2021 ᠤᠨ ᠤ 11 ᠰᠠᠷ᠎ᠠ ᠶᠢᠨ 16 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ | ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠭᠤᠴᠢᠨ ᠨᠢᠭᠡᠳᠦᠭᠡᠷ ᠤᠳᠠᠭᠠᠨ ᠤ ᠬᠤᠷᠠᠯ ᠳᠡᠭᠡᠷ᠎ᠡ ︽ᠥᠪᠥᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠭᠠᠵᠠᠷ ᠲᠤᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ︾ ᠢ ᠦᠩᠭᠡᠷᠡᠭᠡᠵᠤ᠂ 2022 | ᠤᠨ ᠤ1 ᠰᠠᠷ᠎ᠠ ᠶᠢᠨ1 ᠠᠴᠠ ᠡᠬᠢᠯᠡᠨ ᠬᠡᠷᠡᠭᠵᠢᠭᠦᠯᠵᠡᠢ᠃ | ᠤᠰᠤᠨ ᠤ ᠡᠬᠢ ᠪᠠᠶᠠᠯᠢᠭ ᠪᠤᠯ ᠠᠵᠤ ᠠᠬᠤᠢ ᠨᠡᠶᠢᠭᠡᠮ ᠤᠨ ᠬᠦᠭᠵᠢᠯᠳᠡ ᠳᠠᠬᠢ ᠰᠠᠭᠤᠷᠢᠯᠠᠬᠤ ᠴᠢᠨᠠᠷᠳᠠᠢ᠂ | ᠤᠳᠤᠷᠢᠳᠤᠮᠵᠢ ᠶᠢᠨ ᠴᠢᠨᠠᠷᠲᠠᠢ᠂ ᠡᠵᠡᠮᠰᠢᠯ ᠤᠨ ᠴᠢᠨᠠᠷᠳᠠᠢ ᠡᠯᠧᠮᠧᠨ᠋ᠲ ᠮᠦᠨ᠂ ᠭᠠᠵᠠᠷ ᠲᠤᠤᠷᠠᠬᠢ ᠤᠰᠤ ᠪᠤᠯ | ᠤᠰᠤᠨ ᠤ ᠡᠬᠢ ᠪᠠᠶᠠᠯᠢᠭ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠮᠠᠨ ᠤ ᠤᠷᠤᠨ ᠤ ᠬᠤᠳᠠ ᠬᠦᠳᠡᠭᠡ | ᠶᠢᠨ ᠤᠰᠤᠨ ᠬᠠᠩᠭᠠᠯᠳᠠ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ | ᠠᠮᠦᠷ ᠲᠦᠪᠰᠢᠨ ᠵᠡᠷᠭᠡ ᠶᠢ ᠪᠠᠲᠤᠯᠠᠬᠤ ᠳᠤ ᠪᠠᠶᠢᠯᠳᠦᠬᠤ ᠪᠤᠳᠤᠯᠭ᠎ᠠ ᠶᠢᠨ ᠴᠢᠨᠠᠷᠲᠠᠢ ᠦᠢᠯᠡᠳᠦᠯ ᠢ ᠦᠵᠡᠭᠦᠯᠳᠡᠭ᠃ | ᠠᠵᠤ ᠠᠬᠤᠢ ᠶᠢᠨ ᠲᠦᠷᠭᠡᠨ ᠬᠦᠭᠵᠢᠯᠳᠠ ᠶᠢ ᠲᠠᠭᠠᠯᠳᠤᠨ᠂ ᠮᠠᠨ ᠤ ᠤᠷᠤᠨ ᠤ ᠭᠠᠵᠠᠷ ᠲᠤᠤᠷᠠᠬᠢ ᠤᠰᠤᠨ ᠤ | ᠬᠠᠮᠠᠭᠠᠯᠠᠯᠠᠳᠡ ᠪᠠ ᠬᠠᠮᠢᠶᠠᠷᠤᠯᠳᠠ ᠲᠤᠮᠳᠠᠬᠢ ᠭᠦᠨ ᠲᠠᠪᠬᠤᠷᠭ᠎ᠠ ᠶᠢᠨ ᠠᠰᠠᠭᠤᠳᠠᠯ ᠨᠢ ᠤᠯᠠᠮ ᠢᠶᠠᠷ ᠢᠯᠡᠳᠳᠠ | ᠪᠤᠯᠵᠤ᠂ ︽ᠤᠰᠤ ᠪᠠᠷ ᠬᠤᠳᠠ ᠲᠤᠭᠳᠠᠭᠠᠬᠤ᠂ ᠤᠰᠤ ᠪᠠᠷ ᠭᠠᠵᠠᠷ ᠲᠤᠭᠳᠠᠭᠠᠬᠤ᠂ ᠤᠰᠤ ᠪᠠᠷ ᠬᠦᠮᠦᠨ | ᠲᠤᠭᠳᠠᠭᠠᠬᠤ᠂ ᠤᠰᠤ ᠪᠠᠷ ᠦᠢᠯᠠᠳᠪᠦᠷᠢᠯᠠᠯ ᠲᠤᠭᠳᠠᠭᠠᠬᠤ︾ ᠴᠢᠩᠭ᠎ᠠ ᠬᠢᠵᠠᠭᠠᠷᠯᠠᠯ ᠤᠨ ᠱᠭᠠᠷᠳᠠᠯᠠᠭᠠ ᠳᠤ | ᠵᠤᠬᠢᠴᠠᠬᠤ ᠪᠠᠨ ᠪᠠᠶᠢᠵᠠᠢ᠃ ᠭᠠᠵᠠᠷ ᠲᠤᠤᠷᠠᠬᠢ ᠤᠰᠤᠨ ᠤ ᠬᠠᠮᠠᠭᠠᠯᠠᠯᠳᠠ ᠪᠠ ᠬᠠᠮᠢᠶᠠᠷᠦᠯᠳᠠ ᠳᠠᠬᠢ ᠪᠤᠳᠠᠳᠤ | ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ ᠬᠠᠦᠯᠢ ᠶᠤᠰᠤᠭᠠᠷ ᠤᠰᠤ ᠵᠠᠰᠠᠵᠤ ᠤᠰᠤ ᠬᠠᠮᠢᠶᠠᠷᠬᠤ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠦ᠂ ᠭᠠᠵᠠᠷ ᠲᠤᠤᠷᠠᠬᠢ ᠤᠰᠤ ᠶᠢ ᠬᠠᠮᠠᠭᠠᠨᠯᠠᠨ ᠬᠠᠮᠢᠶᠠᠷᠬᠤ ᠲᠠᠯ᠎ᠠ ᠪᠠᠷ ᠬᠢ ᠬᠠᠦᠯᠢ | ᠲᠤᠭᠳᠠᠭᠠᠯ ᠢ ᠲᠤᠭᠳᠠᠭᠠᠬᠤ ᠨᠢ ᠪᠠᠴᠢᠮ ᠱᠠᠭᠠᠷᠳᠠᠭᠳᠠᠵᠤ᠂ ᠪᠦᠬᠦ ᠤᠷᠤᠨ ᠤ ᠭᠠᠵᠠᠷ ᠲᠤᠤᠷᠠᠬᠢ ᠤᠰᠤ ᠶᠢ | ᠬᠠᠮᠠᠭᠠᠯᠠᠬᠤ ᠪᠠ ᠬᠠᠮᠢᠶᠠᠷᠠᠬᠤ ᠡᠯ᠎ᠡ ᠲᠠᠯ᠎ᠠ ᠶᠢᠨ ᠤᠴᠢᠷ ᠶᠠᠪᠤᠳᠠᠯ ᠢ ᠪᠦᠬᠦ ᠲᠠᠯ᠎ᠠ ᠶᠢᠨ ᠴᠢᠨᠠᠷᠳᠠᠢ᠂ ᠪᠠᠶᠢᠯᠳᠦᠬᠤ | ᠪᠤᠳᠤᠯᠭ᠎ᠠ ᠶᠢᠨ ᠴᠢᠨᠠᠷᠳᠠᠢ ᠪᠠᠷ ᠳᠡᠭᠡᠳᠦ ᠬᠡᠮᠵᠢᠶ᠎ᠡ ᠪᠠᠷ ᠨᠢᠭᠡᠳᠦᠭᠦᠯᠦᠨ ᠲᠦᠯᠦᠪᠯᠡᠬᠦ ᠶᠢᠨ ᠬᠠᠮᠳᠤ ᠲᠦᠷᠢᠮᠵᠢᠭᠦᠯᠬᠦ | ᠴᠢᠬᠤᠯᠳᠠᠢ ᠪᠤᠯᠵᠠᠢ᠃ | ᠵᠤᠷᠢᠯᠭ᠎ᠠ | ᠭᠠᠵᠠᠷ ᠲᠤᠤᠷᠠᠬᠢ ᠤᠰᠤᠨ ᠤ ᠬᠠᠮᠠᠭᠠᠯᠠᠯᠳᠠ ᠪᠠ ᠬᠠᠮᠢᠶᠠᠷᠦᠯᠳᠠ ᠶᠢ ᠴᠢᠩᠭᠠᠳᠬᠠᠵᠤ᠂ ᠭᠠᠵᠠᠷ ᠲᠤᠤᠷᠠᠬᠢ | ᠤᠰᠤ ᠶᠢ ᠦᠷᠭᠦᠯᠵᠢᠯᠡᠨ ᠠᠰᠢᠭᠯᠠᠬᠤ ᠶᠢ ᠪᠠᠳᠤᠯᠡᠨ᠂ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ | ᠶᠢ ᠲᠦᠯᠬᠢᠨ ᠠᠬᠢᠭᠤᠯᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ | ᠬᠠᠤᠯᠢ︾᠂ ᠲᠦᠷᠦ ᠶᠢᠨ ᠶᠠᠪᠤᠳᠠᠯ ᠤᠨ ᠬᠤᠷᠢᠶᠠᠨ ᠤ ︽ᠭᠠᠵᠠᠷ ᠲᠤᠤᠷᠠᠬᠢ ᠤᠰᠤ ᠶᠢ ᠬᠠᠮᠢᠶᠠᠷᠬᠤ ᠲᠦᠷᠢᠮ︾ | ᠵᠡᠷᠭᠡ ᠤᠯᠤᠰ ᠤᠨ ᠬᠠᠮᠢᠶ᠎ᠠ ᠪᠦᠬᠦᠢ ᠬᠠᠦᠯᠢ ᠲᠤᠭᠳᠠᠭᠠᠯ ᠢ ᠦᠨᠳᠤᠰᠦᠯᠡᠨ᠂ ᠦᠪᠡᠷᠳᠡᠭᠡᠨ ᠵᠠᠰᠠᠬᠤ ᠤᠷᠤᠨ ᠤ | ᠪᠤᠳᠠᠲᠠᠢ ᠲᠠᠢ ᠤᠶᠠᠯᠳᠤᠭᠤᠯᠦᠨ᠂ ᠲᠤᠰ ᠲᠦᠷᠢᠮ ᠢ ᠲᠤᠭᠳᠠᠭᠠᠵᠠᠢ᠃ | ᠬᠦᠷᠢᠶ᠎ᠡ ᠬᠡᠪᠴᠢᠶ᠎ᠡ | ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠡᠪᠴᠢᠶᠡᠨ ᠳᠤ ᠭᠠᠵᠠᠷ ᠲᠤᠤᠷᠠᠬᠢ ᠤᠰᠤᠨ ᠤ | ᠬᠠᠮᠠᠭᠠᠯᠠᠯᠳᠠ᠂ ᠠᠰᠢᠭᠯᠠᠯᠳᠡ᠂ ᠬᠠᠮᠢᠶᠠᠷᠤᠯᠳᠠ ᠪᠠ ᠪᠤᠰᠤᠳ ᠬᠠᠮᠢᠶ᠎ᠠ ᠪᠦᠬᠦᠢ ᠠᠵᠢᠯ ᠢ ᠶᠠᠪᠤᠭᠳᠠᠭᠤᠯᠬᠤ ᠳᠤ ᠲᠤᠰ | ᠲᠦᠷᠢᠮ ᠢ ᠬᠡᠷᠡᠭᠯᠡᠨ᠎ᠡ᠃ ᠳᠤᠰ ᠲᠦᠷᠢᠮ ᠳᠠᠬᠢ ᠭᠠᠵᠠᠷ ᠲᠤᠤᠷᠠᠬᠢ ᠤᠰᠤ ᠭᠡᠳᠡᠭ ᠨᠢ ᠭᠠᠵᠠᠷ ᠤᠨ ᠭᠠᠳᠠᠷᠭᠤ | ᠲᠤᠤᠷ᠎ᠠ ᠤᠷᠦᠰᠢᠵᠦ ᠪᠠᠶᠢᠭ᠎ᠠ ᠤᠰᠤᠨ ᠪᠡᠶᠡᠳᠦ ᠶᠢ ᠵᠢᠭᠠᠨ᠎ᠠ᠂ ᠭᠠᠵᠠᠷ ᠤᠨ ᠬᠠᠯᠠᠭᠤᠨ ᠤᠰᠤ᠂ ᠪᠤᠯᠠᠭ ᠤᠨᠤᠰᠤ ᠶᠢ | ᠪᠠᠭᠳᠠᠭᠠᠨ᠎ᠠ᠃ | ᠵᠠᠷᠴᠢᠮ | ᠭᠠᠵᠠᠷ ᠲᠤᠤᠷᠠᠬᠢ ᠤᠰᠤᠨ ᠤ ᠬᠠᠮᠠᠭᠠᠯᠠᠯᠠᠳᠡ ᠪᠠ ᠬᠠᠮᠢᠶᠠᠷᠤᠯᠳᠠ ᠨᠢ ᠤᠰᠤ ᠪᠠᠷ ᠬᠤᠳᠠ ᠲᠤᠭᠳᠠᠭᠠᠬᠤ᠂ | ᠤᠰᠤ ᠪᠠᠷ ᠭᠠᠵᠠᠷ ᠲᠤᠭᠳᠠᠭᠠᠬᠤ᠂ ᠤᠰᠤ ᠪᠠᠷ ᠬᠦᠮᠦᠨ ᠲᠤᠭᠳᠠᠭᠠᠬᠤ᠂ ᠤᠰᠤ ᠪᠠᠷ ᠦᠢᠯᠠᠳᠪᠦᠷᠢᠯᠠᠯ ᠲᠤᠭᠳᠠᠭᠠᠬᠤ | ᠶᠢ ᠪᠠᠷᠢᠮᠲᠠᠯᠠᠵᠤ᠂ ᠨᠢᠭᠡᠳᠦᠯᠳᠡᠢ ᠲᠦᠯᠦᠪᠯᠡᠬᠦ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠦᠨᠳᠦᠷ | ᠪᠦᠲᠦᠮᠵᠢᠲᠡᠢ ᠪᠠᠷ ᠠᠰᠢᠭᠯᠠᠬᠤ᠂ ᠰᠢᠰᠲ᠋ᠧᠮᠴᠢᠯᠡᠨ ᠵᠠᠰᠠᠬᠤ ᠵᠠᠷᠴᠢᠮ ᠢ ᠵᠢᠷᠦᠮᠯᠠᠨ᠎ᠠ᠃ | ︽ᠲᠦᠷᠢᠮ︾ ᠨᠢ ᠭᠠᠵᠠᠷ ᠲᠤᠤᠷᠠᠬᠢ ᠤᠰᠤᠨ ᠤ ᠬᠠᠮᠠᠭᠠᠨᠯᠠᠨ ᠬᠠᠮᠢᠶᠠᠷᠬᠤ ᠡᠷᠭᠡ ᠮᠡᠳᠠᠯ ᠢ ᠬᠡᠷᠬᠢᠨ | ᠲᠤᠭᠳᠠᠭᠠᠭᠰᠠᠨ ᠪᠤᠢ︖ | 1. ᠡᠯ᠎ᠡ ᠱᠠᠳᠤᠨ ᠤ ᠵᠠᠰᠠᠭ ᠤᠨ ᠤᠷᠳᠤᠨ᠄ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠪᠦᠬᠦ ᠤᠷᠤᠨ ᠤ ᠭᠠᠵᠠᠷ ᠲᠤᠤᠷᠠᠬᠢ ᠤᠰᠤᠨ ᠤ ᠬᠠᠮᠠᠭᠠᠯᠠᠯᠠᠳᠡ ᠪᠠ ᠬᠠᠮᠢᠶᠠᠷᠤᠯᠳᠠ ᠶᠢᠨ ᠠᠵᠢᠯ ᠢ | ᠨᠢᠭᠡᠳᠦᠯᠳᠡᠢ ᠬᠠᠮᠢᠶᠠᠷᠦᠨ᠎ᠠ᠃ ᠠᠶᠢᠮᠠᠭ ᠤᠨ ᠵᠠᠰᠠᠭ ᠵᠠᠬᠢᠷᠭᠠᠨ ᠤ ᠭᠠᠵᠠᠷ ᠪᠠ ᠲᠤᠭᠤᠷᠢᠭ ᠪᠠᠶᠢᠭᠤᠯᠤᠭᠰᠠᠨ ᠬᠤᠲᠠᠨ | ᠤ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠭᠠᠵᠠᠷ ᠲᠤᠤᠷᠠᠬᠢ ᠤᠰᠤᠨ ᠤ | ᠬᠠᠮᠠᠭᠠᠯᠠᠯᠠᠳᠡ ᠪᠠ ᠬᠠᠮᠢᠶᠠᠷᠤᠯᠳᠠ ᠶᠢᠨ ᠠᠵᠢᠯ ᠶᠢ ᠵᠢᠯᠤᠭᠤᠳᠤᠨ ᠬᠢᠨᠠᠨ᠎ᠠ᠃ ᠬᠤᠰᠢᠭᠤ ᠤ ᠠᠷᠠᠳ ᠤᠨ ᠵᠠᠰᠠᠭ ᠤᠨ | ᠤᠷᠳᠤᠨ ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠭᠠᠵᠠᠷ ᠲᠤᠤᠷᠠᠬᠢ ᠤᠰᠤᠨ ᠤ ᠬᠠᠮᠠᠭᠠᠯᠠᠯᠠᠳᠡ ᠪᠠ | ᠬᠠᠮᠢᠶᠠᠷᠤᠯᠳᠠ ᠶᠢᠨ ᠠᠵᠢᠯ ᠢ ᠪᠤᠳᠠᠳᠠᠢ ᠬᠠᠷᠢᠭᠤᠴᠠᠨ᠎ᠠ᠃ | 2. ᠤᠰᠤᠨ ᠤ ᠶᠠᠪᠤᠳᠠᠯ ᠢ ᠭᠤᠤᠯ ᠬᠠᠮᠢᠶᠠᠷᠬᠤ ᠪᠠᠶᠢᠭᠤᠯᠭ᠎ᠠ᠄ ᠬᠤᠰᠢᠭᠤ ᠠᠴᠠ ᠳᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠤᠰᠤᠨ ᠤ ᠶᠠᠪᠤᠳᠠᠯ ᠢ ᠭᠤᠤᠯ ᠬᠠᠮᠢᠶᠠᠷᠬᠤ ᠪᠠᠶᠢᠭᠤᠯᠭ᠎ᠠ ᠬᠠᠮᠢᠶᠠᠷᠤᠯᠳᠠ ᠶᠢᠨ ᠡᠷᠭᠡ ᠮᠡᠳᠡᠯ | ᠤᠨ ᠬᠡᠪᠴᠢᠶ᠎ᠡ ᠪᠠᠷ ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠭᠠᠵᠠᠷ ᠲᠤᠤᠷᠠᠬᠢ ᠤᠰᠤ ᠶᠢ ᠨᠢᠭᠡᠳᠦᠯᠳᠡᠢ ᠬᠢᠨᠠᠨ | ᠬᠠᠮᠢᠶᠠᠷᠬᠤ ᠠᠵᠢᠯ ᠢ ᠬᠠᠷᠢᠭᠤᠴᠠᠨ᠎ᠠ᠃ | 3. ᠠᠮᠢ ᠠᠬᠤᠢ ᠤᠷᠴᠢᠨ ᠲᠤᠭᠤᠷᠢᠨ ᠤ ᠪᠠᠶᠢᠭᠤᠯᠭ᠎ᠠ᠄ ᠦᠪᠡᠷᠳᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ᠂ ᠠᠶᠢᠮᠠᠭ ᠤᠨ ᠵᠠᠰᠠᠭ ᠵᠠᠬᠢᠷᠭᠠᠨ ᠤ ᠭᠠᠵᠠᠷ ᠪᠠ ᠲᠤᠭᠤᠷᠢᠭ ᠪᠠᠶᠢᠭᠤᠯᠤᠭᠰᠠᠨ ᠬᠤᠲᠠᠨ ᠶᠢᠨ | ᠠᠷᠠᠳ ᠤᠨ ᠵᠠᠰᠠᠭ ᠤᠨ ᠤᠷᠳᠤᠨ ᠤ ᠠᠮᠢ ᠠᠬᠤᠢ ᠤᠷᠴᠢᠨ ᠲᠤᠭᠤᠷᠢᠨ ᠢ ᠭᠤᠤᠯ ᠬᠠᠮᠢᠶᠠᠷᠬᠤ ᠪᠠᠶᠢᠭᠤᠯᠭ᠎ᠠ ᠨᠢ | ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠭᠠᠵᠠᠷ ᠲᠤᠤᠷᠠᠬᠢ ᠤᠰᠤᠨ ᠤ ᠪᠤᠬᠢᠷᠳᠤᠯ ᠢ ᠰᠡᠷᠭᠡᠶᠢᠯᠡᠭᠦ ᠬᠢᠨᠠᠨ | ᠬᠠᠮᠢᠶᠠᠷᠬᠤ ᠠᠵᠢᠯ ᠢ ᠬᠠᠷᠢᠭᠤᠴᠠᠨ᠎ᠠ᠃ | 4. ᠪᠤᠰᠤᠳ ᠪᠠᠶᠢᠭᠤᠯᠭ᠎ᠠ᠄ ᠬᠦᠭᠵᠢᠯᠳᠡ ᠪᠠ ᠦᠭᠡᠷᠡᠴᠢᠯᠡᠯᠳᠡ᠂ ᠪᠠᠶᠢᠭᠠᠯᠢ ᠶᠢᠨ ᠡᠬᠢ ᠪᠠᠶᠠᠯᠢᠭ᠂ | ᠲᠡᠷᠢᠶᠠᠯᠠᠩ ᠮᠠᠯᠵᠢᠯ᠂ ᠤᠢ ᠰᠢᠭᠤᠢ ᠪᠠ ᠲᠠᠯ᠎ᠠ ᠨᠤᠲᠤᠭ᠂ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠳᠦᠭᠡᠨ | ᠪᠠᠶᠢᠭᠤᠯᠤᠯᠳᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠲᠤᠰᠢᠶᠠᠯ | ᠬᠠᠷᠢᠭᠤᠴᠠᠯᠭ᠎ᠠ ᠶᠢᠨ ᠬᠤᠪᠢᠶᠠᠷᠢ ᠪᠠᠷ ᠢᠶᠠᠨ ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠭᠠᠵᠠᠷ ᠲᠤᠤᠷᠠᠬᠢ | ᠤᠰᠤᠨᠤ ᠬᠠᠮᠠᠭᠠᠯᠠᠯᠠᠳᠡ ᠪᠠ ᠬᠠᠮᠢᠶᠠᠷᠤᠯᠳᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ︽ᠲᠦᠷᠢᠮ︾ ᠨᠢ ᠲᠠᠷᠢᠶᠠᠯᠠᠩ ᠤᠨ ᠭᠠᠵᠠᠷ ᠲᠤᠤᠷᠠᠬᠢ ᠤᠰᠤᠨ ᠤ ᠬᠡᠷᠡᠭᠯᠡᠯᠳᠡ ᠶᠢ ᠬᠡᠷᠬᠢᠨ ᠲᠤᠭᠳᠠᠭᠠᠭᠰᠠᠨ | ᠪᠤᠢ︖ | 1.ᠭᠠᠵᠠᠷ ᠳᠤᠤᠷᠠᠬᠢ ᠤᠰᠤ ᠶᠢ ᠬᠡᠷᠡᠭᠯᠡᠨ ᠲᠠᠷᠢᠶᠠᠯᠠᠩ ᠤᠰᠤᠯᠠᠬᠤ ᠶᠢ ᠴᠢᠩᠭ᠎ᠠ ᠪᠠᠷ ᠬᠠᠮᠢᠶᠠᠷᠣᠨ᠎ᠠ᠃ | 2.ᠳᠤᠰᠤᠵᠢᠭᠤᠯᠣᠨ ᠤᠰᠤᠯᠠᠬᠤ᠂ ᠰᠦᠷᠴᠢᠨ ᠤᠰᠤᠯᠠᠬᠤ ᠵᠡᠷᠭᠡ ᠦᠨᠳᠦᠷ ᠪᠦᠳᠦᠮᠵᠢᠲᠤ ᠤᠰᠤ ᠠᠷᠪᠢᠯᠠᠬᠤ | ᠮᠡᠷᠭᠡᠵᠢᠯ ᠢ ᠬᠡᠷᠡᠭᠯᠡᠪᠡᠯ ᠵᠤᠬᠢᠨ᠎ᠠ᠃ | 3.ᠲᠠᠷᠢᠶᠠᠯᠠᠩ ᠮᠠᠯᠵᠢᠯ ᠤᠨ ᠦᠢᠯᠡᠰ ᠭᠠᠵᠠᠷ ᠲᠤᠤᠷᠠᠬᠢ ᠤᠰᠤ ᠶᠢ | ᠬᠡᠷᠡᠭᠯᠡᠬᠦ ᠳᠤ᠂ ᠤᠰᠤ ᠬᠡᠷᠡᠭᠯᠡᠬᠦ ᠡᠲᠡᠭᠡᠳ ᠬᠠᠦᠯᠢ ᠶᠤᠰᠤᠭᠠᠷ ᠤᠰᠤ ᠠᠪᠬᠤ ᠵᠦᠪᠰᠢᠶᠡᠷᠡᠯ ᠤᠨ ᠦᠨᠡᠮᠡᠯ ᠢ | ᠭᠤᠶᠤᠴᠢᠯᠠᠨ ᠠᠪᠤᠨ᠎ᠠ᠃ | 4.ᠭᠠᠵᠠᠷ ᠲᠤᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠪᠡᠨ | ᠳᠡᠰ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠵᠢᠨᠢ | ᠲᠤᠳᠤᠷᠬᠠᠶᠢᠯᠠᠨ᠎ᠠ᠃ ᠵᠠᠬᠢᠷᠭᠠᠨ ᠤ ᠬᠠᠷᠢᠶᠠᠨ ᠳᠠᠬᠢ ᠲᠠᠷᠢᠶᠠᠯᠠᠩ ᠤᠨ ᠴᠠᠬᠢᠯᠭᠠᠨ ᠬᠤᠳᠳᠤᠭ ᠢ ᠲᠤᠤᠷᠵᠢᠭᠤᠯᠤᠨ | ᠬᠠᠮᠢᠶᠠᠷᠤᠨ᠎ᠠ᠃ | 5.ᠲᠠᠷᠢᠶᠠᠯᠠᠩ ᠮᠠᠯᠵᠢᠯ ᠤᠨ ᠦᠢᠯᠡᠰ ᠭᠠᠵᠠᠷ ᠲᠤᠤᠷᠠᠬᠢ ᠤᠰᠤ ᠶᠢ ᠬᠡᠷᠡᠭᠯᠡᠬᠦ ᠳᠤ ᠲᠡᠮᠳᠡᠭᠯᠡᠨ ᠬᠡᠮᠵᠢᠬᠦ | ᠨᠦᠭᠦᠴᠡᠯ ᠪᠦᠷᠢᠯᠳᠦᠭᠰᠡᠨ ᠦᠭᠡᠢ ᠪᠤᠯ᠂ ᠴᠠᠬᠢᠯᠭᠠᠨ ᠬᠡᠷᠡᠭᠯᠡᠭᠰᠡᠨ ᠬᠡᠮᠵᠢᠶ᠎ᠡ ᠪᠠᠷ ᠤᠰᠤ ᠶᠢ ᠨᠤᠭᠤᠯᠤᠨ ᠪᠤᠳᠤᠬᠤ᠂ | ᠴᠠᠬᠢᠯᠭᠠᠨ ᠬᠡᠷᠡᠭᠯᠡᠬᠦ ᠪᠠᠷ ᠤᠰᠤ ᠬᠡᠷᠡᠭᠯᠡᠬᠦ ᠶᠢ ᠡᠵᠡᠮᠳᠡᠬᠦ ᠠᠷᠭ᠎ᠠ ᠪᠠᠷ ᠤᠰᠤᠨ ᠤ ᠬᠡᠷᠡᠭᠯᠡᠯᠳᠡ ᠶᠢ ᠬᠠᠮᠢᠶᠠᠷᠦᠨ᠎ᠠ᠃ | ᠬᠢᠨᠠᠨ ᠵᠦᠪᠰᠢᠶᠡᠷᠡᠬᠦ ᠪᠠᠶᠢᠭᠤᠯᠭ᠎ᠠ ᠤᠰᠤ ᠠᠪᠬᠤ ᠭᠤᠶᠤᠴᠢᠯᠠᠯᠳᠠ ᠶᠢ ᠵᠦᠪᠰᠢᠶᠡᠷᠡᠭᠰᠡᠨ ᠦᠭᠡᠢ ᠪᠤᠯ᠂ ᠴᠠᠬᠢᠯᠭᠠᠨ | ᠬᠠᠩᠭᠠᠬᠤ ᠪᠠᠶᠢᠭᠤᠯᠭ᠎ᠠ ᠴᠠᠬᠢᠯᠭᠠᠨ ᠬᠠᠩᠭᠠᠵᠤ ᠪᠤᠯᠬᠤ ᠦᠭᠡᠢ᠃ | ︽ᠲᠦᠷᠢᠮ︾ ᠨᠢ ᠠᠵᠤ ᠦᠢᠯᠡᠰ᠂ ᠦᠢᠯᠡᠴᠢᠯᠡᠭᠡᠨ ᠤ ᠦᠢᠯᠡᠰ ᠤᠨ ᠭᠠᠵᠠᠷ ᠲᠤᠤᠷᠠᠬᠢ ᠤᠰᠤᠨ ᠤ | ᠬᠡᠷᠡᠭᠯᠡᠯᠳᠡ ᠶᠢ ᠬᠡᠷᠬᠢᠨ ᠲᠤᠭᠳᠠᠭᠠᠭᠰᠠᠨ ᠪᠤᠢ︖ | 1. ᠰᠢᠨ᠎ᠡ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠠᠵᠤ ᠦᠢᠯᠡᠰ᠂ | ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ ᠤᠨ ᠤᠰᠤ ᠬᠡᠷᠡᠭᠯᠡᠬᠦ ᠬᠢᠷᠢ ᠬᠡᠮᠵᠢᠶ᠎ᠡ ᠨᠢ ᠤᠯᠤᠰ ᠤᠨ ᠪᠤᠶᠤ | ᠦᠪᠡᠷᠳᠡᠭᠡᠨ ᠵᠠᠰᠠᠬᠤ ᠤᠷᠤᠨ ᠤ ᠠᠵᠢᠯ ᠲᠦᠷᠦᠯ ᠤᠨ ᠤᠰᠤ ᠬᠡᠷᠡᠭᠯᠡᠬᠦ ᠲᠤᠭᠳᠠᠭᠰᠠᠨ ᠬᠡᠮᠵᠢᠶᠠᠨ ᠤ ᠲᠡᠷᠢᠭᠦᠨ ᠤ | ᠬᠡᠮᠵᠢᠭᠳᠡᠯ ᠠᠴᠠ ᠲᠤᠤᠷ᠎ᠠ ᠪᠠᠶᠢᠵᠤ ᠪᠤᠯᠬᠤ ᠦᠭᠡᠢ᠃ ᠲᠡᠷᠢᠭᠦᠨ ᠤ ᠬᠡᠮᠵᠢᠭᠳᠡᠯ ᠲᠤᠭᠲᠠᠭ᠎ᠠ ᠦᠭᠡᠢ ᠪᠤᠯ᠂ ᠤᠰᠤ | ᠬᠡᠷᠡᠭᠯᠡᠬᠦ ᠨᠡᠶᠢᠳᠡᠮᠴᠢᠯᠡᠭᠰᠡᠨ ᠬᠡᠮᠵᠢᠶᠠᠨ ᠠᠴᠠ ᠲᠣᠣᠷ᠎ᠠ ᠪᠠᠶᠢᠵᠤ ᠪᠤᠯᠬᠤ ᠦᠭᠡᠢ᠃ ᠤᠰᠤ ᠬᠡᠷᠡᠭᠯᠡᠬᠦ ᠬᠢᠷᠢ ᠬᠡᠮᠵᠢᠶ᠎ᠡ | ᠨᠢ ᠤᠰᠤ ᠬᠡᠷᠡᠭᠯᠡᠬᠦ ᠨᠡᠶᠢᠳᠡᠮᠴᠢᠯᠡᠭᠰᠡᠨ ᠬᠡᠮᠵᠢᠶᠠᠨ ᠠᠴᠠ ᠲᠣᠣᠷ᠎ᠠ ᠠᠵᠤ ᠦᠢᠯᠡᠰ᠂ ᠦᠢᠯᠡᠴᠢᠯᠡᠭᠡᠨ ᠤ ᠦᠢᠯᠡᠰ ᠤᠨ | ᠠᠵᠤ ᠠᠬᠤᠶᠢᠯᠠᠯ ᠨᠢ ᠬᠢᠵᠠᠭᠠᠷᠳᠠᠢ ᠬᠤᠭᠤᠴᠠᠭᠠᠨ ᠳᠤᠳᠤᠷ᠎ᠠ ᠤᠰᠤ ᠠᠷᠪᠢᠯᠠᠬᠤ ᠦᠭᠡᠷᠡᠴᠢᠯᠡᠯᠡᠳᠡ ᠶᠢ | ᠬᠡᠷᠡᠭᠵᠢᠭᠦᠯᠪᠡᠯ ᠵᠤᠬᠢᠨ᠎ᠠ᠃ | 2. ᠬᠤᠳᠠ ᠶᠢᠨ ᠨᠤᠭᠤᠷᠠᠭᠤᠯᠳᠠ ᠨᠢ ᠬᠠᠮᠤᠭ ᠤᠨ ᠲᠡᠷᠢᠭᠦᠨ ᠳᠤ ᠳᠠᠬᠢᠨ ᠡᠭᠦᠰᠦᠭᠰᠡᠨ ᠤᠰᠤ ᠶᠢ | ᠬᠡᠷᠡᠭᠯᠡᠨ᠎ᠡ᠃ ᠭᠠᠵᠠᠷ ᠲᠤᠤᠷᠠᠬᠢ ᠤᠰᠤ ᠶᠢ ᠬᠡᠷᠡᠭᠯᠡᠨ ᠬᠤᠳᠠ ᠶᠢᠨ ᠤᠰᠤᠨ ᠦᠵᠡᠮᠵᠢ᠂ ᠤᠰᠤᠨ ᠳᠡᠭᠡᠷᠡᠬᠢ ᠵᠤᠭ᠎ᠠ | ᠴᠡᠩᠭᠡᠯ ᠤᠨ ᠲᠦᠷᠦᠯ ᠵᠦᠢᠯ ᠪᠠ ᠬᠦᠮᠦᠨ ᠤ ᠬᠦᠴᠦ ᠪᠠᠷ ᠴᠠᠰᠤ ᠵᠣᠬᠢᠶᠠᠬᠤ ᠶᠢ ᠡᠷᠡᠰ ᠬᠤᠷᠢᠭᠯᠠᠨ᠎ᠠ᠃ | 3. ᠤᠰᠤ ᠶᠡᠬᠡᠪᠡᠷ ᠬᠡᠷᠡᠭᠰᠡᠭᠦ ᠲᠦᠷᠦᠯ ᠵᠦᠢᠯ ᠨᠢ ᠭᠠᠵᠠᠷ ᠲᠤᠤᠷᠠᠬᠢ ᠤᠰᠤ ᠶᠢ ᠬᠡᠷᠡᠭᠯᠡᠬᠦ ᠶᠢ ᠬᠤᠷᠢᠭᠯᠠᠨ᠎ᠠ᠃ | | 4. ᠤᠰᠤᠨ ᠤ ᠴᠢᠨᠠᠷ ᠲᠤ ᠤᠨᠴᠠᠭᠠᠢ ᠱᠠᠭᠠᠷᠳᠠᠯᠭ᠎ᠠ ᠲᠠᠢ ᠢᠳᠡᠭᠡᠨ ᠤᠮᠳᠠᠭᠠᠨ᠂ ᠡᠮ ᠡᠮᠨᠡᠯᠭᠡ ᠵᠡᠷᠭᠡ ᠠᠵᠤ | ᠦᠢᠯᠡᠰ ᠤᠨ ᠲᠦᠷᠦᠯ ᠵᠦᠢᠯ ᠪᠤᠶᠤ ᠪᠤᠰᠤᠳ ᠤᠰᠤᠨ ᠤ ᠰᠤᠷᠪᠤᠯᠵᠢ ᠶᠢᠨ ᠤᠰᠤ ᠬᠠᠩᠭᠠᠬᠤ ᠨᠦᠭᠦᠴᠡᠯ | ᠬᠦᠷᠦᠯᠴᠡᠬᠦ ᠦᠭᠡᠢ ᠠᠵᠤ ᠦᠢᠯᠡᠰ ᠤᠨ ᠲᠦᠷᠦᠯ ᠵᠦᠢᠯ᠂ ᠭᠠᠵᠠᠷ ᠳᠤᠤᠷᠠᠬᠢ ᠤᠰᠤ ᠶᠢ ᠬᠡᠷᠡᠭᠯᠡᠬᠦ ᠶᠡᠷᠦᠩᠭᠡᠢ | ᠬᠡᠮᠵᠢᠶ᠎ᠡ ᠪᠠ ᠤᠰᠤᠨ ᠤ ᠲᠦᠪᠰᠢᠨᠢ ᠡᠵᠡᠮᠰᠢᠬᠦ ᠱᠠᠭᠠᠷᠳᠠᠯᠭ᠎ᠠ ᠳᠤ ᠨᠠᠶᠢᠴᠠᠪᠡᠯ᠂ ᠬᠠᠦᠯᠢ ᠶᠤᠰᠤᠭᠠᠷ ᠭᠠᠵᠠᠷ | ᠲᠤᠤᠷᠠᠬᠢ ᠤᠰᠤ ᠶᠢ ᠬᠡᠷᠭᠯᠡᠵᠤ ᠪᠤᠯᠤᠨ᠎ᠠ᠃ | 5. ᠠᠭᠤᠷᠬᠠᠢ ᠮᠠᠯᠳᠠᠬᠤ ᠪᠠᠶᠢᠭᠤᠯᠭ᠎ᠠ ᠪᠠ ᠭᠠᠵᠠᠷ ᠳᠤᠤᠷᠠᠬᠢ ᠢᠨᠵᠧᠨᠧᠷᠢᠩ ᠢ ᠪᠦᠳᠦᠭᠡᠨ ᠪᠠᠶᠢᠭᠤᠯᠬᠤ | ᠪᠠᠶᠢᠭᠤᠯᠭ᠎ᠠ ᠨᠢ ᠪᠦᠲᠦᠮᠵᠢᠲᠦ ᠠᠷᠭ᠎ᠠ ᠪᠠᠷᠢᠯ ᠢᠶᠠᠷ ᠬᠠᠭᠤᠷᠠᠶᠢᠯᠠᠨ ᠤᠰᠤ ᠭᠠᠳᠠᠭᠰᠢᠯᠠᠭᠤᠯᠬᠤ ᠬᠡᠮᠵᠢᠶ᠎ᠡ ᠪᠠᠨ | ᠪᠠᠭᠠᠰᠬᠠᠵᠤ᠂ ᠬᠠᠭᠤᠷᠠᠶᠢᠯᠠᠨ ᠭᠠᠳᠠᠭᠰᠢᠯᠠᠭᠤᠯᠤᠭᠰᠠᠨ ᠤᠰᠤ ᠶᠢ ᠤᠷᠢᠳᠴᠢᠯᠡᠨ ᠦᠢᠯᠡᠳᠪᠦᠷᠢᠯᠡᠯ ᠳᠡᠭᠡᠨ ᠬᠡᠷᠡᠭᠯᠡᠵᠤ᠂ | ᠠᠰᠢᠭᠯᠠᠵᠤ ᠪᠤᠯᠬᠤ | ᠦᠭᠡᠢ ᠶᠢ ᠨᠢ ᠪᠠᠷᠢᠮᠵᠢᠶᠠᠨ ᠳᠤ ᠨᠡᠶᠢᠴᠡᠭᠦᠯᠦᠨ ᠭᠠᠳᠠᠭᠰᠢᠯᠠᠭᠤᠯᠤᠨ᠎ᠠ᠃ | ︽ᠲᠦᠷᠢᠮ︾ ᠨᠢ ᠬᠡᠷᠬᠢᠨ ᠠᠵᠤ ᠠᠬᠤᠢ ᠶᠢᠨ ᠠᠷᠭ᠎ᠠ ᠠᠪᠴᠢᠯ ᠢᠶᠠᠷ ᠭᠠᠵᠠᠷ ᠲᠤᠤᠷᠠᠬᠢ ᠤᠰᠤ ᠶᠢ | ᠬᠠᠮᠢᠶᠠᠷᠤᠨ ᠬᠠᠮᠭᠠᠯᠠᠭᠰᠠᠨ ᠪᠤᠢ︖ | 1. ᠤᠰᠤᠨ ᠤ ᠡᠬᠢ ᠪᠠᠶᠠᠯᠢᠭ ᠤᠨ ᠭᠠᠶᠢᠯᠢ᠄ ᠦᠪᠡᠷᠳᠡᠭᠡᠨ ᠵᠠᠰᠠᠬᠤ ᠤᠷᠤᠨ ᠨᠢ ᠲᠦᠯᠦᠪᠯᠡᠭᠡ ᠠᠴᠠ | ᠬᠡᠳᠦᠷᠡᠬᠦ᠂ ᠲᠤᠭᠳᠠᠭᠰᠠᠨ ᠬᠡᠮᠵᠢᠶ᠎ᠡ ᠠᠴᠠ ᠬᠡᠲᠦᠷᠡᠪᠡᠯ ᠬᠤᠷᠢᠶᠠᠨ ᠨᠡᠮᠡᠬᠦ ᠤᠰᠤᠨ ᠤ ᠡᠬᠢ ᠪᠠᠶᠠᠯᠢᠭ ᠤᠨ ᠭᠠᠶᠢᠯᠢ | ᠬᠤᠷᠢᠶᠠᠬᠤ ᠲᠦᠷᠢᠮ ᠢ ᠬᠡᠷᠡᠭᠵᠢᠭᠦᠯᠳᠡᠭ᠃ | ︵1︶ ᠭᠠᠵᠠᠷ ᠲᠤᠤᠷᠠᠬᠢ ᠤᠰᠤᠨ ᠤ ᠤᠰᠤᠨ ᠤ ᠡᠬᠢ ᠪᠠᠶᠠᠯᠢᠭ ᠤᠨ ᠭᠠᠶᠢᠯᠢ ᠬᠤᠷᠢᠶᠠᠬᠤ ᠪᠠᠷᠢᠮᠵᠢᠶ᠎ᠠ ᠨᠢ | ᠭᠠᠵᠠᠷ ᠳᠡᠭᠡᠷᠡᠬᠢ ᠤᠰᠤᠨ ᠤ ᠪᠠᠷᠢᠮᠵᠢᠶ᠎ᠠ ᠠᠴᠠ ᠦᠨᠳᠦᠷ ᠪᠠᠶᠢᠪᠠᠯ ᠵᠤᠬᠢᠨ᠎ᠠ᠃ | ︵2︶ ᠭᠠᠵᠠᠷ ᠲᠤᠤᠷᠠᠬᠢ ᠤᠰᠤᠨ ᠤ ᠬᠡᠲᠤ ᠮᠠᠯᠳᠠᠯᠳᠡ ᠶᠢᠨ ᠤᠷᠤᠨ ᠤ ᠤᠰᠤᠨ ᠤ ᠡᠬᠢ ᠪᠠᠶᠠᠯᠢᠭ ᠤᠨ | ᠭᠠᠶᠢᠯᠢ ᠬᠤᠷᠢᠶᠠᠬᠤ ᠪᠠᠷᠢᠮᠵᠢᠶ᠎ᠠ ᠨᠢ ᠬᠡᠲᠤ ᠮᠠᠯᠳᠠᠭᠠ ᠦᠭᠡᠢ ᠤᠷᠤᠨ ᠤ ᠪᠠᠷᠢᠮᠵᠢᠶ᠎ᠠ ᠠᠴᠠ ᠦᠨᠳᠦᠷ ᠪᠠᠶᠢᠪᠠᠯ | ᠵᠤᠬᠢᠨ᠎ᠠ᠃ | ︵3︶ ᠭᠠᠵᠠᠷ ᠲᠤᠤᠷᠠᠬᠢ ᠤᠰᠤ ᠶᠢ ᠬᠡᠲᠤ ᠰᠦᠷᠡᠬᠡᠢ ᠮᠠᠯᠲᠠᠭᠰᠠᠨ ᠤᠷᠤᠨ ᠤ ᠤᠰᠤᠨ ᠤ ᠡᠬᠢ ᠪᠠᠶᠠᠯᠢᠭ | ᠤᠨ ᠭᠠᠶᠢᠯᠢ ᠬᠤᠷᠢᠶᠠᠬᠤ ᠪᠠᠷᠢᠮᠵᠢᠶ᠎ᠠ ᠨᠢ ᠬᠡᠲᠤ ᠮᠠᠯᠳᠠᠭᠠ ᠦᠭᠡᠢ ᠤᠷᠤᠨ ᠤ ᠪᠠᠷᠢᠮᠵᠢᠶ᠎ᠠ ᠠᠴᠠ ᠶᠡᠭᠡ ᠬᠡᠮᠵᠢᠶ᠎ᠡ ᠪᠠᠷ | ᠦᠨᠳᠦᠷ ᠪᠠᠶᠢᠪᠠᠯ ᠵᠤᠬᠢᠨ᠎ᠠ᠃ | 2. ᠤᠰᠤᠨ ᠤ ᠦᠨ᠎ᠡ᠄ ᠤᠰᠤ ᠬᠠᠩᠭᠠᠬᠤ ᠢᠨᠵᠧᠨᠧᠷᠢᠩ ᠤᠨ ᠬᠠᠩᠭᠠᠭᠰᠠᠨ ᠤᠰᠤ ᠶᠢ ᠬᠡᠷᠡᠭᠯᠡᠪᠡᠯ᠂ ᠤᠰᠤ | ᠬᠠᠩᠭᠠᠭᠰᠠᠨ ᠪᠠᠶᠢᠭᠤᠯᠭ᠎ᠠ ᠳᠤ ᠤᠰᠤᠨ ᠤ ᠰᠦᠢᠳᠭᠡᠯ ᠲᠤᠰᠢᠶᠠᠪᠠᠯ ᠵᠤᠬᠢᠨ᠎ᠠ᠃ ᠰᠠᠭᠤᠭᠠᠯᠢ ᠠᠷᠠᠳ ᠠᠮᠢᠳᠤᠷᠠᠯ ᠤᠨ | ᠤᠰᠤ ᠬᠡᠷᠡᠭᠯᠡᠬᠦ ᠳᠤ ᠱᠠᠳᠣᠯᠢᠭ ᠤᠰᠤᠨ ᠤ ᠦᠨ᠎ᠡ ᠶᠢᠨ ᠲᠦᠷᠢᠮ ᠢ ᠬᠡᠷᠡᠭᠵᠢᠭᠦᠯᠦᠨ᠎ᠡ︔ ᠰᠠᠭᠤᠭᠠᠯᠢ ᠠᠷᠠᠳ | ᠠᠮᠢᠳᠤᠷᠠᠯ ᠤᠨ ᠪᠤᠰᠤ ᠤᠰᠤ ᠬᠡᠷᠡᠭᠯᠡᠬᠦ ᠳᠤ ᠲᠦᠯᠦᠪᠯᠡᠭᠡ ᠠᠴᠠ ᠬᠡᠳᠦᠷᠡᠬᠦ᠂ ᠲᠤᠭᠳᠠᠭᠰᠠᠨ ᠬᠡᠮᠵᠢᠶ᠎ᠡ ᠠᠴᠠ | ᠬᠡᠲᠦᠷᠡᠪᠡᠯ ᠦᠨ᠎ᠡ ᠦᠰᠭᠡᠬᠦ ᠲᠦᠷᠢᠮ ᠢ ᠬᠡᠷᠡᠭᠵᠢᠭᠦᠯᠦᠨ᠎ᠡ᠃ | | |