᠡᠷᠡᠮᠡᠯᠵᠡᠯ ᠢ ᠣᠯᠵᠤ ᠬᠠᠷᠠᠨ᠂ ᠢᠲᠡᠭᠡᠯ ᠵᠣᠷᠢᠭ ᠢ ᠨᠢ | ᠨᠡᠮᠡᠭᠳᠡᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠶ ᠪᠠᠷ ᠳᠡᠭᠡᠭᠰᠢᠯᠡᠭᠦᠯᠪᠡ᠃ | ᠠᠵᠢᠯᠯᠠᠭ᠎ᠠ ᠥᠷᠨᠢᠭᠦᠯᠬᠦ ᠪᠠᠷ ᠠᠴᠢᠶᠠᠯᠠᠪᠤᠷᠢ ᠪᠣᠯᠭᠠᠵᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ | ᠠᠬᠢᠭᠤᠯᠪᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠡᠳᠦᠷ ᠲᠤᠲᠤᠮ ᠤᠨ ᠪᠠ | ᠪᠠᠶᠢᠩᠭᠤ ᠶᠢᠨ ᠠᠵᠢᠯ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠠᠵᠢᠯᠯᠠᠭ᠎ᠠ ᠶᠢ | ᠥᠷᠨᠢᠭᠦᠯᠬᠦ ᠪᠠᠷ ᠠᠴᠢᠶᠠᠯᠠᠪᠤᠷᠢ ᠪᠣᠯᠭᠠᠨ᠂ ᠦᠷᠭᠦᠯᠵᠢᠯᠡᠨ ᠬᠦᠴᠦ ᠣᠷᠣᠭᠤᠯᠵᠤ᠂ ᠥᠨᠢ ᠤᠳᠠᠭᠠᠨ ᠴᠢᠷᠮᠠᠶᠢᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠩ ᠭᠦᠨ ᠲᠠᠰ | ᠳᠠᠪᠬᠤᠷᠭ᠎ᠠ ᠶᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠪᠠ ᠃ ︽ᠠᠨᠠᠷ ᠤᠨ ᠦᠷ᠎ᠡ︾ ᠶᠢᠨ | ᠬᠥᠳᠡᠭᠡ ᠲᠣᠰᠬᠤᠨ ᠤ ᠲᠠᠪᠴᠠᠩ ᠳᠤ ᠲᠦᠰᠢᠭᠯᠡᠨ᠂ ︽ᠨᠢᠭᠡ ᠭᠠᠷᠠᠭ ᠬᠤᠶᠠᠷ ᠰᠠᠷ᠎ᠠ︾᠂ ︽ᠴᠤᠭᠯᠠᠭᠠᠨ ᠳᠤ | ᠣᠴᠢᠬᠤ ᠡᠳᠦᠷ︾᠂ ᠭᠤᠣᠯ ᠰᠡᠳᠦᠪᠲᠦ ᠨᠠᠮ ᠤᠨ ᠡᠳᠦᠷ᠂ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ | ᠵᠡᠷᠭᠡ ᠲᠠᠢ ᠤᠶᠠᠯᠳᠤᠭᠤᠯᠤᠨ᠂ ︽ 3·8 ︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ᠂ ︽ | 5·4 ︾ ᠤ ᠵᠠᠯᠠᠭᠤᠴᠤᠳ ᠤᠨ ᠪᠠᠶᠠᠷ᠂ ︽ 7·1 ︾ ᠤ ᠨᠠᠮ ᠪᠠᠶᠢᠭᠤᠯᠤᠬᠳᠠᠬᠰᠠᠨ ᠡᠳᠦᠷ ᠵᠡᠷᠭᠡ ᠴᠢᠬᠤᠯᠠ | ᠵᠠᠩᠭᠢᠯᠠᠭ᠎ᠠ ᠶᠢᠨ ᠴᠡᠭ ᠢ ᠰᠠᠶᠢᠲᠤᠷ ᠡᠵᠡᠮᠳᠡᠵᠦ ᠂ ᠠᠵᠢᠯᠯᠠᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ | ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠠᠵᠢᠯᠯᠠᠭ᠎ᠠ ᠶᠢᠨ ᠠᠴᠢᠶᠠᠯᠠᠪᠤᠷᠢ ᠶᠢ ᠥᠷᠭᠡᠳᠬᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ | ᠳᠡᠯᠭᠡᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠪᠲᠡᠷᠡᠯᠴᠡᠨ ᠰᠣᠯᠢᠯᠴᠠᠬᠤ ᠨᠡᠩ ᠥᠷᠭᠡᠨ | ᠠᠭᠤᠳᠠᠮ ᠲᠠᠪᠴᠠᠩ ᠢ ᠪᠠᠶᠢᠭᠤᠯᠵᠤ ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠂ ᠪᠦᠯᠬᠦᠮᠳᠡᠨ ᠲᠡᠮᠡᠴᠡᠬᠦ | ᠬᠦᠴᠦᠷᠬᠡᠭ ᠶᠡᠭᠡ ᠤᠶᠤᠨ ᠰᠠᠨᠠᠭᠠᠨ ᠤ ᠬᠤᠯᠪᠣᠭᠠᠰᠤ ᠶᠢ ᠪᠦᠷᠢᠯᠳᠦᠭᠦᠯᠵᠦ ᠂ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠭᠤᠶᠢᠪᠢᠰᠢ ᠦᠭᠡᠢ ᠰᠠᠶᠢᠲᠤᠷ ᠬᠢᠬᠦ ᠶᠢᠨ | ᠲᠥᠯᠥᠭᠡ ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠶᠠᠷ ᠴᠠᠩᠬᠡᠯᠳᠤ ᠴᠤᠬᠯᠠᠭᠠᠨ ᠂ ᠡᠶ᠎ᠡ | ᠵᠣᠬᠢᠴᠠᠩᠭᠤᠢ ᠪᠠᠷ ᠬᠥᠭᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ ᠃ | |