ᠳᠥᠷᠪᠡᠳᠦᠭᠡᠷ ᠪᠦᠯᠦᠭ ᠤᠨ ᠬᠤᠰᠢᠭᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠨᠡᠶᠢᠲᠡᠯᠡᠬᠦ ᠲᠤᠬᠠᠶ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/3/8
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠰᠢᠭᠤᠨ ᠤ ᠰᠣᠶᠣᠯ ᠤᠨ ᠣᠷᠳᠣᠨ᠂ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠠᠴᠠ ᠳᠥᠷᠪᠡᠳᠦᠭᠡᠷ ᠪᠦᠯᠦᠭ ᠤᠨ ᠬᠤᠰᠢᠭᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠲᠠᠨᠢᠯᠴᠠᠭᠤᠯᠤᠨ ᠮᠡᠳᠡᠭᠦᠯᠬᠦ ᠪᠠ ᠬᠢᠨᠠᠨ ᠲᠣᠭᠲᠠᠭᠠᠬᠤ ᠠᠵᠢᠯ ᠢ ᠥᠷᠨᠢᠭᠦᠯᠪᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾᠎ ᠶᠢᠨ ᠬᠤᠯᠪᠣᠭᠳᠠᠯ ᠪᠥᠬᠦᠶ ᠲᠣᠭᠲᠠᠭᠠᠯ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾᠎ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠦᠨᠳᠦᠰᠦᠯᠡᠨ᠂ ᠵᠢᠷᠭᠤᠭᠠᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ ᠤᠨ ᠭᠤᠶᠤᠴᠢᠯᠠᠨ ᠮᠡᠳᠡᠭᠦᠯᠦᠭᠰᠡᠨ ᠳᠥᠷᠪᠡᠳᠦᠭᠡᠷ ᠪᠦᠯᠦᠭ ᠤᠨ ᠬᠤᠰᠢᠭᠤᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠨᠢᠭᠡᠳ ᠨᠢᠭᠡ ᠪᠠᠷ ᠬᠢᠨᠠᠨ ᠲᠣᠭᠲᠠᠭᠠᠬᠤ ᠪᠠ ᠰᠢᠨᠵᠢᠯᠡᠬᠦ ᠤᠬᠠᠭᠠᠨᠴᠢ ᠪᠠᠷ ᠮᠠᠭᠠᠳᠯᠠᠨ ᠲᠣᠭᠲᠠᠭᠠᠵᠤ᠂ ᠳᠥᠷᠪᠡᠳᠦᠭᠡᠷ ᠪᠦᠯᠦᠭ ᠤᠨ ᠬᠤᠰᠢᠭᠤᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ 4 ᠲᠥᠷᠥᠯ ᠵᠦᠢᠯ ᠢ ᠮᠠᠭᠠᠳᠯᠠᠨ ᠲᠣᠭᠲᠠᠭᠠᠪᠠ᠃ ᠡᠭᠦᠨ ᠤ ᠬᠠᠮᠲᠤ 2023 ᠣᠨ ᠤ 11 ᠰᠠᠷ᠎ᠠ ᠶᠢᠨ 16᠎ ᠤ ᠡᠳᠦᠷ ᠠᠴᠠ 12 ᠰᠠᠷ᠎ᠠ ᠶᠢᠨ 14᠎ ᠤ ᠡᠳᠦᠷ ᠪᠣᠯᠲᠠᠯ᠎ᠠ᠂ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠰᠠᠨᠠᠯ ᠦᠭᠡᠢ᠃ ᠵᠠᠷᠯᠠᠨ ᠨᠡᠶᠢᠲᠡᠯᠡᠭᠰᠡᠨ ᠦᠷ᠎ᠡ ᠳ᠋ᠦᠩ ᠢ ᠦᠨᠳᠦᠰᠦᠯᠡᠨ᠂ ᠳᠥᠷᠪᠡᠳᠦᠭᠡᠷ ᠪᠦᠯᠦᠭ ᠤᠨ ᠬᠤᠰᠢᠭᠤᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ 4 ᠲᠥᠷᠥᠯ ᠵᠦᠢᠯ ᠢ ᠮᠠᠭᠠᠳᠯᠠᠨ ᠲᠣᠭᠲᠠᠭᠠᠵᠤ᠂ ᠡᠳᠦᠭᠡ ᠨᠡᠶᠢᠲᠡᠯᠡᠪᠡ᠃     ᠳᠠᠭᠠᠯᠳᠤᠭᠤᠯᠤᠯ ᠄ ᠳᠥᠷᠪᠡᠳᠦᠭᠡᠷ ᠪᠦᠯᠦᠭ ᠤᠨ ᠬᠤᠰᠢᠭᠤᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ     ᠨᠢᠭᠡ᠂ ᠠᠷᠠᠳ ᠤᠨ ᠤᠳᠬ᠎ᠠ ᠵᠣᠬᠢᠶᠠᠯ ︵1ᠲᠥᠷᠦᠯ︶    ᠲᠥᠷᠦᠯ ᠵᠦᠢᠯ ᠤᠨ ᠨᠡᠷ᠎ᠡ  ᠄  ᠵᠠᠩᠭᠠᠷ    ᠭᠤᠶᠤᠴᠢᠯᠠᠨ ᠮᠡᠳᠡᠭᠦᠯᠦᠭᠰᠡᠨ ᠭᠠᠵᠠᠷ ᠪᠤᠶᠤ ᠨᠢᠭᠡᠴᠡ  ᠄ ᠮᠠᠯᠴᠢᠨ ᠤ ᠳᠠᠭᠤᠤ ᠵᠠᠩᠭᠠᠷ ᠤᠷᠠᠯᠢᠭ ᠤᠨ ᠨᠡᠶᠢᠭᠡᠮᠯᠢᠭ    ᠬᠤᠶᠠᠷ᠂ ᠤᠯᠠᠮᠵᠢᠯᠠᠯᠳᠦ ᠪᠡᠶ᠎ᠡ ᠶᠢᠨ ᠲᠠᠮᠢᠷ᠂ ᠨᠠᠭᠠᠳᠤᠮ ᠤᠨ ᠤᠷᠠᠯᠢᠭ ᠪᠠ ᠼᠢᠷᠺ ︵1ᠲᠥᠷᠦᠯ︶    ᠲᠥᠷᠦᠯ ᠵᠦᠢᠯ ᠤᠨ ᠨᠡᠷ᠎ᠡ  ᠄  ᠳᠤᠮᠳᠠᠳᠤ ᠤᠯᠤᠰ ᠤᠨ ᠰᠢᠲᠠᠷ᠎ᠠ    ᠭᠤᠶᠤᠴᠢᠯᠠᠨ ᠮᠡᠳᠡᠭᠦᠯᠦᠭᠰᠡᠨ ᠭᠠᠵᠠᠷ ᠪᠤᠶᠤ ᠨᠢᠭᠡᠴᠡ  ᠄ ᠡᠵᠡᠨ᠎ᠡ  ᠬᠤᠰᠢᠭᠤᠨ ᠎ ᠤ ᠰᠢᠲᠠᠷ᠎ᠠ  ᠶ᠋ᠢᠨ ᠨᠡᠢᠭᠡᠮᠯᠢᠭ    ᠭᠤᠷᠪᠠ᠂ ᠤᠯᠠᠮᠵᠢᠯᠠᠯᠲᠤ ᠤᠷ᠎ᠠ ᠮᠡᠷᠭᠡᠵᠢᠯ ︵2 ᠲᠥᠷᠦᠯ︶    ᠲᠥᠷᠦᠯ ᠵᠦᠢᠯ ᠤᠨ ᠨᠡᠷ᠎ᠡ  ᠄ ᠡᠵᠡᠨ᠎ᠡ ᠶᠢᠨ ᠰᠡᠶᠢᠯᠦᠮᠡᠯ ᠤᠨ ᠤᠷ᠎ᠠ ᠮᠡᠷᠭᠡᠵᠢᠯ    ᠭᠤᠶᠤᠴᠢᠯᠠᠨ ᠮᠡᠳᠡᠭᠦᠯᠦᠭᠰᠡᠨ ᠭᠠᠵᠠᠷ ᠪᠤᠶᠤ ᠨᠢᠭᠡᠴᠡ  ᠄ ᠡᠵᠡᠨ᠎ᠡ ᠬᠤᠰᠢᠭᠤᠨ ᠤ ᠴᠢᠯᠠᠭᠤ ᠰᠣᠨᠢᠷᠬᠠᠬᠤ ᠰᠣᠶᠣᠯ ᠤ᠋ᠨ ᠡᠭᠦᠳᠦᠯᠲᠡ ᠶ᠋ᠢᠨ ᠨᠡᠢᠭᠡᠮᠯᠢᠭ    ᠲᠥᠷᠦᠯ ᠵᠦᠢᠯ ᠤᠨ ᠨᠡᠷ᠎ᠡ  ᠄  ᠴᠢᠯᠠᠭᠤᠨ ᠰᠡᠶᠢᠯᠦᠮᠡᠯ    ᠭᠤᠶᠤᠴᠢᠯᠠᠨ ᠮᠡᠳᠡᠭᠦᠯᠦᠭᠰᠡᠨ ᠭᠠᠵᠠᠷ ᠪᠤᠶᠤ ᠨᠢᠭᠡᠴᠡ  ᠄ ᠡᠵᠡᠨ᠎ᠡ ᠬᠤᠰᠢᠭᠤᠨ ᠤ ᠴᠢᠯᠠᠭᠤ ᠰᠣᠨᠢᠷᠬᠠᠬᠤ ᠰᠣᠶᠣᠯ ᠤ᠋ᠨ ᠡᠭᠦᠳᠦᠯᠲᠡ ᠶ᠋ᠢᠨ ᠨᠡᠢᠭᠡᠮᠯᠢᠭ                                  2024 ᠣᠨ ᠤ 2 ᠰᠠᠷ᠎ᠠ ᠶᠢᠨ 22᠎ ᠤᠨ ᠡᠳᠦᠷ  
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号