ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠬᠠᠶᠢᠷᠠᠯᠠᠨ ᠬᠠᠮᠠᠭᠠᠯᠠᠵᠤ ᠰᠥᠬᠡ ᠨᠠᠰᠣᠳᠠᠨ ᠤ ᠵᠣᠷᠢᠭ ᠰᠠᠨᠠᠭ᠎ᠠ ᠶᠢ ᠥᠶ᠎ᠠ ᠥᠶ᠎ᠠ ᠤᠯᠠᠮᠵᠢᠯᠠᠨ᠎ᠠ
ᠨᠡᠶᠢᠲᠡᠯᠡᠭᠰᠡᠨ ᠴᠠᠭ᠄
2024/3/27
      ᠣᠷᠢᠬᠠᠨ ᠬᠠᠪᠤᠷ ᠰᠠᠭᠠᠳᠠᠵᠤ᠂ ᠬᠦᠮᠦᠰ ᠮᠠᠨᠢ ᠮᠣᠳᠤ ᠳᠠᠷᠢᠵᠦ ᠤᠶᠢᠵᠢᠭᠤᠯᠤᠯᠳᠠ ᠬᠢᠬᠦ ᠪᠠᠷ ᠶᠠᠭᠠᠷᠠᠯᠳᠤᠨ᠎ᠠ᠃ ᠵᠢᠯ ᠪᠦᠷᠢ ᠶᠢᠨ ᠭᠤᠷᠪᠠᠨ ᠰᠠᠷ᠎ᠠ ᠠᠴᠠ ᠡᠬᠢᠯᠡᠨ ᠵᠠᠭ ᠮᠣᠳᠣ᠂ ᠲᠣᠣᠷᠠᠢ ᠶᠢᠨ ᠤᠢ ᠶᠢ ᠳᠠᠷᠢᠬᠤ ᠴᠠᠭ ᠪᠣᠯᠵᠤ᠂ ᠮᠥᠨᠬᠦ ᠶᠠᠭ ᠡᠨᠡ ᠥᠶ᠎ᠠ ᠳᠤ ᠤᠯᠠᠨ ᠢᠶᠠᠷ ᠢᠶᠠᠨ ᠬᠡᠮᠵᠢᠶᠡᠯᠡᠰᠢ ᠦᠭᠡᠢ ᠬᠦᠨᠳᠦᠳᠬᠡᠨ ᠪᠢᠰᠢᠷᠡᠬᠦ ᠰᠡᠳᠬᠢᠯᠭᠡ ᠪᠠᠷ ᠴᠠᠭ ᠦᠶ᠎ᠡ ᠶᠢᠨ ᠬᠤᠰᠢᠭᠤᠴᠢ ᠰᠥᠬᠡ ᠨᠠᠰᠤᠲᠠᠨ ᠢ ᠳᠤᠷᠠᠰᠤᠨ ᠰᠠᠨᠠᠭᠠᠯᠵᠠᠵᠤ᠂ ᠳᠡᠬᠦᠨ ᠤ ᠲᠠᠷᠢᠵᠤ ᠥᠩᠭᠡᠷᠡᠭᠰᠡᠨ ᠡᠯᠡᠰᠦ ᠶᠢ ᠰᠡᠷᠭᠡᠶᠢᠯᠡᠨ ᠵᠠᠰᠠᠬᠤ ᠰᠠᠭᠤᠷᠢᠨ ᠭᠠᠵᠠᠷ ᠲᠤ ᠨᠢ ᠬᠦᠷᠴᠦ᠂ ᠵᠠᠭ ᠮᠤᠳᠤ ᠳᠠᠷᠢᠨ ᠳᠤᠭᠤᠷᠢᠨ ᠬᠠᠮᠠᠭᠠᠯᠠᠯᠳᠠ ᠬᠢᠵᠦ᠂ ᠰᠥᠬᠡ ᠨᠠᠰᠣᠳᠠᠨ ᠤ ᠵᠣᠷᠢᠭ ᠰᠠᠨᠠᠭ᠎ᠠ ᠶᠢ ᠥᠶ᠎ᠠ ᠥᠶ᠎ᠠ ᠤᠯᠠᠮᠵᠢᠯᠠᠨ ᠳᠠᠮᠵᠢᠭᠤᠯᠳᠠᠭ       ᠪᠠᠶᠢᠨ᠎ᠠ᠃      ᠴᠠᠭ ᠦᠶ᠎ᠡ ᠶᠢᠨ ᠬᠤᠰᠢᠭᠤᠴᠢ ᠰᠥᠬᠡ ᠨᠠᠰᠤᠲᠠᠨ ᠤ ᠤᠶᠢᠵᠢᠭᠤᠯᠤᠭᠰᠠᠨ ᠡᠯᠡᠰᠦ ᠶᠢ ᠰᠡᠷᠭᠡᠶᠢᠯᠡᠵᠦ ᠵᠠᠰᠠᠬᠤ ᠰᠠᠭᠤᠷᠢᠨ ᠭᠠᠵᠠᠷ ᠲᠤ᠂ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠶᠢᠨ ᠲᠣᠭᠤᠷᠢᠨ ᠬᠠᠮᠠᠭᠠᠯᠠᠭᠴᠢᠳ ᠵᠠᠭ ᠮᠣᠳᠤ ᠪᠣᠯᠣᠨ ᠲᠣᠣᠷᠠᠢ ᠶᠢᠨ ᠤᠢ ᠪᠠᠷ ᠰᠦᠯᠵᠢᠯᠳᠦᠵᠦ᠂ ᠬᠤᠯᠤᠭᠠᠨ᠎ᠠ ᠶᠢ ᠤᠰᠠᠳᠬᠠᠬᠤ ᠡᠮ ᠲᠠᠯᠪᠢᠬᠤ ᠶᠢᠨ ᠳᠠᠭᠠᠤ ᠬᠤᠯᠤᠭᠠᠨ᠎ᠠ ᠶᠢᠨ ᠨᠦᠬᠡᠨ ᠳᠤ ᠬᠤᠯᠤᠭᠠᠨ᠎ᠠ ᠶᠢᠨ ᠡᠮ ᠳᠠᠯᠪᠢᠵᠦ᠂ ᠬᠤᠪᠠᠭ᠋ᠠᠶᠢᠷᠠᠭᠰᠠᠨ ᠮᠣᠳᠣᠨ ᠤ ᠰᠠᠯᠠᠭ᠎ᠠ ᠶᠢ ᠳᠣᠣᠱᠲᠠᠢ ᠴᠡᠪᠡᠷᠯᠡᠨ᠂ ᠲᠡᠷᠡᠪᠡᠷ ᠣᠰᠣᠨ ᠬᠤᠭᠤᠯᠠᠢ ᠶᠢᠨ ᠱᠤᠭᠤᠮ᠂ ᠮᠣᠳᠣᠨ ᠤ ᠰᠠᠯᠠᠭ᠎ᠠ ᠨᠠᠮᠠᠭ᠎ᠠ ᠶᠢ ᠨᠠᠷᠢᠨ ᠪᠠᠶᠢᠴᠠᠭᠠᠵᠤ ᠥᠵᠡᠨ᠎ᠡ᠃ ᠪᠠᠶᠢᠴᠠᠭᠠᠭᠰᠠᠨ ᠤ ᠳ᠋ᠥᠩ ᠳᠤ᠂ ᠰᠦᠬᠡ ᠨᠠᠰᠤᠲᠠᠨ ᠤ ᠦᠯᠡᠳᠡᠭᠡᠭᠰᠡᠨ 6307 ᠮᠦ ᠡᠯᠡᠰᠦ ᠶᠢ ᠰᠡᠷᠭᠡᠶᠢᠯᠡᠨ ᠵᠠᠰᠠᠬᠤ ᠤᠢ ᠶᠢᠨ 25 ᠲᠦᠮᠡᠨ ᠰᠠᠭᠤᠷᠢ ᠵᠠᠭ ᠮᠣᠳᠤ ᠪᠠ 4000 ᠭᠠᠷᠤᠢ ᠰᠠᠭᠤᠷᠢ ᠲᠣᠣᠷᠠᠢ ᠶᠢᠨ ᠤᠷᠭᠤᠴᠠ ᠨᠢ ᠮᠠᠰᠢ ᠰᠠᠶᠢᠨ ᠪᠠᠶᠢᠬᠤ ᠶᠢ ᠬᠠᠷᠠᠭᠠᠳ ᠤᠯᠠᠨ ᠢᠶᠠᠷ ᠢᠶᠠᠷ ᠰᠡᠳᠬᠢᠯ ᠪᠠᠶᠠᠰᠴᠦ᠂ ᠠᠵᠢᠯ ᠢᠶᠠᠨ ᠥᠷᠬᠦᠯᠵᠢᠯᠡᠬᠦᠯᠦᠨ᠎ᠡ᠃      ᠬᠤᠰᠢᠭᠤᠨ ᠤ ᠤᠯᠤᠰ ᠤᠨ ᠥᠮᠴᠢᠯᠡᠯ ᠤᠨ ᠣᠶ ᠰᠢᠭᠤᠢ ᠶᠢᠨ ᠲᠠᠯᠠᠪᠠᠶ ᠶᠢᠨ ᠢᠨᠵᠧᠨᠧᠷ ᠳ᠋ᠢᠩ ᡁᠢ ᠯᠢᠨ ᠠᠪᠢᠶ᠎ᠠ ᠳᠠᠭᠠᠷᠠᠭᠤᠯᠤᠨ᠎ᠠ ︵ᠵᠢᠯ ᠪᠦᠷᠢ ᠶᠢᠨ ᠬᠠᠪᠤᠷ ᠪᠣᠯᠣᠭᠰᠠᠭᠠᠷ᠂ ᠪᠢᠳᠡ ᠲᠣᠭᠲᠠᠭᠰᠠᠨ ᠬᠤᠭᠤᠴᠠᠭ᠎ᠠ ᠲᠠᠢ ᠪᠠᠷ ᠠᠷᠠᠴᠢᠯᠠᠨ ᠪᠣᠶᠢᠵᠢᠭᠤᠯᠵᠤ᠂ ᠲᠣᠣᠷᠠᠢ ᠶᠢᠨ ᠮᠣᠳᠣᠨ ᠤ ᠤᠷᠭᠤᠯᠲᠠ ᠶᠢᠨ ᠪᠠᠶᠢᠳᠠᠯ᠂ ᠳᠤᠤᠷᠠᠢ ᠶᠢᠨ ᠮᠣᠳᠣᠨ ᠤ ᠡᠷᠬᠢᠨ ᠲᠣᠭᠤᠷᠢᠨ ᠤ ᠬᠤᠭᠤᠯᠠᠢ ᠱᠤᠭᠤᠮ ᠤᠨ ᠬᠠᠮᠠᠭᠠᠯᠠᠯᠲᠠ ᠵᠢᠴᠢ ᠬᠤᠯᠤᠭᠠᠨ᠎ᠠ ᠶᠢᠨ ᠡᠮ ᠳᠠᠯᠪᠢᠬᠤ᠂ ᠳᠤᠤᠷᠠᠢ ᠶᠢᠨ ᠮᠣᠳᠣᠨ ᠤ ᠡᠪᠡᠳᠴᠢᠨ ᠬᠤᠷᠣᠬᠠᠢ ᠶᠢᠨ ᠬᠥᠨᠥᠭᠡᠯ ᠤᠨ ᠪᠠᠶᠢᠴᠠᠭᠠᠯᠲᠠ ᠶᠢᠨ ᠠᠵᠢᠯ ᠢ ᠰᠠᠶᠢᠳᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠰᠥᠬᠡ ᠨᠠᠰᠤᠳᠠᠨ ᠤ ᠡᠨᠠᠬᠦ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠵᠤ ᠪᠠᠶᠢᠨ᠎ᠠ᠃︶      ᠠᠷᠪᠠ ᠭᠠᠷᠤᠢ ᠵᠢᠯ ᠤᠨ ᠲᠤᠷᠰᠢ᠂ ᠰᠦᠬᠡ ᠨᠠᠰᠤᠲᠠᠨ 9 ᠲᠦᠮᠡ ᠭᠠᠷᠤᠢ ᠵᠠᠭ ᠮᠤᠳᠤ ᠳᠠᠷᠢᠵᠤ᠂ ᠡᠳᠡᠭᠡᠷᠡᠭᠰᠡᠨ ᠨᠣᠷᠮ᠎ᠠ ᠨᠢ ᠴᠥᠮ 80%᠎ ᠠᠴᠠ ᠳᠡᠭᠡᠭᠰᠢ ᠪᠠᠶᠢᠵᠤ᠂ ᠵᠠᠷᠢᠮ ᠨᠢ ᠨᠢᠭᠡᠨᠲᠡ 3 ᠮᠧᠲᠷ ᠭᠠᠷᠤᠢ ᠥᠨᠳᠥᠷ ᠣᠷᠭᠤᠨ᠂ 3500 ᠭᠠᠷᠤᠢ ᠮᠦ ᠡᠯᠡᠰᠦ ᠶᠢ ᠪᠦᠲᠦᠮᠵᠢᠲᠡᠶ ᠵᠠᠰᠠᠵᠤ᠂ ᠮᠠᠨ ᠤ ᠬᠤᠰᠢᠭᠤᠨ ᠳᠤ ᠨᠣᠭᠤᠭᠠᠨ ᠬᠠᠯᠬᠠᠪᠴᠢ ᠶᠢ ᠪᠠᠶᠢᠭᠤᠯᠵᠤ ᠥᠭᠭᠦᠭᠰᠡᠨ ᠳᠡᠤᠬᠡ ᠲᠠᠢ᠃ ᠴᠠᠭ ᠦᠶ᠎ᠡ ᠶᠢᠨ ᠬᠤᠰᠢᠭᠤᠴᠢ ᠰᠥᠬᠡ ᠨᠠᠰᠤᠲᠠᠨ ᠤ ᠵᠣᠷᠢᠭ ᠰᠠᠨᠠᠭᠠᠨ ᠤ ᠳᠠᠭᠠᠭᠤᠯᠭ᠎ᠠ ᠳᠣᠣᠷ᠎ᠠ᠂ ᠤᠷᠢᠳ ᠬᠤᠵᠢᠳ ᠲᠦᠮᠡ ᠰᠢᠬᠠᠮ ᠠᠵᠢᠯ ᠤᠨ ᠪᠠᠶᠢᠷᠢ ᠳᠤ ᠪᠠᠶᠢᠭ᠎ᠠ ᠺᠠᠳ᠋ᠷ ᠠᠵᠢᠯᠲᠠᠨ ᠠᠵᠢᠯᠴᠢᠨ᠂ ᠰᠠᠶᠢᠨ ᠳᠤᠷ᠎ᠠ ᠶᠢᠨ ᠠᠵᠢᠯᠯᠠᠭᠴᠢ᠂ ᠰᠤᠷᠤᠭᠴᠢ᠂ ᠠᠵᠤ ᠠᠬᠤᠶᠢᠯᠠᠯ ᠢᠶᠠᠷ ᠲᠥᠯᠥᠭᠡᠯᠡᠭᠦᠯᠦᠭᠰᠡᠨ ᠮᠣᠳᠣ ᠳᠠᠷᠢᠭᠰᠠᠳ ᠡᠯᠡᠰᠦᠨ ᠴᠥᠯ ᠢᠶᠠᠷ ᠬᠦᠷᠴᠦ᠂ ᠲᠠᠷᠢᠶᠠᠯᠠᠬᠤ ᠪᠠᠨ ᠪᠣᠯᠢᠵᠤ ᠡᠪᠡᠰᠦ ᠮᠣᠳᠣ ᠳᠠᠷᠢᠬᠤ᠂ ᠬᠥᠮᠥᠨ ᠤ ᠬᠦᠴᠦ ᠪᠠᠷ ᠣᠶᠢᠵᠢᠭᠤᠯᠵᠤ ᠡᠪᠡᠰᠦ ᠳᠠᠷᠢᠬᠤ᠂ ᠬᠦᠷᠢᠶᠡᠯᠡᠨ ᠪᠢᠲᠡᠭᠦᠮᠵᠢᠯᠡᠵᠦ ᠪᠡᠯᠴᠢᠭᠡᠷᠯᠡᠭᠦᠯᠬᠦ ᠶᠢ  ᠵᠣᠭᠰᠣᠭᠠᠬᠤ ᠵᠡᠷᠭᠡ ᠬᠡᠯᠪᠡᠷᠢ ᠪᠠᠷ 218 ᠲᠦᠮᠡᠨ ᠮᠦ ᠬᠥᠮᠥᠨ ᠤ ᠬᠦᠴᠦ ᠪᠠᠷ ᠣᠶᠢᠵᠢᠭᠤᠯᠬᠤ ᠶᠢ ᠪᠡᠶᠡᠯᠡᠭᠦᠯᠵᠡᠢ᠃ ᠮᠠᠭᠤᠳᠠᠭᠰᠠᠨ ᠣᠶ ᠮᠣᠳᠣ ᠶᠢ 27 ᠲᠦᠮᠡᠨ ᠮᠦ ᠬᠤᠪᠢᠶᠠᠨ ᠰᠡᠯᠪᠢᠨ ᠵᠠᠰᠠᠵᠤ᠂ 301 ᠲᠦᠮᠡᠨ ᠮᠦ ᠡᠯᠡᠰᠦ ᠶᠢ ᠪᠢᠲᠡᠭᠦᠮᠵᠢᠯᠡᠨ ᠣᠶᠢᠵᠢᠭᠤᠯᠵᠤ᠂ 218 ᠲᠦᠮᠡᠨ ᠮᠦ ᠬᠥᠮᠥᠨ ᠤ ᠬᠦᠴᠦ ᠪᠠᠷ ᠡᠪᠡᠰᠦ ᠳᠠᠷᠢᠨ᠂ 1088 ᠲᠦᠮᠡᠨ ᠮᠦ ᠬᠠᠰᠢᠶᠠᠯᠠᠨ ᠪᠢᠲᠡᠭᠦᠮᠵᠢᠯᠡᠨ ᠪᠣᠶᠢᠵᠢᠭᠤᠯᠵᠤ᠂ 30 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠬᠠᠮᠠᠭᠠᠯᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠶᠢ ᠲᠣᠰ ᠲᠣᠰ 11% ᠪᠠ 4.3% ᠪᠣᠯᠲᠠᠯ᠎ᠠ ᠳᠡᠭᠡᠭᠰᠢᠯᠡᠬᠦᠯᠦᠨ᠂ ᠲᠣᠣᠷᠠᠢ ᠶᠢᠨ ᠣᠶ ᠶᠢᠨ ᠲᠠᠯᠠᠪᠠᠶ 37 ᠲᠦᠮᠡᠨ ᠮᠦ ᠪᠠᠶᠢᠭᠰᠠᠨ ᠠᠴᠠ ᠪᠠᠨ 45 ᠲᠦᠮᠡᠨ ᠮᠦ ᠪᠣᠯᠣᠨ ᠨᠡᠮᠡᠭᠳᠡᠵᠦ᠂ ᠨᠣᠭᠤᠭᠠᠨ ᠪᠦᠷᠢᠳᠦ ᠶᠢᠨ ᠲᠠᠯᠠᠪᠠᠶ 200 ᠲᠡᠭᠰᠢ ᠳᠥᠷᠪᠡᠯᠵᠢᠨ ᠺᠢᠯᠣᠮᠧᠲᠷ ᠰᠢᠬᠠᠮ ᠨᠡᠮᠡᠭᠳᠡᠪᠡ᠃ ᠡᠵᠡᠨ᠎ᠡ ᠬᠤᠰᠢᠭᠤᠨ ᠤ ᠥᠷᠭᠡᠨ ᠠᠭᠤᠳᠠᠮ ᠭᠤᠪᠢ ᠨᠣᠳᠤᠭ ᠲᠤ᠂ ᠬᠤᠶᠢᠴᠢ ᠨᠢᠭᠡ ᠥᠶ᠎ᠠ ᠶᠢᠨ ᠬᠢᠨ ᠰᠦᠬᠡ ᠨᠠᠰᠤᠲᠠᠨ ᠤ ᠮᠣᠳᠤ ᠳᠠᠷᠢᠵᠦ ᠨᠣᠳᠤᠭ ᠣᠰᠤ ᠪᠠᠨ ᠨᠣᠭᠤᠭᠠᠷᠠᠭᠤᠯᠬᠤ ᠵᠣᠷᠢᠭ ᠰᠠᠨᠠᠭ᠎ᠠ ᠪᠠᠷ ᠡᠬᠡ ᠤᠯᠤᠰ ᠤᠨ ᠤᠮᠠᠷᠠᠲᠤ ᠬᠢᠯᠢ ᠶᠢᠨ ᠣᠶᠢᠵᠢᠭᠤᠯᠤᠯᠲᠠ ᠶᠢᠨ ᠭᠠᠶᠢᠬᠠᠮᠰᠢᠭ ᠢ ᠥᠪᠡᠷ ᠤᠨ ᠪᠣᠳᠠᠳᠤ ᠣᠶᠢᠯᠡ ᠠᠵᠢᠯᠯᠠᠭ᠎ᠠ ᠪᠠᠷ ᠢᠶᠠᠨ ᠪᠢᠴᠢᠭᠯᠡᠨ᠎ᠡ᠃      ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠭᠤᠸ ᠶᠠᠩ᠄ ︽ᠣᠶᠢᠷ᠎ᠠ ᠶᠢᠨ ᠵᠢᠯ ᠤᠳ ᠲᠤ᠂ ᠰᠦᠬᠡ ᠨᠠᠰᠤᠲᠠᠨ ᠤ ᠨᠥᠯᠥᠭᠡᠯᠡᠯ ᠪᠠ ᠳᠠᠭᠠᠭᠤᠯᠭ᠎ᠠ ᠳᠣᠣᠷ᠎ᠠ᠂ ᠤᠯᠠᠮ ᠠᠴᠠ ᠤᠯᠠᠮ ᠣᠯᠠᠨ ᠠᠵᠤ ᠠᠬᠤᠶᠢᠯᠠᠯ᠂ ᠬᠤᠪᠢ ᠬᠥᠮᠥᠨ᠂ ᠠᠵᠢᠯ ᠳᠤ ᠪᠠᠶᠢᠭ᠎ᠠ ᠺᠠᠳ᠋ᠷ ᠠᠵᠢᠯᠲᠠᠨ ᠠᠵᠢᠯᠴᠢᠨ ᠮᠣᠳᠣ ᠳᠠᠷᠢᠵᠦ ᠨᠣᠳᠤᠭ ᠣᠰᠤ ᠪᠠᠨ ᠨᠣᠭᠤᠭᠠᠷᠠᠭᠤᠯᠬᠤ ᠠᠵᠢᠯ ᠲᠥᠷᠥᠯ ᠳᠤ ᠢᠳᠡᠪᠬᠢᠲᠠᠢ ᠣᠷᠣᠯᠴᠠᠭᠰᠠᠨ ᠪᠠᠶᠢᠨ᠎ᠠ᠃ ᠣᠳᠣᠬᠠᠨ ᠳᠤ ᠮᠠᠨ ᠤ ᠬᠤᠰᠢᠭᠤᠨ ᠤ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠢ ᠶᠢ ᠦᠨᠳᠦᠰᠦᠨ ᠳᠡᠭᠡᠨ ᠪᠦᠷ ᠪᠦᠷᠬᠦᠬᠦᠯᠵᠦ ᠳᠠᠷᠢᠭᠰᠠᠨ᠃ ᠡᠨᠡ ᠵᠢᠯ ᠮᠠᠨ ᠤ ᠲᠣᠪᠴᠢᠶ᠎ᠠ ᠤᠮᠠᠷᠠᠲᠤ ᠶᠢᠨ ᠭᠤᠷᠪᠠᠨ ᠣᠷᠣᠨ ︵ᠢᠨᠵᠧᠨᠧᠷᠢᠩ︶᠎ ᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠪᠠ ᠡᠾᠧᠰᠢ ᠶᠢᠨ ᠬᠤᠩᠭᠢᠯ ︱ ᠲᠠᠺᠯᠢᠮᠠᠺᠠᠨ ᠡᠯᠡᠰᠦᠨ ᠴᠥᠯ ᠤᠨ ᠬᠥᠪᠡᠭᠡ ᠳᠠᠭᠠᠤ ᠶᠢᠨ ᠬᠤᠷᠢᠭᠯᠠᠯᠳᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠷᠠᠭᠤᠨ ᠣᠷᠣᠨ ᠤ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ 123.5 ᠲᠦᠮᠡᠨ ᠮᠦ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠬᠢᠬᠦ ᠪᠠᠷ ᠪᠠᠶᠢᠨ᠎ᠠ︾ ᠭᠡᠪᠡ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号