ᠡᠵᠡᠨ᠎ᠡ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠵᠠᠷᠯᠢᠭ
ᠨᠡᠶᠢᠲᠡᠯᠡᠭᠰᠡᠨ ᠴᠠᠭ᠄
2024/3/8
      ᠣᠳᠣᠬᠠᠨ ᠳᠤ᠂ ᠮᠠᠨ ᠤ ᠬᠤᠰᠢᠭᠤ ᠨᠢᠭᠡᠨᠲᠡ ᠬᠠᠪᠤᠷ ᠤᠨ ᠤᠯᠠᠷᠢᠯ ᠤᠨ ᠣᠶ ᠰᠢᠭᠤᠶ ᠶᠢᠨ ᠭᠠᠯ ᠰᠡᠷᠭᠡᠶᠢᠯᠡᠬᠦ ᠬᠦᠨᠳᠦ ᠴᠢᠬᠤᠯᠡ  ᠬᠤᠭᠤᠴᠠᠭᠠᠨ ᠳᠤ ᠣᠷᠣᠵᠤ᠂ ᠪᠥᠬᠦ ᠬᠤᠰᠢᠭᠤᠨ ᠤ ᠶᠡᠭᠡ ᠰᠠᠯᠬᠢᠨ ᠤ ᠠᠭᠤᠷ ᠠᠮᠢᠰᠬᠤᠯ ᠦᠷᠭᠦᠯᠵᠢᠯᠡᠨ ᠨᠡᠮᠡᠭᠳᠡᠵᠦ᠂ ᠪᠠᠰᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠠ ᠬᠠᠪᠤᠷ ᠤᠨ ᠵᠤᠭᠠᠴᠠᠯ ᠤᠨ ᠣᠷᠭᠢᠯ ᠤᠨ ᠦᠶ᠎ᠡ ᠪᠣᠯᠵᠣ᠂ ᠦᠢᠯᠡᠳᠪᠦᠷᠢᠯᠡᠯ ᠳᠤ ᠬᠡᠷᠡᠭᠯᠡᠬᠦ ᠭᠠᠯ ᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠠᠪᠤᠳᠠᠯ ᠨᠡᠮᠡᠭᠳᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠨᠡᠮᠡᠭᠳᠡᠵᠦ᠂ ᠭᠠᠯ ᠤᠨ ᠠᠶᠤᠯ ᠎ ᠤᠨ ᠡᠭᠦᠰᠬᠦ ᠪᠣᠯᠣᠮᠵᠢ ᠳᠡᠭᠡᠭᠰᠢᠯᠡᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠨᠢᠭᠡᠨᠲᠡ ᠣᠯᠠᠨ ᠡᠭᠦᠰᠬᠦ ᠤᠯᠠᠷᠢᠯ ᠳᠤ ᠤᠷᠤᠭᠰᠠᠨ ᠪᠠᠶᠢᠨ᠎ᠠ᠃ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠬᠤ ᠶᠢᠨ ᠲᠥᠯᠥᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ᠎ᠡ ᠶᠢᠨ ᠲᠤᠤᠷᠠᠶ ᠶᠢᠨ ᠣᠶ ᠶᠢ ᠬᠠᠮᠠᠭᠠᠯᠠᠬᠤ ᠲᠦᠷᠢᠮ︾ ᠵᠡᠷᠭᠡ ᠬᠠᠮᠢᠶ᠎ᠠ ᠪᠥᠬᠦᠶ ᠲᠦᠷᠢᠮ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠴᠢᠩᠭ᠎ᠠ ᠵᠠᠬᠢᠷᠤᠨ ᠬᠠᠮᠢᠶᠠᠷᠬᠤ ᠬᠤᠭᠤᠴᠠᠭᠠᠨ ᠳᠤ ᠣᠷᠣᠭᠤᠯᠬᠤ ᠪᠠᠷ ᠲᠣᠭᠲᠠᠪᠠ᠃      ᠨᠢᠭᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ᠄ 2024 ᠣᠨ ᠤ 3 ᠰᠠᠷ᠎ᠠ ᠶᠢᠨ 1᠎ ᠤ ᠡᠳᠦᠷ ᠠᠴᠠ 2024 ᠣᠨ ᠤ 6 ᠰᠠᠷ᠎ᠠ ᠶᠢᠨ 1᠎ ᠤ ᠡᠳᠦᠷ ᠪᠣᠯᠲᠠᠯ᠎ᠠ᠃      ᠬᠤᠶᠠᠷ ᠂ ᠭᠠᠯ ᠢ ᠴᠢᠩᠭ᠎ᠠ ᠰᠡᠷᠭᠡᠶᠢᠯᠡᠨ ᠬᠠᠮᠢᠶᠠᠷᠴᠦ ᠪᠠᠶᠢᠭ᠎ᠠ ᠤᠷᠤᠨ ᠪᠦᠰᠡ᠄ ᠲᠤᠤᠷᠠᠢ ᠶᠢᠨ ᠤᠢ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠲᠠᠯᠠᠶᠢᠬᠦ᠋ᠪ ᠪᠠᠯᠭᠠᠰᠤ᠂ ᠳ᠋ᠦᠡᠭ ᠹᠸᠡᠭ ᠪᠠᠯᠭᠠᠰᠤ᠂ ᠪᠠᠶᠠᠨᠲᠤᠤᠷᠠᠢ ᠰᠤᠮᠤ ᠂ ᠰᠤᠪᠨᠠᠭᠤᠷ ᠰᠤᠮᠤ᠂ ᠰᠠᠶᠢᠬᠠᠨᠲᠤᠤᠷᠠᠢ ᠰᠤᠮᠤ᠂ ᠡᠯ᠎ᠡ ᠵᠢᠭᠤᠯᠴᠢᠯᠠᠯ ᠤᠨ ᠦᠵᠡᠮᠵᠢ ᠶᠢᠨ ᠤᠷᠤᠨ ᠪᠤᠯᠤᠨ᠎ᠠ᠃      ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠭᠡ︶ ᠪᠦᠬᠦ ᠬᠤᠰᠢᠭᠤᠨ ᠤ ᠤᠢ ᠰᠢᠭᠤᠢ ᠨᠤᠳᠤᠭ ᠪᠡᠯᠴᠢᠭᠡᠷ ᠤᠨ ᠭᠠᠯ ᠰᠡᠷᠬᠡᠶᠢᠯᠡᠵᠦ ᠤᠨᠳᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠡᠬᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠦᠨᠳᠦᠰᠦᠯᠡᠵᠦ᠂ ᠨᠢᠭᠳᠠ ᠬᠠᠮᠵᠢᠯᠴᠠᠨ᠂ ᠭᠠᠯ ᠰᠡᠷᠭᠡᠶᠢᠯᠡᠬᠦ ᠭᠠᠯ ᠤᠨᠳᠠᠷᠠᠭᠠᠬᠤ ᠠᠵᠢᠯ ᠤᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠦ᠂ ᠬᠡᠭᠡᠷ᠎ᠡ ᠭᠠᠳᠠᠨᠠᠬᠢ ᠭᠠᠯ ᠤᠨ ᠢᠷᠡᠯᠳᠡ ᠶᠢ ᠴᠢᠩᠭ᠎ᠠ ᠬᠠᠮᠢᠶᠠᠷᠤᠨ ᠡᠵᠡᠮᠳᠡᠵᠦ᠂ ᠲᠤᠭᠤᠷᠢᠨ ᠪᠠᠶᠢᠴᠠᠭᠠᠵᠦ ᠬᠠᠮᠠᠭᠠᠯᠠᠬᠤ ᠪᠠᠨ ᠴᠢᠩᠭᠠᠳᠬᠠᠵᠦ᠂ ᠤᠨᠴᠠᠭᠠᠢ ᠬᠦᠮᠦᠰ ᠢ ᠬᠢᠨᠠᠨ       ᠬᠠᠮᠢᠶᠠᠷᠴᠦ᠂ ᠭᠠᠯ ᠤᠨᠳᠠᠷᠠᠭᠠᠬᠤ ᠮᠠᠰᠢᠨ ᠪᠠᠭᠠᠵᠢ ᠶᠢ ᠬᠦᠢᠴᠡᠳ ᠪᠡᠯᠡᠳᠬᠡᠨ᠂ ᠭᠠᠯ ᠤᠨᠳᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ ᠲᠡᠬᠦᠯᠳᠡᠷᠵᠢᠬᠦᠯᠵᠦ᠂ ᠭᠠᠯ ᠤᠨᠳᠠᠷᠠᠭᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠤᠬᠢᠶᠠᠨ ᠪᠠᠶᠢᠭᠤᠯᠵᠦ᠂ ᠬᠦᠨᠳᠦ ᠶᠡᠭᠡ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠪᠠ ᠬᠦᠮᠦᠨ ᠬᠠᠷ᠎ᠠ ᠠᠳᠡᠯ ᠭᠠᠷᠬᠤ ᠦᠭᠡᠢ ᠪᠠᠶᠢᠬᠤ ᠶᠢ ᠪᠠᠳᠤᠯᠠᠨ᠂ ᠤᠢ ᠰᠢᠭᠤᠢ ᠨᠤᠳᠤᠭ ᠪᠡᠯᠴᠢᠭᠡᠷ ᠤᠨ ᠠᠮᠤᠷ ᠲᠦᠪᠰᠢᠨ ᠢ ᠦᠨᠡᠨᠬᠦ ᠪᠠᠳᠤᠯᠠᠬᠤ ᠬᠡᠷᠡᠭᠳᠡᠢ ᠬᠡᠪᠡ᠃  ︵ᠬᠤᠶᠠᠷ︶ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠭᠠᠯᠯᠠᠬᠤ ᠪᠠᠭᠠᠵᠢ ᠶᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢ ᠴᠢᠩᠭ᠎ᠠ ᠵᠠᠬᠢᠷᠤᠨ ᠬᠠᠮᠢᠶᠠᠷᠬᠤ ᠣᠷᠣᠨ ᠳᠤ ᠳᠤᠷ᠎ᠠ ᠪᠠᠷ ᠢᠶᠠᠨ ᠠᠪᠴᠤ ᠣᠷᠣᠵᠤ ᠪᠣᠯᠬᠤ ᠦᠭᠡᠶ᠂ ᠰᠢᠨᠵᠢᠯᠡᠬᠦ ᠤᠬᠠᠭᠠᠨ ᠤ ᠰᠤᠳᠤᠯᠤᠯᠲᠠ᠂ ᠠᠶᠤᠯ ᠠᠴᠠ ᠠᠪᠤᠷᠠᠬᠤ ᠵᠡᠷᠭᠡ ᠠᠴᠠ ᠪᠣᠯᠵᠤ ᠦᠨᠡᠨᠬᠦ ᠣᠷᠣᠭᠤᠯᠬᠤ ᠴᠢᠬᠤᠯᠠ ᠲᠠᠢ ᠪᠣᠯ ᠬᠠᠤᠯᠢ ᠶᠣᠰᠣᠭᠠᠷ ᠵᠥᠪᠰᠢᠶᠡᠷᠡᠭᠦᠯᠬᠦ ᠬᠡᠷᠡᠭᠲᠡᠶ᠃ ᠵᠥᠪᠰᠢᠶᠡᠷᠡᠭᠦᠯᠦᠭᠡᠳ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠵᠠᠬᠢᠷᠤᠨ ᠬᠠᠮᠢᠶᠠᠷᠬᠤ ᠣᠷᠣᠨ ᠳᠤ ᠣᠷᠣᠪᠠᠯ᠂ ᠵᠥᠪᠰᠢᠶᠡᠷᠡᠭᠰᠡᠨ ᠴᠠᠭ᠂ ᠭᠠᠵᠠᠷ᠂ ᠬᠡᠪᠴᠢᠶ᠎ᠡ ᠶᠣᠰᠣᠭᠠᠷ ᠠᠵᠢᠯᠯᠠᠭ᠎ᠠ ᠬᠢᠬᠦ ᠶᠢᠨ ᠬᠠᠮᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨᠠᠯᠲᠠ ᠬᠠᠮᠢᠶᠠᠷᠤᠯᠲᠠ ᠶᠢ ᠬᠦᠯᠢᠶᠡᠵᠦ᠂ ᠴᠢᠬᠤᠯᠠ ᠪᠥᠬᠦᠶ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠄      1. ᠭᠠᠯ ᠴᠢᠩᠭ᠎ᠠ ᠰᠡᠷᠭᠡᠶᠢᠯᠡᠬᠦ ᠵᠠᠬᠢᠷᠤᠨ ᠬᠠᠮᠢᠶᠠᠷᠬᠤ ᠣᠷᠣᠨ ᠳᠤ ᠣᠷᠣᠬᠤ ᠡᠯ᠎ᠡ ᠲᠥᠷᠥᠯ ᠤᠨ ᠮᠠᠰᠢᠨᠲᠤ ᠲᠡᠷᠭᠡ ᠲᠣᠭᠲᠠᠭᠠᠯ ᠶᠣᠰᠣᠭᠠᠷ ᠭᠠᠯ ᠰᠡᠷᠭᠡᠶᠢᠯᠡᠬᠦ ᠲᠣᠨᠣᠭᠯᠠᠯ ᠤᠭᠰᠠᠷᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠤᠨ᠂ ᠭᠠᠯ ᠰᠡᠷᠭᠡᠶᠢᠯᠡᠬᠦ ᠬᠠᠤᠯᠢ ᠬᠡᠷᠡᠭᠵᠢᠭᠦᠯᠬᠦ ᠠᠵᠢᠯᠲᠠᠳ ᠤᠨ ᠬᠢᠨᠠᠯᠲᠠ ᠲᠠᠯᠪᠢᠵᠤ ᠪᠠᠶᠢᠴᠠᠭᠠᠬᠤ ᠶᠢ ᠬᠦᠯᠢᠶᠡᠬᠦ ᠬᠡᠷᠡᠭᠲᠡᠶ᠃      2. ᠦᠢᠯᠡᠳᠪᠦᠷᠢᠯᠡᠯ ᠤᠨ ᠴᠢᠨᠠᠷᠲᠠᠶ ᠪᠠᠷ ᠭᠠᠯ ᠬᠡᠷᠡᠭᠯᠡᠬᠦ ᠴᠢᠬᠤᠯᠠᠲᠠᠶ ᠪᠣᠯ ᠬᠤᠰᠢᠭᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠠᠷ ᠵᠥᠪᠰᠢᠶᠡᠷᠡᠭᠦᠯᠬᠦ ᠬᠡᠷᠡᠭᠲᠡᠶ᠃ ᠦᠢᠯᠡᠳᠪᠦᠷᠢᠯᠡᠯ ᠤᠨ ᠴᠢᠨᠠᠷᠲᠠᠶ ᠭᠠᠯ ᠬᠡᠷᠡᠭᠯᠡᠬᠦ ᠶᠢ ᠵᠥᠪᠰᠢᠶᠡᠷᠡᠭᠰᠡᠨ ᠪᠣᠯ ᠭᠠᠯ ᠤᠨᠲᠠᠷᠠᠭᠠᠬᠤ ᠬᠥᠮᠦᠰ ᠢ ᠲᠣᠬᠢᠷᠠᠭᠤᠯᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠪᠡᠯᠡᠳᠬᠡᠨ᠂ ᠳᠥᠷᠪᠡᠳᠦᠭᠡᠷ ᠳᠡᠰ ᠎ ᠤᠨ ᠰᠠᠯᠬᠢᠨ ᠠᠴᠠ ᠳᠣᠷᠣᠭᠰᠢᠬᠢ ᠴᠠᠭ ᠠᠭᠤᠷ ᠎ ᠲᠤ ᠭᠠᠯ ᠬᠡᠷᠡᠭᠯᠡᠨ᠎ᠡ  ᠃ ᠭᠠᠯ ᠬᠡᠷᠡᠭᠯᠡᠬᠦ ᠳᠤ ᠠᠶᠤᠯ ᠦᠭᠡᠶ ᠭᠠᠵᠠᠷ ᠢ ᠰᠣᠩᠭᠤᠨ ᠬᠠᠮᠢᠶ᠎ᠠ ᠪᠦᠬᠦᠢ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠭᠠᠯ ᠬᠡᠷᠡᠭᠯᠡᠵᠦ ᠳᠠᠭᠤᠰᠤᠭᠰᠠᠨ ᠤ ᠳᠠᠷᠠᠭ᠎ᠠ ᠦᠯᠡᠳᠡᠪᠦᠷᠢ ᠭᠠᠯ ᠢᠶᠠᠨ ᠤᠨᠲᠠᠷᠠᠭᠠᠬᠤ ᠬᠡᠷᠡᠭᠲᠡᠶ᠃      ︵ᠭᠤᠷᠪᠠ︶ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠭᠠᠯ ᠰᠡᠷᠭᠡᠶᠢᠯᠡᠬᠦ ᠴᠢᠩᠭ᠎ᠠ ᠵᠠᠬᠢᠷᠤᠨ ᠬᠠᠮᠢᠶᠠᠷᠬᠤ ᠣᠷᠣᠨ ᠳᠤ ᠦᠨᠡᠰᠦ ᠲᠦᠯᠡᠵᠦ ᠪᠣᠷᠳᠣᠭᠤᠷ ᠴᠤᠭᠯᠠᠭᠤᠯᠬᠤ᠂ ᠠᠲᠠᠷ ᠰᠢᠲᠠᠭᠠᠵᠤ ᠨᠡᠭᠦᠷᠡᠰᠦ ᠲᠦᠯᠡᠬᠦ᠂ ᠬᠤᠭ ᠨᠣᠪᠰᠢ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠲᠠᠷᠢᠶᠠᠨ ᠤ ᠳᠠᠯᠠᠩ᠂ ᠲᠡᠵᠢᠭᠡᠯ ᠡᠪᠡᠰᠦ᠂ ᠡᠰᠢ ᠰᠦᠷᠡᠯ ᠰᠢᠲᠠᠭᠠᠬᠤ ᠪᠠ ᠲᠠᠮᠠᠬᠢ ᠲᠠᠲᠠᠬᠤ ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠳᠤᠯᠠᠭᠠᠯᠠᠬᠤ᠂ ᠬᠡᠭᠡᠷ᠎ᠡ ᠬᠤᠭᠤᠯᠠᠯᠠᠬᠤ ᠪᠠ ᠬᠤᠸᠠᠷ ᠫᠤᠤᠵᠢᠩ᠂ ᠺᠦᠩ ᠮᠢᠩ ᠳ᠋ᠧᠩ ᠲᠠᠯᠪᠢᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠵᠢᠭᠤᠯᠴᠢᠯᠠᠯ ᠤᠨ ᠲᠡᠷᠭᠡ ᠪᠠ ᠵᠤᠭᠠᠴᠠᠭᠰᠠᠳ ᠤᠨ ᠭᠠᠯ ᠰᠡᠷᠭᠡᠶᠢᠯᠡᠬᠦ ᠶᠢ ᠴᠢᠩᠭ᠎ᠠ ᠵᠠᠬᠢᠷᠤᠨ ᠬᠠᠮᠢᠶᠠᠷᠬᠤ ᠣᠷᠣᠨ ᠳᠤ ᠣᠷᠣᠵᠤ ᠵᠢᠭᠤᠯᠴᠢᠯᠠᠬᠤ ᠶᠢ ᠴᠢᠩᠭ᠎ᠠ ᠴᠠᠭᠠᠵᠠᠯᠠᠨ᠎ᠠ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠶ ᠶᠢᠨ ᠭᠠᠯ ᠤᠨᠲᠠᠷᠠᠭᠠᠬᠤ ᠳᠤᠮᠳᠠ ᠠᠩᠭᠢ᠂ ᠣᠶ ᠰᠢᠭᠤᠶ ᠬᠠᠮᠠᠭᠠᠯᠠᠭᠴᠢ᠂ ᠨᠤᠲᠤᠭ ᠪᠡᠯᠴᠢᠭᠡᠷ ᠤᠨ ᠬᠠᠮᠢᠶᠠᠷᠤᠭᠴᠢ ᠠᠴᠠ ᠲᠣᠭᠤᠷᠢᠨ ᠬᠠᠮᠠᠭᠠᠯᠠᠬᠤ ᠨᠢᠭᠲᠠᠴᠠ ᠪᠠ ᠤᠳᠠᠭ᠎ᠠ ᠪᠠᠨ ᠨᠡᠮᠡᠭᠳᠡᠭᠦᠯᠵᠦ᠂ ᠬᠠᠤᠯᠢ ᠪᠤᠰᠤ ᠪᠠᠷ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠠᠪᠤᠳᠠᠯ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠂ ᠰᠢᠭᠤᠶᠢᠲᠤ ᠣᠷᠣᠨ ᠨᠤᠲᠤᠭ ᠪᠡᠯᠴᠢᠭᠡᠷ ᠲᠤ ᠭᠠᠯ ᠤᠨ ᠲᠥᠷᠥᠯ ᠪᠦᠬᠦᠨ ᠢ ᠬᠤᠷᠢᠭᠯᠠᠵᠤ᠂ ᠭᠠᠯ ᠤᠨ ᠠᠶᠤᠯ ᠤᠨ ᠳᠠᠯᠳᠠ ᠬᠡᠮ ᠢ ᠡᠷᠡᠰ ᠠᠷᠢᠯᠭᠠᠬᠤ ᠬᠡᠷᠡᠭᠲᠡᠶ᠃      ︵ᠲᠦᠷᠪᠡ︶ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠭᠠᠯ ᠤᠨᠲᠠᠷᠠᠭᠠᠬᠤ ᠡᠩᠨᠡᠭᠡ ᠵᠢᠴᠢ ᠥᠷᠭᠡᠨ ᠣᠯᠠᠨ ᠺᠠᠳ᠋ᠷ ᠣᠯᠠᠨ ᠲᠦᠮᠡᠨ ᠪᠠ ᠭᠠᠳᠠᠨ᠎ᠠ ᠠᠴᠠ ᠢᠷᠡᠭᠰᠡᠨ ᠬᠥᠮᠦᠰ ᠤᠨ ᠰᠢᠭᠤᠶᠢᠲᠤ ᠣᠷᠣᠨ ᠨᠤᠲᠤᠭ ᠪᠡᠯᠴᠢᠭᠡᠷ ᠤᠨ ᠳᠣᠲᠣᠷᠠᠬᠢ ᠠᠯᠢᠪᠠ ᠠᠵᠢᠯᠯᠠᠭ᠎ᠠ ᠨᠢ ᠡᠷᠬᠡᠪᠰᠢ ᠭᠠᠯ ᠰᠡᠷᠭᠡᠶᠢᠯᠡᠬᠦ ᠠᠵᠢᠯ ᠤᠨ ᠶᠡᠭᠡ ᠲᠠᠯ᠎ᠠ ᠶᠢ ᠳᠠᠭᠠᠵᠤ᠂ ᠡᠵᠡᠨ᠎ᠡ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃ ᠶᠠᠮᠠᠷᠪᠠ ᠨᠢᠭᠡᠴᠡ ᠪᠠ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠣᠯᠵᠤ ᠮᠡᠳᠡᠪᠡᠯ᠂ ᠳᠠᠷᠦ᠋ᠢᠬᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠮᠡᠳᠡᠭᠡᠯᠡᠬᠦ ᠤᠲᠠᠰᠤ 12119 ᠎ ᠳᠤ ᠤᠲᠠᠰᠤᠳᠠᠵᠤ᠂ ᠡᠵᠡᠨ᠎ᠡ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠲᠦᠭᠰᠢᠭᠦᠷᠢ ᠮᠡᠳᠡᠭᠦᠯᠦᠭᠰᠡᠨ ᠤ ᠳᠠᠷᠠᠭ᠎ᠠ ᠴᠠᠭ ᠲᠤᠬᠠᠶ ᠳᠤᠨᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠵᠣᠬᠢᠬᠤ ᠠᠷᠭ᠎ᠠ ᠬᠡᠮᠵᠢᠶ᠎ᠡ ᠠᠪᠴᠤ ᠪᠠᠶᠢᠭᠠᠳ ᠭᠠᠯ ᠤᠨᠲᠠᠷᠠᠭᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠎ ᠠᠴᠠ ᠳᠠᠭᠠᠭᠤᠯᠤᠨ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠭᠠᠯ ᠤᠨ ᠪᠠᠶᠢᠳᠠᠯ ᠢ ᠣᠯᠵᠤ ᠮᠡᠳᠡᠪᠡᠯ᠂ ᠦᠳᠲᠡᠷ ᠲᠦᠷᠭᠡᠨ ᠳᠠᠭᠠᠷᠢᠯᠲᠠ ᠬᠢᠵᠦ᠂ ᠡᠷᠲᠡ ᠤᠨᠲᠠᠷᠠᠭᠠᠬᠤ᠂ ᠪᠠᠭ᠎ᠠ ᠳᠡᠭᠡᠷ᠎ᠡ ᠨᠢ ᠴᠣᠬᠢᠯᠲᠠ ᠥᠭᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ᠃      ︵ᠲᠠᠪᠤ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠢᠰᠲ᠋ᠧᠮᠵᠢᠭᠦᠯᠦᠨ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠠᠯᠢᠪᠠ ᠭᠠᠯ ᠤᠨ ᠪᠠᠶᠢᠳᠠᠯ ᠤᠨ ᠮᠡᠳᠡᠭᠡ ᠵᠠᠩᠭᠢ ᠶᠢ ᠡᠷᠬᠡᠪᠰᠢ ᠡᠵᠡᠨ᠎ᠡ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠢᠶᠠᠷ ᠨᠤᠲᠠᠯᠠᠭᠤᠯᠤᠨ᠂ ᠡᠵᠡᠨ᠎ᠡ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠨᠡᠶᠢᠲᠡᠯᠡᠬᠦ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ ᠨᠢ ᠵᠢᠯᠣᠭᠤᠳᠬᠤ ᠭᠠᠵᠠᠷ ᠤᠨ ᠵᠥᠪᠰᠢᠶᠡᠷᠡᠯ ᠥᠬᠡᠶ ᠪᠠᠷ ᠳᠤᠷ᠎ᠠ ᠪᠠᠷ ᠢᠶᠠᠨ ᠭᠠᠯ ᠤᠨ ᠪᠠᠶᠢᠳᠠᠯ ᠤᠨ ᠮᠡᠳᠡᠭᠡ ᠨᠡᠶᠢᠲᠡᠯᠡᠵᠦ ᠪᠣᠯᠬᠤ ᠥᠬᠡᠶ᠂ ᠪᠠᠴᠢᠮ ᠪᠠᠶᠢᠳᠠᠯ ᠭᠠᠷᠪᠠᠯ ᠴᠠᠭ ᠲᠤᠬᠠᠶ ᠳᠤᠨᠢ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ᠃      ︵ᠵᠢᠷᠭᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠤᠯᠢ ᠲᠣᠭᠲᠠᠭᠠᠯ ᠪᠠ ᠲᠣᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠠᠴᠠ ᠵᠥᠷᠢᠴᠡᠭᠰᠡᠨ ᠪᠦᠬᠦᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠠᠳᠡᠯ ᠭᠠᠷᠭᠠᠭᠰᠠᠨ ᠪᠠᠶᠢᠪᠠᠯ᠂ ᠡᠵᠡᠨ᠎ᠡ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠨ᠎ᠡ ᠶᠢᠨ ᠲᠤᠤᠷᠠᠶ ᠶᠢᠨ ᠣᠶ ᠶᠢ ᠬᠠᠮᠠᠭᠠᠯᠠᠬᠤ ᠲᠦᠷᠢᠮ︾ ᠵᠢᠴᠢ ᠤᠯᠤᠰ ᠤᠨ ᠬᠤᠯᠪᠣᠭᠳᠠᠯ ᠪᠥᠬᠦᠶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠴᠢᠩᠭ᠎ᠠ ᠂ ᠬᠦᠨᠳᠦ ᠂ ᠲᠦᠷᠭᠡᠨ ᠪᠠᠶᠢᠴᠠᠭᠠᠨ ᠰᠢᠢᠳᠪᠦᠷᠢᠯᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ ᠬᠢᠨᠠᠨ ᠬᠠᠮᠢᠶᠠᠷᠤᠯᠲᠠ ᠪᠠᠷ ᠴᠢᠩᠭ᠎ᠠ ᠪᠤᠰᠤ᠂ ᠬᠠᠷᠢᠭᠤᠴᠠᠯᠭ᠎ᠠ ᠪᠠᠨ ᠬᠦᠨᠳᠦ ᠨᠣᠴᠢᠲᠠᠶ ᠠᠯᠳᠠᠭᠰᠠᠨ᠂ ᠵᠢᠯᠣᠭᠤᠳᠤᠯᠭ᠎ᠠ ᠨᠢ ᠬᠦᠴᠦᠨ ᠦᠭᠡᠶ᠂ ᠭᠠᠯ       ᠤᠨᠲᠠᠷᠠᠭᠠᠬᠤ ᠎ ᠶᠢ ᠰᠠᠭᠠᠲᠠᠭᠠᠭᠰᠠᠨ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠭᠠᠯ ᠤᠨᠲᠠᠷᠠᠭᠠᠬᠤ ᠤᠳᠤᠷᠢᠳᠤᠯᠭ᠎ᠠ ᠶᠢ ᠬᠠᠷᠢᠭᠤᠴᠠᠯᠭ᠎ᠠ ᠶᠣᠰᠣᠭᠠᠷ ᠰᠢᠳᠭᠡᠵᠤ᠂ ᠬᠦᠨᠳᠦ ᠪᠠᠷ ᠰᠢᠳᠬᠡᠬᠦ ᠬᠡᠷᠡᠭᠲᠡᠶ᠃      ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠵᠢᠵᠢᠭᠦᠷᠯᠡᠬᠦ ᠤᠲᠠᠰᠤ᠄ 0483 - 6526737                                      2024 ᠣᠨ ᠤ 2 ᠰᠠᠷ᠎ᠠ ᠶᠢᠨ 29᠎ ᠤ ᠡᠳᠦᠷ  
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号