ᠭᠤᠷᠪᠠᠨ ᠰᠠᠷ᠎ᠠ ᠶᠢᠨ ᠬᠠᠪᠤᠷ ᠤᠨ ᠰᠠᠯᠬᠢ ᠭᠠᠵᠠᠷ ᠪᠤᠯᠭᠠᠨ ᠢ ᠳᠤᠯᠠᠭᠠᠴᠠᠭᠤᠯᠵᠤ᠂ ᠯᠸᠢ ᠹᠧᠩ ᠤᠨ ᠵᠣᠷᠢᠭ | ᠰᠠᠨᠠᠭ᠎ᠠ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠃ ︽ᠬᠠᠷᠠᠮ ᠥᠬᠡᠶ ᠵᠣᠷᠢᠭᠤᠯᠬᠤ᠂ ᠨᠥᠬᠦᠷᠰᠡᠭ ᠪᠠᠶᠢᠬᠤ᠂ | ᠬᠠᠷᠢᠯᠴᠠᠨ ᠬᠠᠪᠰᠤᠷᠤᠯᠴᠠᠬᠤ᠂ ᠳᠠᠪᠰᠢᠩᠭᠤᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠤᠯᠠᠮ | ᠨᠢᠭᠡ ᠠᠯᠬᠤᠮ ᠰᠠᠨᠠᠭᠠᠴᠢᠯᠠᠬᠤ ᠶᠢᠨ ᠲᠥᠯᠥᠭᠡ᠂ ︽ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾ | ᠬᠦᠷᠴᠦ ᠢᠷᠡᠬᠦ ᠲᠠᠰᠢᠷᠠᠮ ᠳᠤ᠂ 3 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠦᠩᠲᠦᠭᠤᠤᠯ ᠰᠤᠮᠤᠨ | ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠨᠢ ᠰᠤᠮᠤᠨ ᠤ ᠡᠪᠯᠡᠯ ᠤᠨ ᠬᠤᠷᠢᠶ᠎ᠠ ᠲᠠᠢ | ᠬᠠᠮᠲᠤᠷᠠᠨ ︽ᠯᠧᠢ ᠹᠧᠩ ᠠᠴᠠ ᠰᠤᠷᠤᠯᠴᠠᠬᠤ᠂ ᠪᠣᠯᠪᠠᠰᠤᠨ ᠤ ᠦᠢᠯᠡᠳᠦᠯᠭᠡ ᠳᠤ ᠪᠢ ᠤᠷᠤᠯᠴᠠᠶ᠎ᠠ︾ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ | ᠥᠷᠨᠢᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠦᠷᠭᠦᠯᠵᠢᠯᠡᠨ | ᠰᠠᠶᠢᠵᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ | ᠦᠢᠯᠡᠳᠦᠯᠭᠡᠵᠢᠭᠦᠯᠪᠡ᠃ | ᠥᠷᠯᠥᠭᠡ ᠡᠷᠲᠡ᠂ ᠪᠥᠬᠦ ᠺᠠᠳ᠋ᠷ ᠠᠵᠢᠯᠲᠠᠨ ᠴᠠᠭ ᠲᠠᠭᠠᠨ ᠴᠤᠭᠯᠠᠷᠠᠵᠤ᠂ ᠰᠣᠮᠣᠨ ᠤ ᠰᠠᠭᠤᠭ᠎ᠠ ᠭᠠᠵᠠᠷ ᠤᠨ | ᠡᠷᠬᠢᠨ ᠲᠣᠭᠤᠷᠢᠨ ᠳᠤ ᠶᠡᠭᠡ ᠬᠡᠪᠴᠢᠶᠠᠨ ᠤ ᠴᠡᠪᠡᠷᠯᠡᠯᠲᠡ ᠬᠢᠵᠦ᠂ ᠬᠡᠷ ᠤᠨ ᠠᠷᠤ ᠥᠪᠥᠷ᠂ ᠭᠤᠤᠯ ᠵᠠᠮ ᠳᠠᠭᠠᠤ᠂ | ᠨᠣᠭᠤᠭᠠᠷᠠᠭᠤᠯᠤᠯᠲᠠ ᠶᠢᠨ ᠪᠦᠰᠡ ᠵᠡᠷᠭᠡ ᠴᠠᠭᠠᠨ ᠬᠤᠭ ᠨᠣᠪᠰᠢ᠂ ᠬᠤᠪᠠᠭ᠋ᠠᠶ ᠮᠤᠳᠤᠨ ᠤ ᠰᠠᠯᠠᠭ᠎ᠠ᠂ ᠲᠣᠭᠤᠰᠣ | ᠰᠢᠷᠦᠢ᠂ ᠮᠠᠯ ᠤᠨ ᠢᠯᠭᠠᠳᠠᠰᠤ ᠵᠢᠴᠢ ᠡᠯᠳᠡᠪ ᠪᠣᠳᠠᠰ ᠢ ᠭᠤᠤᠯᠳᠠᠯᠭ᠎ᠠ ᠲᠠᠢ ᠴᠡᠪᠡᠷᠯᠡᠵᠦ᠂ ᠪᠥᠬᠥ ᠵᠠᠮ ᠢ ᠰᠢᠨ᠎ᠡ ᠮᠡᠲᠦ | ᠪᠣᠯᠭᠠᠵᠤ᠂ ᠣᠯᠠᠨ ᠢᠶᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ ᠡᠷᠡᠭᠦᠯ ᠴᠢᠭᠢᠷᠠᠭ ᠰᠢᠨ᠎ᠡ ᠰᠤᠷᠲᠠᠯ ᠢ | ᠤᠬᠠᠮᠰᠠᠷ ᠠᠴᠠ ᠪᠠᠨ ᠦᠢᠯᠡᠳᠦᠯᠭᠡᠵᠢᠭᠦᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠡᠪᠡᠷ ᠲᠡᠭᠰᠢ᠂ | ᠠᠮᠤᠷ ᠲᠦᠪᠰᠢᠨ ᠡᠮᠬᠢ ᠵᠢᠷᠤᠮ ᠲᠠᠢ ᠠᠮᠢᠳᠤᠷᠠᠯ ᠪᠠ ᠠᠵᠢᠯ ᠤᠨ ᠣᠷᠴᠢᠨ ᠲᠣᠭᠤᠷᠢᠨ ᠢ ᠡᠭᠦᠳᠪᠡ᠃ | ᠬᠡᠳᠦᠨ ᠠᠷᠪᠠᠨ ᠵᠢᠯ ᠤᠨ ᠲᠤᠷᠰᠢ᠂ ᠯᠧᠢ ᠹᠧᠩ ᠤᠨ ᠵᠣᠷᠢᠭ ᠰᠠᠨᠠᠭ᠎ᠠ ᠨᠢ ᠰᠦᠨᠳᠡᠷᠯᠡᠨ ᠭᠡᠷᠡᠯᠲᠦᠬᠦ ᠴᠠᠮᠬᠠᠭ | ᠰᠢᠭ᠋ ᠬᠡᠷᠡᠯ ᠭᠢᠯᠪᠠᠭ᠎ᠠ ᠪᠠᠨ ᠲᠠᠰᠤᠷᠠᠯᠲᠠ ᠥᠬᠡᠶ ᠰᠠᠴᠤᠷᠠᠭᠤᠯᠵᠤ᠂ ᠦᠶ᠎ᠡ ᠦᠶ᠎ᠡ ᠶᠢᠨ ᠬᠥᠮᠦᠰ ᠤᠨ ᠰᠡᠳᠬᠢᠯ ᠢ | ᠭᠡᠷᠡᠯᠲᠦᠭᠦᠯᠵᠦ ᠪᠠᠶᠢᠨ᠎ᠠ᠂ ᠪᠥᠬᠦ ᠰᠤᠮᠤᠨ ᠤ ᠰᠠᠶᠢᠨ ᠳᠤᠷᠠᠴᠤᠳ ᠪᠣᠳᠠᠲᠤ ᠠᠵᠢᠯᠯᠠᠭ᠎ᠠ ᠪᠠᠷ ᠢᠶᠠᠨ ᠯᠧᠢ ᠹᠧᠩ ᠤᠨ | ᠵᠣᠷᠢᠭ ᠰᠠᠨᠠᠭ᠎ᠠ ᠶᠢ ᠤᠯᠠᠮᠵᠢᠯᠠᠨ ᠦᠢᠯᠡᠳᠦᠯᠭᠡᠵᠢᠭᠦᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠭᠠᠵᠠᠷ᠂ ᠣᠶᠤᠨ ᠤ ᠪᠣᠯᠪᠠᠰᠤᠨ ᠤ ᠰᠠᠭᠤᠷᠢᠨ ᠭᠠᠵᠠᠷ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ | ᠰᠤᠮᠤᠨ ᠤ ᠨᠠᠮ ᠤᠨ ᠭᠡᠰᠢᠭᠦᠨ ᠺᠠᠳ᠋ᠷᠴᠤᠳ ᠤᠨ ᠨᠢᠭᠲᠠᠷᠠᠯ ᠤᠨ ᠬᠦᠴᠦᠨ ᠪᠠ ᠲᠥᠪᠯᠡᠷᠡᠩᠭᠦᠶ ᠬᠦᠴᠦᠨ ᠢ | ᠴᠢᠩᠭᠠᠷᠠᠭᠤᠯᠵᠤ᠂ ᠮᠠᠯᠴᠢᠨ ᠲᠦᠮᠡᠨ ᠳᠤ ᠦᠨᠡᠨ ᠬᠦ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠭᠦᠨ ᠵᠤᠵᠠᠭᠠᠨ | ︽ᠯᠧᠢ ᠹᠧᠩ ᠠᠴᠠ ᠰᠤᠷᠤᠯᠴᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠭᠤᠷ ᠠᠮᠢᠰᠬᠤᠯ ᠢ ᠪᠣᠶ ᠪᠣᠯᠭᠠᠵᠠᠶ᠃ | ᠲᠠᠷᠠᠭᠠᠴᠢ ᠶᠢᠨ ᠠᠯᠬᠤᠮ ᠳᠤ᠂ ᠦᠩᠲᠦᠭᠤᠤᠯ ᠰᠤᠮᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠵᠢᠭᠰᠠᠭᠠᠯ ᠤᠨ ᠭᠠᠵᠠᠷ ᠲᠤ ᠲᠦᠰᠢᠭᠯᠡᠨ᠂ ᠣᠯᠠᠨ ᠶᠠᠩᠵᠤ ᠬᠡᠯᠪᠡᠷᠢ ᠶᠢᠨ ᠪᠣᠯᠪᠠᠰᠤᠨ ᠤ | ᠦᠢᠯᠡᠳᠦᠯᠭᠡ ᠶᠢᠨ ᠭᠤᠤᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠨᠠᠮ ᠤᠨ ᠠᠴᠢ ᠳᠤ | ᠳᠠᠯᠠᠷᠬᠠᠬᠤ ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ︾ ᠣᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠵᠤ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ | ᠳᠦᠷᠢᠮᠵᠢᠬᠦ᠂ ᠪᠠᠶᠢᠩᠭᠤᠵᠢᠬᠤ᠂ ᠣᠷᠳᠣ ᠬᠤᠭᠤᠴᠠᠭ᠎ᠠ ᠪᠦᠲᠦᠮᠵᠢᠲᠡᠶ ᠪᠠᠶᠢᠬᠤ ᠶᠢ ᠦᠷᠭᠦᠯᠵᠢᠯᠡᠨ ᠠᠬᠢᠭᠤᠯᠵᠤ᠂ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠠᠰᠤᠷᠠᠯᠲᠠ ᠥᠬᠡᠶ ᠴᠢᠩᠭᠠᠳᠬᠠᠵᠤ᠂ | ᠰᠤᠮᠤᠨ ᠤ ᠥᠩᠭᠡ ᠵᠢᠰᠦ ᠶᠢ ᠨᠡᠮᠡᠭᠳᠡᠭᠦᠯᠬᠦ᠂ ᠬᠡᠪ ᠴᠢᠨᠠᠷ ᠢ ᠳᠡᠭᠡᠭᠰᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ | ᠴᠢᠷᠮᠠᠶᠢᠵᠤ᠂ ᠰᠤᠮᠤᠨ ᠤ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠶ ᠪᠠᠶᠢᠬᠤ ᠶᠢ ᠠᠬᠢᠭᠤᠯᠤᠨ᠎ᠠ᠃ | |